7 ᠳ᠋ᠤᠭᠠᠷ ᠰᠠᠷ᠎ᠠ᠎ᠶ᠋ᠢᠨ 9 ᠤ ᠡᠳᠦᠷ᠂ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ 2025 ᠣᠨ᠎ᠤ 8 ᠳ᠋ᠤᠭᠠᠷ ᠤᠳᠠᠭᠠᠨ᠎ᠤ ( ᠥᠷᠭᠡᠳᠭᠡᠭ᠌ᠰᠡᠨ ) ᠰᠤᠷᠤᠯᠴᠠᠯᠭ᠎ᠠ᠎ᠶ᠋ᠢᠨ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶᠠᠨ᠎ᠳᠠᠬᠢ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ ᠪᠠ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶ᠎ᠠ ᠶ᠋ᠢᠨ ᠬᠤᠷᠢᠨ ᠨᠢᠭᠡᠳᠦᠭᠡᠷ ᠤᠳᠠᠭᠠᠨ᠎ᠤ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ 《 ᠪᠠᠷᠢᠮᠵᠢᠶ᠎ᠠ ᠪᠣᠯᠣᠨ ᠱᠠᠭᠠᠷᠳᠠᠯᠭ᠎ᠠ ᠯᠣᠭ᠎ᠠ ᠬᠠᠷᠢᠴᠠᠭᠣᠯᠬᠤ᠂ ᠰᠡᠳᠭᠢᠯ ᠵᠢᠷᠦᠬᠡᠨ᠎ᠳᠦ᠎ᠪᠡᠨ ᠬᠠᠳᠠᠩᠱᠢᠭᠤᠯᠤᠨ ᠦᠵᠡᠯ ᠰᠠᠨᠠᠭᠠᠨ᠎ᠤ ᠠᠯᠳᠠᠭ᠎ᠠ ᠪᠣᠷᠣᠭᠤ᠎ᠶ᠋ᠢ ᠵᠠᠯᠠᠷᠠᠭᠤᠯᠬᠤ 》 ᠲᠣᠭᠤᠷᠢᠨ᠎ᠳᠤ ᠲᠤᠰᠭᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠭᠡᠱᠢᠭᠦᠨ᠂ ᠲᠤᠪᠴᠢᠶ᠎ᠠ᠎ᠶ᠋ᠢᠨ ᠪᠠᠢᠭᠤᠯᠭ᠎ᠠ᠎ᠶ᠋ᠢᠨ ᠡᠯ᠎ᠡ ᠭᠠᠵᠠᠷ ᠭᠡᠷ ᠪᠣᠯᠤᠨ ᠲᠤᠪᠴᠢᠶ᠎ᠠ᠎ᠶ᠋ᠢᠨ ᠬᠠᠷᠢᠶ᠎ᠠ ᠡᠯ᠎ᠡ ᠠᠵᠢᠯ ᠦᠢᠯᠡᠰ᠎ᠤᠨ ᠨᠢᠭᠡᠴᠢ᠎ᠶ᠋ᠢᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ᠎ᠶ᠋ᠢᠨ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶᠠᠨ᠎ᠳᠠᠬᠢ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ 《 ᠬᠤᠶᠠᠷ᠎ᠢ ᠲᠣᠭ᠍ᠲᠠᠭᠠᠬᠤ 》 ᠶ᠋ᠢ ᠡᠷᠡᠰ ᠬᠦᠷᠢᠶᠡᠯᠡᠵᠦ᠍᠂ 《 ᠬᠤᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ᠍᠂ ᠲᠥᠪ᠎ᠤᠨ ᠨᠠᠢ᠍ᠮᠠᠨ ᠵᠦᠢᠯ᠎ᠦᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ ᠭᠦᠨᠵᠡᠭᠡᠢ ᠰᠤᠷᠤᠯᠴᠠᠨ ᠨᠡᠪᠲᠡᠷᠡᠬᠡᠢ ᠣᠢᠯᠠᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠢ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠬᠦ᠂ ᠰᠡᠷᠡᠮᠵᠢᠯᠡᠨ ᠡᠮᠢᠶᠡᠬᠦ᠎ᠶ᠋ᠢ ᠮᠡᠳᠡᠬᠦ᠌᠂ ᠬᠤᠷᠢᠭ᠎ᠠ ᠱᠤᠭᠤᠮ᠎ᠢ ᠰᠠᠬᠢᠬᠤ᠎ᠶ᠋ᠢ ᠬᠥᠮᠦᠵᠢᠭᠦᠯᠦᠨ ᠬᠦᠳᠦᠯᠦᠨ ᠵᠢᠯᠣᠭᠤᠳᠴᠤ᠌᠂ ᠲᠥᠪ᠎ᠤᠨ ᠨᠠᠢ᠍ᠮᠠᠨ ᠵᠦᠢᠯ᠎ᠦᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠵᠤ᠂ ᠪᠠᠲᠤ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ᠎ᠤᠨ ᠳᠠᠪᠲᠠᠯᠲᠠ᠎ᠶ᠋ᠢ ᠴᠢᠩᠭᠠᠳᠭᠠᠬᠤ᠂ ᠤᠯᠤᠰ ᠲᠦᠷᠦ᠍᠎ᠶ᠋ᠢᠨ ᠵᠣᠭ᠍ᠰᠣᠯᠲᠠ᠎ᠶ᠋ᠢ ᠪᠠᠲᠤᠳᠭᠠᠬᠤ᠂ ᠬᠦᠰᠡᠯᠡᠩ ᠢᠲᠡᠭᠡᠯ ᠪᠢᠱᠢᠷᠡᠯ᠎ᠢ ᠪᠠᠲᠤᠳᠭᠠᠬᠤ᠂ ᠵᠣᠷᠢᠯᠲᠠ᠎ᠶ᠋ᠢᠨ ᠤᠬᠠᠮᠰᠠᠷ᠎ᠢ ᠪᠠᠲᠤᠳᠭᠠᠬᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠳᠠᠯᠠᠬᠤ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠤᠯᠬᠤ ᠬᠡᠷᠡᠭ᠌ᠲᠡᠢ ᠭᠡᠵᠦ᠍ ᠴᠢᠬᠣᠯᠠᠴᠢᠯᠠᠵᠠᠢ᠃
( ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ )