ᠠᠵᠢᠯᠲᠠᠨ᠎ᠤ ᠶᠠᠪᠤᠳᠠᠯ᠎ᠤᠨ ᠭᠠᠵᠠᠷ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ ᠬᠢᠭᠡᠳ ᠪᠢᠴᠢᠯ ᠳᠣᠯᠭᠢᠶᠠᠨ ᠳᠠᠮᠵᠢᠭᠤᠯᠬᠤ ᠶᠡᠷᠦᠩᠬᠡᠶ ᠥᠷᠲᠡᠭᠡ ᠵᠢᠨ ᠨᠠᠮ᠎ᠤᠨ ᠶᠡᠷᠦᠩᠬᠡᠶ ᠡᠭᠦᠷ ᠬᠠᠮᠲᠤᠷᠠᠨ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
2025-07-01

ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠭᠡᠰᠢᠭᠦᠨ ᠺᠠᠳ᠋ᠷᠴᠣᠳ ᠠᠵᠢᠯᠲᠠᠨ ᠠᠵᠢᠯᠴᠢᠨ᠎ᠤ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 25᠎ᠤ ᠡᠳᠦᠷ᠂ ᠠᠵᠢᠯᠲᠠᠨ᠎ᠤ ᠶᠠᠪᠤᠳᠠᠯ᠎ᠤᠨ ᠭᠠᠵᠠᠷ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠤᠨ ᠨᠠᠮ᠎ᠤᠨ ᠡᠭᠦᠷ ᠬᠢᠭᠡᠳ ᠪᠢᠴᠢᠯ ᠳᠣᠯᠭᠢᠶᠠᠨ ᠳᠠᠮᠵᠢᠭᠤᠯᠬᠤ ᠶᠡᠷᠦᠩᠬᠡᠢ ᠥᠷᠲᠡᠭᠡ ᠵᠢᠨ ᠨᠠᠮ᠎ᠤᠨ ᠶᠡᠷᠦᠩᠬᠡᠢ ᠡᠭᠦᠷ ᠬᠠᠮᠲᠤᠷᠠᠨ 40 ᠭᠠᠷᠤᠢ ᠨᠠᠮ᠎ᠤᠨ ᠭᠡᠰᠢᠭᠦᠨ ᠺᠠᠳ᠋ᠷᠴᠣᠳ᠎ᠢ ᠵᠣᠬᠢᠶᠠᠨ ᠪᠠᠶ᠋ᠢᠭᠤᠯᠵᠤ᠂ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ 《ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠵᠤ ᠠᠷᠢᠭᠤᠨ ᠴᠢᠬᠡᠴᠢ ᠷᠠᠳᠢᠣ᠋ ᠲᠧᠯᠸᠢᠰ᠎ᠢ ᠪᠠᠶ᠋ᠢᠭᠤᠯᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠭᠦᠯᠵᠠᠢ᠃ ᠨᠠᠮ᠎ᠤᠨ ᠭᠡᠰᠢᠭᠦᠨ ᠺᠠᠳ᠋ᠷᠴᠤᠳ ᠤᠷᠢᠳ ᠬᠤᠵᠢᠳ 《ᠢᠯᠵᠠᠷᠠᠬᠤ ᠵᠣᠷᠢᠭ ᠦᠭᠡᠢ》᠂ 《ᠢᠯᠵᠠᠷᠠᠵᠤ ᠪᠣᠯᠬᠤ ᠦᠭᠡᠢ》᠂ 《ᠢᠯᠵᠠᠷᠠᠬᠤ ᠵᠢ ᠪᠤᠳᠤᠬᠤ ᠦᠭᠡᠢ》 ᠵᠡᠷᠭᠡ 3 ᠭᠤᠣᠯ ᠰᠡᠳᠦᠪᠲᠦ ᠦᠵᠡᠭᠦᠯᠭᠡ ᠵᠢᠨ ᠲᠢᠩᠬᠢᠮ ᠵᠢᠴᠢ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠤᠷᠳᠤ ᠬᠤᠩᠭᠢᠯ᠎ᠢ ᠲᠣᠭᠤᠷᠢᠨ ᠦᠵᠡᠪᠡ᠃ ᠦᠵᠡᠭᠦᠯᠭᠡ ᠵᠢᠨ ᠲᠢᠩᠬᠢᠮ᠎ᠨᠢ ᠦᠵᠡᠭᠳᠡᠯ᠎ᠢ ᠳᠦᠷᠰᠦᠯᠡᠨ ᠳᠠᠭᠤᠷᠢᠶᠠᠬᠤ᠂ ᠵᠢᠷᠤᠭ ᠪᠢᠴᠢᠭ ᠵᠢᠷᠤᠭ ᠳᠦᠷᠰᠦ ᠵᠡᠷᠭᠡ ᠬᠡᠯᠪᠡᠷᠢ᠎ᠪᠠᠷ ᠳᠠᠮᠵᠢᠭᠤᠯᠤᠨ᠂

ᠨᠠᠮ᠎ᠤᠨ ᠭᠡᠰᠢᠭᠦᠨ ᠺᠠᠳ᠋ᠷᠴᠤᠳ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠶᠡᠭᠡ ᠠᠷᠭ᠎ᠠ ᠬᠡᠮᠵᠢᠶ᠎ᠡ ᠵᠢ ᠳᠡᠯᠭᠡᠨ ᠦᠵᠡᠭᠦᠯᠪᠡ᠃ ᠲᠣᠭᠤᠷᠢᠨ ᠦᠵᠡᠵᠦ ᠰᠤᠷᠤᠯᠴᠠᠬᠤ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ ᠢᠯᠵᠠᠷᠠᠯ᠎ᠤᠨ ᠠᠵᠢᠯᠯᠠᠭ᠎ᠠ ᠵᠢᠨ ᠬᠤᠣᠷ ᠬᠥᠨᠥᠭᠡᠯ ᠵᠢᠴᠢ ᠢᠯᠵᠠᠷᠠᠯ᠎ᠢ ᠡᠰᠡᠷᠭᠦᠴᠡᠨ ᠠᠷᠢᠭᠤᠨ ᠴᠢᠬᠡᠴᠢ ᠵᠢ ᠡᠷᠬᠢᠮᠯᠡᠬᠦ ᠵᠢᠨ ᠴᠢᠬᠤᠯᠠ ᠠᠴᠢ ᠬᠤᠯᠪᠣᠭᠳᠠᠯ᠎ᠢ ᠭᠦᠨᠵᠡᠭᠡᠶ ᠲᠠᠨᠢᠵᠤ᠂ ᠣᠯᠠᠨ ᠵᠶ᠋ᠠᠷ ᠵᠶ᠋ᠠᠨ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠠᠴᠠ᠎ᠪᠠᠨ ᠰᠤᠷᠤᠯᠴᠠᠭᠰᠠᠨ ᠦᠷ᠎ᠡ ᠪᠦᠲᠦᠭᠡᠯ ᠵᠶ᠋ᠠᠨ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ᠂ ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠰᠠᠬᠢᠯᠭ᠎ᠠ ᠪᠠᠲᠤ ᠵᠢᠨ ᠰᠡᠷᠭᠡᠶ᠋ᠢᠯᠡᠯᠲᠡ ᠵᠢᠨ ᠱᠤᠭᠤᠮ᠎ᠢ ᠤᠯᠠᠮ ᠨᠢᠭᠡ ᠠᠯᠬᠤᠮ ᠪᠠᠬᠢᠵᠢᠭᠦᠯᠵᠦ᠂ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠶ᠋ᠢᠯᠡᠬᠦ ᠴᠢᠳᠠᠪᠤᠷᠢ᠎ᠪᠠᠨ ᠴᠢᠩᠭ᠋ᠠᠳᠬᠠᠵᠤ᠂ ᠠᠷᠢᠭᠤᠨ ᠴᠢᠬᠡᠴᠢ ᠤᠯᠤᠰ ᠲᠦᠷᠦ ᠵᠢᠨ ᠮᠥᠨ ᠴᠢᠨᠠᠷ ᠵᠶ᠋ᠠᠨ ᠡᠭᠦᠷᠢᠳᠡ ᠬᠠᠳᠠᠭ᠋ᠠᠯᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

(ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ)

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ