ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 《ᠤᠷᠢ ᠵᠠᠯᠠᠭᠤ ᠷᠠᠳᠢᠣ᠋ ᠲᠧᠯᠸᠢᠰ᠎ᠨᠢ ᠣᠮᠠᠷᠠᠲᠤ ᠬᠢᠯᠢ ᠵᠢ ᠭᠡᠢ᠌ᠭᠦᠯᠬᠦ》 ᠠᠯᠪᠠᠨ ᠵᠢᠷᠤᠮ᠎ᠤᠨ ᠮᠣᠳᠣ ᠳᠠᠷᠢᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ
2025-04-17

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ 4  ᠳ᠋ᠦ᠍ᠭᠡᠷ  ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠵᠢᠨ 70 ᠭᠠᠷᠤᠢ ᠨᠠᠮ᠎ᠤᠨ ᠭᠡᠰᠢᠭᠦᠨ ᠺᠠᠳ᠋ᠷ ᠵᠢᠴᠢ ᠵᠠᠯᠠᠭᠤ ᠰᠠᠶ᠋ᠢᠨ  ᠳᠣᠷᠠᠴᠣᠳ  ᠬᠤᠲᠣᠩ ᠠᠷᠠᠳ᠎ᠤᠨ ᠲᠣᠭᠤᠷᠢᠭ᠎ᠤᠨ ᠳ᠋ᠤᠸᠠᠨ ᠵᠢᠶᠠ ᠶᠣᠣ ᠲᠣᠰᠬᠤᠨ᠎ᠳᠤ ᠬᠦᠷᠴᠦ 《  ᠤᠷᠢ ᠵᠠᠯᠠᠭᠤ  ᠷᠠᠳᠢᠤ᠋ ᠲᠧᠯᠸᠢᠰ᠎ᠨᠢ ᠣᠮᠠᠷᠠᠲᠤ ᠬᠢᠯᠢ ᠵᠢ ᠭᠡᠢ᠌ᠭᠦᠯᠬᠦ 》 ᠠᠯᠪᠠᠨ ᠵᠢᠷᠤᠮ᠎ᠤᠨ ᠮᠣᠳᠣ ᠲᠠᠷᠢᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ  ᠥᠷᠨᠢᠭᠦᠯᠪᠡ᠃

      ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠰᠠᠶ᠋ᠢᠨ  ᠳᠣᠷᠠᠴᠣᠳ  ᠣᠷᠭᠢᠯᠤᠮ᠎ᠠ ᠬᠠᠯᠠᠭᠤᠨ ᠰᠡᠳᠬᠢᠯᠭᠡ ᠎ᠲᠠᠢ  ᠡᠷᠴᠢ ᠵᠣᠷᠢᠭ ᠲᠡᠭᠦᠯᠳᠡᠷ ᠪᠠᠶ᠋ᠢᠯ᠎ᠠ᠃  ᠨᠦᠬᠡ  ᠮᠠᠯᠲᠠᠵᠤ  ᠴᠢᠬᠢ ᠵᠠᠢ᠌ᠯᠠᠬᠤ ᠂ ᠰᠢᠷᠣᠢ  ᠪᠣᠰᠬᠠᠵᠤ  ᠬᠠᠰᠢᠯᠭ᠎ᠠ ᠬᠦᠷᠢᠶᠡᠯᠡᠵᠦ᠂ ᠤᠰᠤ  ᠳᠡᠭᠦᠵᠢᠯᠡᠵᠦ  ᠤᠰᠤᠯᠠᠵᠤ᠂ ᠮᠣᠳᠣ ᠲᠠᠷᠢᠬᠤ ᠲᠤᠷᠰᠢᠯᠭ᠎ᠠ᠎ᠲᠠᠢ ᠠᠵᠢᠯᠲᠠᠨ ᠠᠵᠢᠯᠴᠢᠨ  ᠪᠡᠶ᠎ᠡ᠎ᠪᠠᠷ ᠵᠶ᠋ᠡᠨ  ᠰᠢᠨ᠎ᠡ ᠬᠥᠮᠦᠨ᠎ᠳᠤ 《ᠭᠤᠷᠪᠠ ᠪᠤᠯᠠᠵᠤ ᠬᠤᠶᠠᠷ ᠭᠢᠰᠬᠢᠬᠦ》 ᠮᠣᠳᠣ ᠲᠠᠷᠢᠬᠤ  ᠠᠷᠭ᠎ᠠ ᠳᠡᠮ᠎ᠢ  ᠵᠢᠭ᠋ᠠᠵᠤ᠂ ᠬᠠᠮᠤᠭ ᠡᠴᠦᠰ᠎ᠲᠤ  ᠴᠢᠬᠢ  ᠮᠣᠳᠣᠨ᠎ᠤ ᠦᠨᠳᠦᠰᠦ ᠵᠢᠨ ᠬᠡᠰᠡᠭ᠎ᠲᠤ ᠲᠣᠩᠭᠣᠷᠣᠣ ᠭᠣᠭᠣᠵᠢᠭᠣᠷ  ᠬᠡᠯᠪᠡᠷᠢ ᠵᠢᠨ ᠬᠠᠰᠢᠯᠭ᠎ᠠ ᠪᠠᠶ᠋ᠢᠭᠤᠯᠵᠤ᠂ ᠴᠢᠬᠢ  ᠮᠤᠳᠣ  ᠨᠢᠭᠡᠪᠦᠷᠢ ᠵᠢ ᠵᠢᠷᠤᠮᠵᠢᠭᠤᠯᠤᠨ ᠲᠠᠷᠢᠭᠰᠠᠨ ᠪᠠᠶ᠋ᠢᠨ᠎ᠠ᠃ ᠨᠢᠭᠡ ᠦᠳᠡ ᠵᠢᠨ ᠡᠮᠦᠨ᠎ᠡ ᠡᠷᠡᠯᠬᠡᠭᠯᠡᠨ  ᠭᠠᠪᠰᠢᠭ᠋ᠠᠢ᠌ᠯᠠᠬᠤ᠎ᠪᠠᠷ ᠳᠠᠮᠵᠢᠨ᠂ 100 ᠭᠠᠷᠤᠢ ᠰᠠᠭᠤᠷᠢ ᠰᠢᠨ᠎ᠡ᠎ᠪᠠᠷ ᠲᠠᠷᠢᠭᠰᠠᠨ ᠴᠢᠬᠢ ᠮᠣᠳᠣ᠎ᠨᠢ ᠡᠵᠡᠭᠦᠢ ᠪᠡᠯ᠎ᠳᠤ ᠵᠢᠭᠳᠡᠷᠡᠨ ᠵᠢᠭᠰᠠᠵᠤ ᠂ ᠬᠠᠪᠤᠷ᠎ᠤᠨ ᠤᠯᠠᠷᠢᠯ᠎ᠳᠤ ᠡᠬᠡ ᠭᠠᠵᠠᠷ᠎ᠲᠤ ᠠᠮᠢᠵᠢᠷᠠᠯ᠎ᠤᠨ ᠬᠦᠴᠦᠨ ᠨᠡᠮᠡᠷᠢᠯᠡᠪᠡ᠃

      ᠲᠣᠰ ᠤᠳᠠᠭ᠋ᠠᠨ᠎ᠤ ᠮᠣᠳᠣ ᠳᠠᠷᠢᠬᠤ ᠠᠵᠢᠯᠯᠠᠭ᠎ᠠ᠎ᠪᠠᠷ ᠳᠠᠮᠵᠢᠭᠤᠯᠤᠨ᠂ 《ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶ᠋ᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠷᠢᠭ ᠰᠠᠨᠠᠭ᠎ᠠ ᠵᠢ ᠦᠢ᠍ᠯᠡᠳᠦᠯᠭᠡ ᠵᠢᠨ ᠳᠤᠮᠳᠠ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ᠂ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠦᠵᠡᠯ ᠤᠬᠠᠮᠰᠠᠷ ᠵᠶ᠋ᠠᠨ ᠲᠠᠰᠤᠷᠠᠯᠲᠠ ᠥᠬᠡᠶ ᠴᠢᠩᠭ᠋ᠠᠷᠠᠭᠤᠯᠤᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠦᠢ᠍ᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ᠎ᠪᠠᠷ ᠴᠢᠷᠮᠠᠶ᠋ᠢᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠥᠲᠥᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠎ᠨᠢ ᠵᠠᠯᠭ᠋ᠠᠭ᠋ᠠᠳ  ᠡᠯᠪᠡᠭ ᠪᠠᠶᠠᠯᠢᠭ ᠠᠭᠤᠯᠭ᠎ᠠ᠎ᠲᠠᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠤᠣᠯ ᠰᠡᠳᠦᠪᠲᠦ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠡᠩ ᠤᠯᠠᠨ ᠬᠦᠴᠦᠨ᠎ᠢ ᠥᠷᠭᠡᠨ ᠵᠶ᠋ᠠᠷ ᠲᠠᠶ᠋ᠢᠴᠢᠯᠠᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠣᠷᠣᠯᠴᠠᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠭᠡᠬᠦ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠲᠤ  ᠪᠡᠬᠢ  ᠪᠤᠢ ᠪᠣᠯᠭ᠋ᠠᠵᠤ᠂ ᠳᠡᠷᠭᠡᠳᠡᠬᠢ ᠪᠠᠭ᠎ᠠ ᠶᠠᠪᠤᠳᠠᠯ᠎ᠠᠴᠠ ᠡᠬᠢᠯᠡᠨ ᠬᠢᠵᠦ᠂ ᠪᠣᠬᠢᠷᠲᠤᠯ ᠦᠭᠡᠢ ᠪᠠᠶ᠋ᠢᠬᠤ ᠵᠢ ᠴᠢᠨᠠᠷ ᠰᠠᠶ᠋ᠢᠲᠠᠢ ᠬᠥᠭᠵᠢᠯᠲᠡ ᠵᠢᠨ ᠢᠯᠡ ᠲᠣᠳᠣ ᠰᠠᠭᠤᠷᠢ ᠦᠩᠬᠡ ᠪᠣᠯᠭ᠋ᠠᠵᠤ᠂ ᠬᠥᠮᠦᠨ ᠪᠣᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠰᠢᠨ᠎ᠡ ᠬᠠᠭᠤᠳᠠᠰᠤ ᠵᠢ ᠬᠠᠮᠲᠤᠪᠠᠷ ᠪᠢᠴᠢᠭᠯᠡᠭᠦᠯᠦᠨ᠎ᠡ᠃

 

     (ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ