ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠭᠤᠷᠪᠠᠨ ᠨᠠᠮ᠎ᠤᠨ ᠡᠭᠦᠷ ᠬᠠᠮᠲᠤᠷᠠᠨ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
2025-05-12

      4  ᠳ᠋ᠦ᠍ᠭᠡᠷ  ᠰᠠᠷ᠎ᠠ ᠵᠢᠨ 28᠎ᠤ ᠡᠳᠦᠷ᠂ ᠠᠵᠢᠯᠳᠠᠨ᠎ᠤ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠂ ᠤᠯᠠᠭ᠋ᠠᠨᠬᠦᠦ ᠵᠢᠨ  ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠭᠡᠷ᠎ᠤᠨ ᠨᠠᠮ᠎ᠤᠨ ᠡᠭᠦᠷ ᠪᠣᠯᠤᠨ  ᠳᠠᠮᠵᠢᠭᠣᠯᠭ᠎ᠠ ᠰᠠᠴᠣᠷᠠᠭᠣᠯᠭ᠎ᠠ ᠵᠢᠨ ᠲᠥᠪ᠎ᠤᠨ 501  ᠲᠠᠪᠴᠠᠩ᠎ᠤᠨ  ᠨᠠᠮ᠎ᠤᠨ ᠡᠭᠦᠷ ᠬᠠᠮᠲᠤᠷᠠᠨ 《ᠲᠥᠪ ᠶᠣᠰᠣ ᠵᠢ ᠪᠠᠷᠢᠮᠲᠠᠯᠠᠨ ᠰᠢᠨ᠎ᠡ ᠵᠢ  ᠡᠭᠦᠳᠦᠨ  ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠠᠷᠢᠭᠤᠨ ᠴᠢᠬᠡᠴᠢ᠎ᠪᠠᠷ  ᠠᠶᠠᠯᠠᠯ ᠵᠠᠮᠴᠢᠯᠠᠨ ᠰᠢᠨ᠎ᠡ ᠬᠠᠭᠤᠳᠠᠰᠤ ᠵᠢ ᠪᠢᠴᠢᠭᠯᠡᠨ᠎ᠡ - ᠲᠥᠪ᠎ᠤᠨ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠬᠥᠭᠵᠢᠯᠲᠡ ᠵᠢ ᠬᠠᠮᠲᠤ᠎ᠪᠠᠷ ᠠᠬᠢᠭᠤᠯᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

      ᠪᠥᠬᠦ ᠨᠠᠮ᠎ᠤᠨ ᠭᠡᠰᠢᠭᠦᠨ 《ᠲᠥᠪ᠎ᠤᠨ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ  ᠲᠣᠭᠣᠰᠢᠯᠠᠭᠣᠯᠬᠤ  ᠰᠤᠷᠤᠯᠴᠠᠯᠭ᠎ᠠ ᠬᠥᠮᠦᠵᠢᠯ᠎ᠢ ᠬᠡᠷᠬᠢᠨ ᠦᠷᠨᠢᠭᠦᠯᠬᠦ 》᠂ 《ᠨᠠᠮ᠎ᠤᠨ ᠳᠣᠯᠣᠳᠤᠭ᠋ᠠᠷ ᠶᠡᠭᠡ ᠬᠤᠷᠠᠯ᠎ᠤᠨ ᠰᠤᠷᠲᠠᠯ᠎ᠠᠴᠠ  ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠦᠵᠡᠬᠦ》 ᠵᠢᠴᠢ 《ᠰᠣᠶᠣᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ》 ᠭᠤᠷᠪᠠᠨ ᠲᠠᠯ᠎ᠠ ᠵᠢᠨ ᠠᠭᠤᠯᠭ᠎ᠠ ᠵᠢᠨ ᠲᠣᠭᠤᠷᠢᠨ᠎ᠳᠤ ᠬᠠᠮᠲᠤ ᠵᠢᠨ ᠰᠤᠷᠤᠯᠴᠠᠯᠭ᠎ᠠ ᠬᠢᠵᠦ᠂ 501 ᠲᠠᠪᠴᠠᠩ᠎ᠨᠢ  ᠤᠶᠤᠲᠠᠳ᠎ᠤᠨ ᠰᠢᠨ᠎ᠡ ᠵᠢ  ᠡᠭᠦᠳᠴᠦ  ᠦᠢ᠍ᠯᠡᠰ  ᠪᠣᠰᠬᠠᠬᠤ  ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠡᠵᠡᠩᠨᠡᠯᠲᠡ ᠵᠢᠨ ᠲᠣᠭᠲᠠᠴᠠ᠂ ᠣᠨᠴᠠᠯᠢᠭᠲᠤ ᠲᠥᠷᠥᠯ ᠵᠦᠢ᠍ᠯ ᠪᠠ ᠬᠥᠭᠵᠢᠯᠲᠡ ᠵᠢᠨ ᠲᠥᠯᠥᠪᠵᠢᠭᠦᠯᠭᠡ ᠵᠢ ᠭᠤᠤᠯᠳᠠᠯᠭ᠎ᠠ᠎ᠲᠠᠢ ᠲᠠᠨᠢᠯᠴᠠᠭᠤᠯᠵᠤ᠂ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠨ ᠴᠢᠳᠠᠪᠤᠷᠢᠲᠠᠨ᠎ᠢ ᠬᠥᠮᠦᠵᠢᠭᠦᠯᠬᠦ  ᠲᠣᠭᠲᠠᠯᠴᠠᠭ᠎ᠠ ᠵᠢ  ᠪᠠᠶ᠋ᠢᠭᠤᠯᠬᠤ᠂ ᠠᠵᠢᠯ ᠣᠯᠭᠤᠯᠲᠠ ᠵᠢᠨ ᠳᠠᠳᠤᠯᠭ᠎ᠠ ᠵᠢᠨ ᠲᠠᠪᠴᠠᠩ᠎ᠢ ᠪᠠᠶ᠋ᠢᠭᠤᠯᠬᠤ᠂ ᠵᠠᠭᠤᠴᠢᠯᠠᠭᠤᠷ᠎ᠤᠨ ᠡᠬᠢ ᠪᠠᠶᠠᠯᠢᠭ᠎ᠢ  ᠬᠣᠯᠪᠣᠯᠳᠣᠭᠣᠯᠣᠨ  ᠳᠠᠮᠵᠢᠭᠤᠯᠬᠤ᠂ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠦᠨᠵᠡᠭᠡᠶ ᠰᠣᠯᠢᠯᠴᠠᠨ ᠶᠠᠷᠢᠯᠴᠠᠪᠠ᠃

      ᠳᠠᠷᠠᠭ᠋ᠠᠴᠢ ᠵᠢᠨ ᠠᠯᠬᠤᠮ᠎ᠳᠤ᠂ ᠡᠯ᠎ᠡ ᠨᠠᠮ᠎ᠤᠨ ᠡᠭᠦᠷ ᠨᠠᠮ᠎ᠤᠨ ᠪᠠᠶ᠋ᠢᠭᠤᠯᠤᠯᠲᠠ ᠵᠢᠨ ᠬᠥ᠊ ᠬᠤᠯᠪᠣᠭ᠋ᠠᠯᠠᠨ ᠳ᠋ᠡᠯᠦᠯᠴᠡᠬᠦ ᠵᠢ ᠴᠢᠩᠭ᠋ᠠᠳᠬᠠᠵᠤ᠂ ᠲᠥᠪ᠎ᠤᠨ ᠨᠠᠢ᠍ᠮᠠᠨ  ᠵᠦᠢ᠍ᠯ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠦᠢ᠍ᠯᠡᠳᠦᠯᠭᠡ ᠵᠢᠨ ᠳᠤᠮᠳᠠ  ᠨᠠᠢ᠌ᠳᠠᠪᠣᠷᠢᠵᠢᠭᠣᠯᠬᠤ ᠵᠢ ᠦᠷᠭᠦᠯᠵᠢᠯᠡᠨ ᠠᠬᠢᠭᠤᠯᠵᠤ᠂ ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠦᠢ᠍ᠯᠡᠳᠦᠯᠭᠡ ᠵᠢᠨ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ ᠷᠠᠳᠢᠣ᠋ ᠲᠧᠯᠸᠢᠰ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠬᠤ ᠨᠡᠩ ᠤᠯᠠᠨ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ᠎ᠳᠤ ᠬᠦᠴᠦᠨ ᠨᠡᠮᠡᠷᠢᠯᠡᠨ᠎ᠡ᠃

 

      (ᠳᠠᠮᠵᠢᠭᠣᠯᠭ᠎ᠠ ᠰᠠᠴᠣᠷᠠᠭᠣᠯᠭ᠎ᠠ ᠵᠢᠨ ᠲᠥᠪ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ