ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 《 ᠥᠪᠥᠷ ᠮᠣᠩᠭᠤᠯ᠎ᠤᠨ ᠳᠤᠷᠠᠰᠤᠮᠵᠢ 》 ᠎ᠶ᠋ᠢᠨ ᠪᠣᠳᠠᠲᠤ ᠲᠡᠮᠳᠡᠭ᠌ᠯᠡᠯ᠎ᠤᠨ ᠭᠡᠷᠡᠯ ᠵᠢᠷᠤᠭ᠎ᠤᠨ ᠦᠵᠡᠰᠭᠦᠯᠡᠩ᠎ᠢ ᠵᠣᠬᠢᠶᠠᠨ ᠪᠠᠢᠭᠤᠯᠵᠤ ᠲᠣᠭᠤᠷᠢᠨ ᠦᠵᠡᠪᠡ
2025-07-24

ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤᠳᠭᠠᠬᠤ᠎ᠶ᠋ᠢᠨ ᠲᠥᠯᠥᠭᠡ᠂ ᠣᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠨᠡᠢᠲᠡ 70 ᠭᠠᠷᠤᠶ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠬᠥᠬᠡᠬᠤᠲᠠ᠎ᠶ᠋ᠢᠨ ᠤᠷᠠᠨ ᠵᠢᠷᠤᠭ᠎ᠤᠨ ᠣᠷᠳᠣᠨ᠎ᠳᠤ ᠬᠦᠷᠴᠦ᠍᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠠᠴᠠ ᠭᠤᠤᠯᠯᠠᠨ ᠡᠷᠭᠢᠯᠡᠭ᠌ᠰᠡᠨ 《 ᠥᠪᠥᠷ ᠮᠣᠩᠭᠤᠯ᠎ᠤᠨ ᠳᠤᠷᠠᠰᠤᠮᠵᠢ 》 ᠎ᠶ᠋ᠢᠨ ᠪᠣᠲᠠᠲᠤ ᠲᠡᠮᠳᠡᠭ᠌ᠯᠡᠯ᠎ᠤᠨ ᠭᠡᠷᠡᠯ ᠵᠢᠷᠤᠭ᠎ᠤᠨ ᠦᠵᠡᠰᠭᠦᠯᠡᠩ᠎ᠢ ᠬᠠᠮᠲᠤ᠎ᠪᠠᠷ ᠲᠣᠭᠤᠷᠢᠨ ᠦᠵᠡᠪᠡ᠃

ᠦᠵᠡᠰᠭᠦᠯᠡᠩ᠎ᠨᠢ AI ᠮᠡᠷᠭᠡᠵᠢᠯ᠎ᠢ ᠣᠷᠠᠨ᠎ᠢᠶᠠᠷ ᠠᠭᠤᠰᠤᠯᠴᠠᠭᠤᠯᠵᠤ᠂ ᠬᠤᠪᠣᠷ ᠨᠠᠨᠳᠢᠨ ᠲᠡᠦᠬᠡ᠎ᠶ᠋ᠢᠨ ᠭᠡᠷᠡᠯ ᠵᠢᠷᠤᠭ᠎ᠢᠶᠠᠷ ᠠᠴᠢᠶᠠᠯᠠᠪᠤᠷᠢ ᠪᠣᠯᠭᠠᠵᠤ᠂ ᠠᠪᠢᠶᠠᠨ᠎ᠤ ᠦᠢᠯᠡᠳᠦᠯ᠂ ᠳᠠᠭᠤᠤ ᠬᠥᠭ᠌ᠵᠢᠮ ᠵᠡᠷᠭᠡ ᠤᠯᠠᠨ ᠵᠠᠭᠤᠴᠢᠯᠠᠭᠤᠷ᠎ᠤᠨ ᠠᠷᠭ᠎ᠠ ᠪᠠᠷᠢᠯ᠎ᠲᠠᠢ ᠣᠶᠠᠯᠳᠣᠭᠣᠯᠵᠦ᠍᠂ ᠥᠪᠥᠷ ᠮᠣᠩᠭᠤᠯ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠢᠨ ᠰᠠᠢᠬᠠᠨ ᠠᠮᠢᠳᠤᠷᠠᠯ ᠲᠡᠢᠰᠢ ᠬᠠᠮᠲᠤ᠎ᠪᠠᠷ ᠣᠷᠣᠭ᠍ᠰᠢᠯᠠᠭ᠍ᠰᠠᠨ ᠡᠷᠬᠢᠮ ᠨᠠᠨᠳᠢᠨ ᠲᠡᠦᠬᠡᠨ ᠶᠠᠪᠤᠴᠠ᠎ᠶ᠋ᠢ ᠠᠮᠢᠳᠤᠯᠢᠭ᠎ᠢᠶᠠᠷ ᠬᠠᠷᠠᠭᠣᠯᠵᠠᠢ᠃ ᠨᠠᠮ᠎ᠤᠨ ᠭᠡᠱᠢᠭᠦᠨ ᠺᠠᠳ᠋ᠷᠴᠤᠳ ᠲᠤᠮᠤ ᠳᠡᠯᠭᠡᠴᠡ᠂ ᠦᠵᠡᠰᠭᠦᠯᠡᠩ᠎ᠤᠨ ᠰᠠᠮᠪᠠᠷ᠎ᠠ᠎ᠶ᠋ᠢᠨ ᠡᠮᠦᠨ᠎ᠡ ᠵᠣᠭ᠍ᠰᠣᠵᠤ ᠰᠣᠨᠢᠷᠬᠠᠨ ᠦᠵᠡᠵᠦ᠍᠂ ᠮᠠᠰᠢ ᠶᠡᠭᠡ ᠳᠠᠭᠠᠷᠢᠯᠲᠠ᠎ᠶ᠋ᠢᠨ ᠬᠦᠴᠦᠨ᠎ᠲᠠᠢ ᠭᠡᠷᠡᠯ ᠵᠢᠷᠤᠭ᠎ᠤᠳ᠎ᠢᠶᠠᠷ ᠳᠠᠮᠵᠢᠭᠣᠯᠣᠨ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠲᠡᠰᠪᠦᠷᠢ ᠬᠠᠲᠠᠭᠤᠵᠢᠯᠲᠠᠢ ᠣᠨ ᠰᠠᠷ᠎ᠠ᠎ᠠᠴᠠ᠎ᠪᠠᠨ ᠬᠠᠮᠲᠤ᠎ᠪᠠᠷ ᠪᠠᠶᠠᠵᠢᠨ ᠴᠢᠨᠡᠭᠡᠯᠢᠭ᠌ᠵᠢᠬᠦ᠌ ᠱᠢᠨ᠎ᠡ ᠠᠮᠢᠳᠤᠷᠠᠯ ᠲᠡᠢᠰᠢ ᠣᠷᠣᠭ᠍ᠰᠢᠯᠠᠭ᠍ᠰᠠᠨ ᠠᠮᠢᠳᠤᠯᠢᠭ ᠵᠢᠷᠤᠭ᠍ᠯᠠᠯ᠎ᠢ ᠭᠦᠨᠵᠡᠭᠡᠢ ᠣᠢᠯᠠᠭᠠᠪᠠ᠃

ᠲᠣᠭᠤᠷᠢᠨ ᠦᠵᠡᠭ᠌ᠰᠡᠨ᠎ᠤ ᠳᠠᠷᠠᠭ᠎ᠠ ᠣᠯᠠᠨ᠎ᠢᠶᠠᠷ᠎ᠢᠶᠠᠨ᠂ ᠡᠲᠡᠭᠡᠷ ᠬᠤᠪᠣᠷ ᠨᠠᠨᠳᠢᠨ ᠭᠡᠷᠡᠯ ᠵᠢᠷᠤᠭ ᠪᠣᠯ ᠲᠡᠦᠬᠡ᠎ᠶ᠋ᠢᠨ ᠭᠡᠷᠡᠴᠢᠯᠡᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠣᠶᠤᠨ ᠰᠠᠨᠠᠭᠠᠨ᠎ᠤ ᠭᠠᠯ ᠪᠠᠮᠪᠠᠷ ᠪᠣᠯᠤᠨ᠎ᠠ ᠃ ᠨᠠᠮ᠎ᠤᠨ ᠲᠠᠭᠤᠨ᠎ᠢ ᠤᠯᠠᠮᠵᠢᠯᠠᠬᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠳᠤ ᠦᠢᠯᠡᠴᠢᠯᠡᠬᠦ᠌ 《 ᠷᠠᠳᠢᠣ᠋ ᠲᠧᠯᠸᠢᠰ᠎ᠤᠨ ᠬᠠᠮᠠᠭᠠᠯᠠᠭ᠍ᠴᠢ 》 ᠪᠣᠯᠤᠭ᠍ᠰᠠᠨ᠎ᠤ ᠬᠤᠪᠢ᠎ᠳᠤ᠂ 《 ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍᠂ ᠴᠤᠴᠠᠯᠲᠠ ᠦᠭᠡᠢ ᠤᠷᠤᠭ᠍ᠰᠢᠯᠠᠵᠤ᠂ ᠵᠣᠷᠢᠯᠭ᠎ᠠ᠎ᠳᠦ᠎ᠪᠡᠨ ᠬᠦᠷᠬᠦ᠌ ᠦᠭᠡᠢ ᠪᠣᠯ ᠶᠠᠭᠠᠬᠢᠭ᠍ᠰᠠᠨ ᠴᠤ᠌ ᠵᠣᠭ᠍ᠰᠣᠬᠤ ᠦᠭᠡᠢ 》 ᠭᠡᠬᠦ᠌ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠱᠢᠯᠢᠳᠡᠭ ᠰᠤᠷᠲᠠᠯ᠎ᠢᠶᠠᠷ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠬᠢᠵᠢᠭᠦᠯᠬᠦ᠌᠎ᠳᠤ ᠷᠠᠳᠢᠣ᠋ ᠲᠧᠯᠸᠢᠰ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠶ ᠢᠯᠡᠷᠬᠡᠢᠯᠡᠪᠡ᠃

( ᠳᠠᠮᠵᠢᠭᠣᠯᠣᠨ ᠰᠠᠴᠤᠷᠠᠭᠤᠯᠬᠤ ᠲᠥᠪ )

ᠢᠷᠡᠯᠲᠡ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ