ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠨᠢ 《ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠠᠯᠠᠭᠤᠴᠤᠳ᠎ᠲᠠᠢ ᠨᠢᠭᠤᠷᠳᠠᠨ ᠣᠴᠠᠷᠠᠬᠤ》 ᠰᠠᠭᠣᠳᠠᠯ᠎ᠤᠨ ᠬᠤᠷᠠᠯ ᠡᠷᠬᠢᠯᠡᠪᠡ
2025-05-12

      4 ᠳ᠋ᠦ᠍ᠭᠡᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠎ᠨᠢ 《ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠠᠯᠠᠭᠤᠴᠤᠳ᠎ᠲᠠᠢ ᠨᠢᠭᠤᠷᠳᠠᠨ  ᠣᠴᠠᠷᠠᠬᠤ 》  ᠰᠠᠭᠣᠳᠠᠯ᠎ᠤᠨ  ᠬᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂  ᠲᠣᠪᠴᠢᠶ᠎ᠠ ᠵᠢᠨ  ᠳᠠᠷᠤᠭ᠎ᠠ ᠵᠠᠩ ᠢ ᠮᠢᠨ ᠵᠠᠯᠠᠭᠤᠴᠤᠳ᠎ᠤᠨ ᠲᠥᠯᠥᠭᠡᠯᠡᠭᠴᠢᠳ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃

      ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠺᠠᠩ ᠵᠢᠶᠠ ᠵᠢᠶᠠ᠂ ᠲᠥᠯᠥᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠰᠦᠨ ᠷᠦ᠍ ᠲᠤᠤ᠂ ᠤᠬᠠᠭᠤᠯᠭ᠎ᠠ ᠵᠢᠨ ᠭᠠᠵᠠᠷ᠎ᠤᠨ ᠵᠠᠩ ᠰᠢᠨ ᡁᠢ᠂ ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠭᠠᠵᠠᠷ᠎ᠤᠨ ᠵᠤᠤ  ᠾᠧᠩ ᠯᠢ ᠂  ᠳᠠᠮᠵᠢᠭᠣᠯᠭ᠎ᠠ ᠰᠠᠴᠣᠷᠠᠭᠣᠯᠭ᠎ᠠ ᠵᠢᠨ ᠲᠥᠪ᠎ᠤᠨ 501  ᠲᠠᠪᠴᠠᠩ᠎ᠤᠨ  ᠬᠤ᠌ ᠰᠧ  ᠬᠤᠤ᠂ ᠳᠠᠮᠵᠢᠭᠣᠯᠭ᠎ᠠ ᠰᠠᠴᠣᠷᠠᠭᠣᠯᠭ᠎ᠠ ᠵᠢᠨ ᠲᠥᠪ᠎ᠤᠨ 706  ᠲᠠᠪᠴᠠᠩ᠎ᠤᠨ ᠢ ᠱᠠᠨ  ᠯᠢᠨ  ᠵᠡᠷᠭᠡ 8 ᠵᠠᠯᠠᠭᠤᠴᠤᠳ᠎ᠤᠨ ᠲᠥᠯᠥᠭᠡᠯᠡᠭᠴᠢ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠳᠤ᠎ᠪᠠᠨ  ᠰᠠᠭᠤᠷᠢᠯᠠᠵᠤ᠂ ᠲᠤᠰ ᠲᠤᠰ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠬᠢᠵᠢᠭᠦᠯᠬᠦ ᠠᠵᠢᠯ᠎ᠤᠨ ᠭᠤᠣᠯ ᠱᠤᠭᠤᠮ᠎ᠤᠨ ᠣᠶ᠋ᠢᠯᠠᠭ᠋ᠠᠯᠲᠠ ᠪᠠ ᠲᠤᠭᠤᠰᠢᠯᠠᠭᠤᠯᠬᠤ ᠠᠷᠭ᠎ᠠ ᠵᠠᠮ᠂ ᠤᠮᠠᠷᠠᠲᠤ ᠬᠢᠯᠢ ᠵᠢᠨ ᠰᠣᠶᠣᠯ᠎ᠤᠨ  ᠪᠦᠲᠦᠭᠡᠨ  ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ᠂ ᠴᠢᠬᠤᠯᠠ ᠶᠡᠭᠡ ᠲᠦᠷᠦᠯ ᠵᠦᠢ᠍ᠯ᠎ᠤᠨ ᠲᠣᠭᠣᠷᠢᠨ᠎ᠳᠤ  ᠠᠵᠢᠯ ᠵᠶ᠋ᠠᠨ ᠢᠳᠡᠪᠬᠢᠲᠠᠢ ᠲᠥᠯᠥᠪᠵᠢᠭᠦᠯᠬᠦ᠂ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠵᠢᠯ ᠣᠯᠭᠤᠬᠤ ᠠᠵᠢᠯᠯᠠᠭ᠎ᠠ᠎ᠳᠤ ᠬᠦᠴᠦᠨ ᠨᠡᠮᠡᠷᠢᠯᠡᠬᠦ ᠂ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠵᠢ ᠠᠬᠢᠭᠤᠯᠬᠤ᠂ ᠴᠢᠳᠠᠪᠤᠷᠢᠲᠠᠨ᠎ᠤ ᠡᠩᠨᠡᠭᠡ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠂ ᠠᠮᠤᠷ ᠲᠦᠪᠰᠢᠨ᠎ᠤ ᠨᠡᠪᠲᠡᠷᠡᠭᠦᠯᠭᠡ ᠵᠢᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ ᠵᠢᠨ ᠠᠭᠤᠯᠭ᠎ᠠ᠎ᠳᠤ   ᠢᠳᠡᠪᠬᠢᠲᠠᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠪᠠ᠃

      ᠵᠠᠯᠠᠭᠤᠴᠤᠳ᠎ᠤᠨ  ᠲᠥᠯᠥᠭᠡᠯᠡᠭᠴᠢᠳ᠎ᠤᠨ ᠶᠠᠷᠢᠶ᠎ᠠ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠲᠠᠷᠠᠭ᠎ᠠ᠂ ᠵᠠᠩ ᠢ ᠮᠢᠨ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠤᠯᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠤᠬᠠᠢ ᠵᠢᠨ  ᠲᠠᠯᠠᠪᠣᠷ᠎ᠤᠨ  ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠶ᠋ᠢᠯ᠎ᠠ᠃ ᠲᠡᠷᠡ᠂ ᠰᠢᠨ᠎ᠡ ᠠᠶᠠᠨ ᠵᠠᠮ᠎ᠳᠤ᠂ ᠷᠠᠳᠢᠣ᠋ ᠲᠧᠯᠸᠢᠰ᠎ᠤᠨ ᠵᠠᠯᠠᠭᠤᠴᠤᠳ ᠶᠡᠭᠡ ᠲᠠᠯ᠎ᠠ᠎ᠳᠤ ᠦᠢ᠍ᠯᠡᠴᠢᠯᠡᠬᠦ ᠳᠤᠮᠳᠠ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂  ᠵᠤᠷᠢᠭᠲᠠᠢ᠎ᠪᠠᠷ  ᠰᠢᠨ᠎ᠡ ᠴᠠᠭ ᠦᠶ᠎ᠡ ᠵᠢᠨ ᠪᠦᠳᠦᠭᠡᠨ ᠪᠠᠶ᠋ᠢᠭᠤᠯᠤᠭᠴᠢ᠂ ᠡᠷᠡᠯᠬᠡᠭᠯᠡᠨ ᠲᠡᠮᠡᠴᠡᠭᠴᠢ ᠪᠠ ᠡᠭᠦᠳᠦᠨ ᠨᠡᠭᠡᠭᠡᠭᠴᠢ ᠪᠣᠯᠬᠤ ᠬᠡᠷᠡᠭᠲᠡᠢ᠃ ᠤᠯᠤᠰ ᠲᠦᠷᠦ ᠵᠢᠨ ᠪᠠᠶ᠋ᠢᠭᠤᠯᠤᠯᠲᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠣᠭᠣᠰᠢᠯᠠᠭᠣᠯᠵᠦ ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠤᠨᠤᠯ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠠᠵᠢᠯ ᠵᠶ᠋ᠠᠨ ᠠᠬᠢᠭᠤᠯᠬᠤ ᠪᠣᠳᠠᠲᠠᠢ ᠴᠢᠳᠠᠪᠤᠷᠢ ᠪᠣᠯᠭ᠋ᠠᠨ ᠬᠤᠪᠢᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠰᠣᠶᠣᠯ᠎ᠤᠨ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠤᠮᠠᠷᠠᠲᠤ ᠬᠢᠯᠢ ᠵᠢᠨ ᠰᠣᠶᠣᠯ᠎ᠤᠨ ᠳᠠᠮᠵᠢᠭᠣᠯᠭ᠎ᠠ ᠵᠢ  ᠪᠦᠲᠦᠮᠵᠢᠲᠡᠢ ᠠᠬᠢᠭᠤᠯᠵᠤ᠂ ᠲᠣᠪᠴᠢᠶᠠᠨ᠎ᠤ ᠬᠠᠷᠢᠶ᠎ᠠ ᠰᠢᠰᠲ᠋ᠧᠮ᠎ᠤᠨ ᠮᠢᠩᠭ᠎ᠠ ᠭᠠᠷᠤᠢ ᠢᠨᠵᠧᠨᠧᠷ᠎ᠤᠨ ᠡᠩᠨᠡᠭᠡ ᠵᠢᠨ ᠠᠭᠤᠯᠭ᠎ᠠ ᠵᠢᠨ  ᠦᠢ᠍ᠯᠡᠳᠪᠦᠷᠢᠯᠡᠯ ᠪᠣᠯᠤᠨ ᠮᠡᠷᠭᠡᠵᠢᠯ᠎ᠤᠨ ᠰᠢᠨ᠎ᠡ ᠵᠢ ᠡᠭᠦᠳᠬᠦ ᠳᠤᠮᠳᠠᠬᠢ ᠳᠠᠪᠠᠭᠤᠯᠢᠭ᠎ᠢ  ᠭᠦᠢ᠍ᠴᠡᠳ ᠪᠠᠳᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠬᠦᠷᠢᠶᠡᠨ ᠎ᠳᠠᠬᠢ  ᠪᠦᠲᠦᠮᠵᠢᠲᠡᠢ  ᠬᠦᠷᠦᠯᠴᠡᠬᠦ  ᠵᠢᠮ᠎ᠡ ᠶᠣᠰᠣ ᠵᠢ ᠭᠦᠨᠵᠡᠭᠡᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ       ᠬᠡᠷᠡᠭᠲᠡᠢ᠃ ᠰᠤᠷᠲᠠᠯ᠎ᠤᠨ ᠪᠠᠶ᠋ᠢᠭᠤᠯᠤᠯᠲᠠ ᠵᠢ ᠴᠥᠬᠦᠷᠡᠰᠢ ᠦᠭᠡᠢ ᠴᠢᠩᠭ᠋ᠠᠳᠬᠠᠵᠤ᠂ ᠲᠥᠪ᠎ᠤᠨ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ ᠢᠯᠵᠢᠷᠡᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠢ  ᠭᠡᠵᠦ ᠬᠡᠯᠡᠪᠡ ᠃ ᠠᠯᠪᠠᠨ ᠬᠡᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ᠎ᠬᠢᠨ  ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠵᠠᠯᠠᠭᠤᠴᠤᠳ᠎ᠤᠨ ᠣᠨᠣᠯ᠎ᠤᠨ ᠰᠣᠷᠣᠯᠴᠠᠯᠭ᠎ᠠ ᠵᠢᠨ  ᠳᠤᠭᠤᠶ᠋ᠢᠯᠠᠩ᠂ ᠣᠨᠣᠯ᠎ᠤᠨ ᠳᠠᠮᠵᠢᠭᠣᠯᠭ᠎ᠠ ᠵᠢᠨ  ᠰᠤᠳᠤᠯᠭ᠋ᠠᠨ᠎ᠤ ᠠᠵᠢᠯ᠎ᠤᠨ ᠲᠠᠰᠤᠭ ᠵᠡᠷᠭᠡ ᠦᠰᠦᠨ ᠪᠤᠶ᠋ᠢᠵᠢᠬᠤ ᠲᠠᠪᠴᠠᠩ᠎ᠢ ᠢᠳᠡᠪᠬᠢᠲᠡᠶ ᠪᠠᠶ᠋ᠢᠭᠤᠯᠵᠤ᠂ ᠵᠠᠯᠠᠭᠤ ᠺᠠᠳ᠋ᠷ᠎ᠢ ᠬᠥᠮᠦᠵᠢᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃

     

      (ᠠᠯᠪᠠᠨ ᠭᠡᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ