ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯᠴᠢᠨ᠎ᠤ ᠡᠪᠯᠡᠯ᠎ᠤᠨ ᠠᠵᠢᠯ᠎ᠤᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠦᠨᠳᠦᠰᠦᠨ ᠱᠠᠲᠤᠨ᠎ᠤ ᠰᠠᠴᠤᠷᠠᠭᠤᠯᠬᠤ ᠥᠷᠲᠡᠭᠡ᠎ᠳᠤ ᠭᠦᠨᠵᠡᠭᠡᠢᠷᠡᠨ ᠵᠣᠨ᠎ᠤ ᠤᠯᠠᠷᠢᠯ᠎ᠤᠨ 《 ᠰᠡᠷᠢᠭᠦᠨ ᠬᠦᠷᠭᠡᠬᠦ᠌ 》 ᠲᠣᠬᠤᠨᠢᠭᠤᠯᠬᠤ ᠠᠵᠢᠯᠯᠠᠭ᠎ᠠ ᠶ᠋ᠢ ᠥᠷᠨᠢᠭᠦᠯᠪᠡ
2025-07-28

7 ᠳ᠋ᠤᠭᠠᠷ ᠰᠠᠷ᠎ᠠ᠎ᠶ᠋ᠢᠨ 18 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯᠴᠢᠨ᠎ᠤ ᠡᠪᠯᠡᠯ᠎ᠤᠨ ᠠᠵᠢᠯ᠎ᠤᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ 781 ᠲᠠᠪᠴᠠᠩ᠎ᠳᠤ ᠭᠦᠨᠵᠡᠭᠡᠢᠷᠡᠨ ᠵᠣᠨ᠎ᠤ ᠤᠯᠠᠷᠢᠯ᠎ᠤᠨ 《 ᠰᠡᠷᠢᠭᠦᠨ ᠬᠦᠷᠭᠡᠬᠦ᠌ 》 ᠲᠣᠬᠤᠨᠢᠭᠤᠯᠤᠯ ᠥᠷᠨᠢᠭᠦᠯᠵᠦ᠍᠂ ᠷᠠᠳᠢᠣ᠋ ᠲᠧᠯᠸᠢᠰ᠎ᠤᠨ ᠠᠮᠤᠷ ᠲᠦᠪᠱᠢᠨ᠎ᠢᠶᠠᠷ ᠨᠡᠪᠲᠡᠷᠡᠭᠦᠯᠬᠦ᠌ ᠪᠠ ᠲᠥᠬᠦᠭᠡᠷᠦᠮᠵᠢ᠎ᠶ᠋ᠢᠨ ᠠᠵᠢᠯᠯᠠᠭᠠᠨ᠎ᠤ ᠪᠠᠲᠤᠯᠠᠭ᠎ᠠ᠎ᠶ᠋ᠢᠨ ᠠᠵᠢᠯ᠎ᠤᠨ ᠪᠠᠢᠳᠠᠯ᠎ᠢ ᠲᠤᠬᠠᠶ᠎ᠶ᠋ᠢᠨ ᠭᠠᠵᠠᠷ᠎ᠲᠤ ᠨᠢ ᠣᠢᠯᠠᠭᠠᠵᠤ᠂ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠳᠤ ᠴᠠᠢ᠂ ᠨᠣᠭᠤᠭᠠᠨ ᠪᠤᠷᠴᠠᠭ᠂ ᠮᠥᠰᠥᠨ ᠱᠢᠬᠢᠷ᠂ ᠤᠳᠪᠠᠯᠠ ᠴᠡᠴᠡᠭ ᠵᠡᠷᠭᠡ ᠬᠠᠯᠠᠭᠣᠨ᠎ᠠᠴᠠ ᠰᠡᠷᠭᠡᠢᠯᠡᠵᠦ᠍ ᠬᠠᠯᠠᠭᠣᠨ᠎ᠢ ᠪᠠᠭᠣᠷᠠᠭᠣᠯᠬᠤ ᠡᠳ᠋ ᠪᠣᠳᠠᠰ ᠬᠦᠷᠭᠡᠵᠦ᠍᠂ ᠣᠯᠠᠨ᠎ᠳᠤ ᠠᠮᠤᠷ ᠲᠦᠪᠱᠢᠨ᠎ᠤ ᠤᠬᠠᠮᠰᠠᠷ᠎ᠢᠶᠠᠨ ᠴᠢᠩᠭᠠᠳᠭᠠᠵᠤ᠂ ᠥᠨᠳᠥᠷ ᠳᠤᠯᠠᠭᠠᠨ ᠴᠠᠭ ᠠᠭᠤᠷ᠎ᠤᠨ ᠳᠣᠤᠷᠠᠬᠢ ᠬᠠᠯᠠᠭᠣᠨ᠎ᠠᠴᠠ ᠰᠡᠷᠭᠡᠢᠯᠡᠵᠦ᠍ ᠬᠠᠯᠠᠭᠣᠨ᠎ᠢ ᠪᠠᠭᠣᠷᠠᠭᠣᠯᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ ᠭᠡᠵᠦ᠍ ᠵᠠᠬᠢᠪᠠ᠃ ᠲᠣᠰ ᠤᠳᠠᠭᠠᠨ᠎ᠤ ᠠᠵᠢᠯᠯᠠᠭ᠎ᠠ᠎ᠨᠢ ᠠᠵᠢᠯᠴᠢᠨ᠎ᠤ ᠡᠪᠯᠡᠯ᠎ᠤᠨ ᠵᠣᠬᠢᠶᠠᠨ ᠪᠠᠢᠭᠤᠯᠤᠯᠲᠠ᠎ᠠᠴᠠ ᠦᠨᠳᠦᠰᠦᠨ ᠱᠠᠲᠤᠨ᠎ᠤ ᠠᠵᠢᠯᠲᠠᠨ ᠠᠵᠢᠯᠴᠢᠨ᠎ᠢ ᠬᠠᠯᠠᠮᠵᠢᠯᠠᠵᠦ᠍ ᠪᠠᠢᠬᠤ᠎ᠶ᠋ᠢ ᠭᠦᠢᠴᠡᠳ ᠬᠠᠷᠠᠭᠣᠯᠵᠦ᠍᠂ ᠺᠠᠳ᠋ᠷ ᠠᠵᠢᠯᠲᠠᠨ ᠠᠵᠢᠯᠴᠢᠨ᠎ᠤ ᠨᠠᠩ ᠲᠡᠭᠦᠯᠳᠡᠷ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠠᠵᠢᠯ᠎ᠳᠤ᠎ᠪᠠᠨ ᠣᠷᠣᠯᠴᠠᠬᠤ᠎ᠶ᠋ᠢ ᠤᠯᠠᠮ ᠨᠢᠭᠡ ᠠᠯᠬᠤᠮ ᠣᠷᠮᠠᠱᠢᠭᠣᠯᠣᠨ ᠵᠣᠷᠢᠭ᠍ᠵᠢᠭᠤᠯᠵᠤ᠂ ᠷᠠᠳᠢᠣ᠋ ᠲᠧᠯᠸᠢᠰ᠎ᠤᠨ ᠠᠮᠤᠷ ᠲᠦᠪᠱᠢᠨ᠎ᠢᠶᠠᠷ ᠨᠡᠪᠲᠡᠷᠡᠭᠦᠯᠬᠦ᠌᠎ᠶ᠋ᠢ ᠪᠠᠲᠤᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

( ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ )

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠠᠯᠪᠠᠨ ᠰᠦᠯᠵᠢᠶ᠎ᠡ