8 ᠳ᠋ᠤᠭᠠᠷ ᠰᠠᠷ᠎ᠠ᠎ᠶᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ 781 ᠰᠠᠭᠤᠷᠢ ᠬᠣᠷᠢᠶ᠎ᠠ᠂ ᠥᠪᠥᠷ ᠮᠣᠩᠭᠣᠯ᠎ᠤᠨ ᠬᠢᠲᠠᠳ ᠡᠮᠨᠡᠯᠭᠡ᠎ᠶᠢᠨ ᠬᠣᠷᠢᠶ᠎ᠠ᠂ ᠳᠥᠷᠪᠡᠳ ᠬᠣᠰᠢᠭᠤᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠬᠠᠮᠲᠤᠷᠠᠨ ᠬᠣᠯᠪᠣᠭᠠᠯᠠᠨ 《ᠴᠢ ᠬᠤᠸᠠᠩ ᠢ ᠪᠠᠢᠭᠤᠯᠭ᠎ᠠ᠎ᠳᠤ ᠣᠷᠣᠬᠤ ᠣᠷᠤᠭᠤᠯᠬᠤ ▪• ᠡᠷᠡᠭᠦᠯ ᠮᠡᠨᠳᠦ᠎ᠶᠢᠨ ᠵᠠᠢ ᠦᠭᠡᠢ ᠬᠠᠯᠠᠮᠵᠢᠯᠠᠯ》 ᠡᠷᠡᠭᠦᠯ ᠮᠡᠨᠳᠦ᠎ᠶᠢᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠢᠴᠢ 《ᠬᠦᠴᠦᠷᠬᠡᠭ ᠰᠤᠷᠲᠠᠯ᠎ᠤᠨ ᠴᠢᠩᠭᠠᠳᠭᠠᠵᠤ᠂ ᠨᠡᠢᠯᠡᠮᠡᠯ ᠬᠤᠷᠠᠮᠳᠤᠯ ᠬᠦᠴᠦᠨ ᠢ ᠨᠢᠭ᠍ᠲᠠᠷᠠᠭᠤᠯᠵᠤ᠂ ᠪᠦᠯᠬᠦᠮᠳᠡᠯ᠎ᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠶᠢ ᠥᠷᠨᠢᠭᠦᠯᠵᠦ᠂ ᠨᠡᠢᠲᠡ 35 ᠺᠠᠳ᠋ᠷ ᠠᠵᠢᠯᠲᠠᠨ ᠣᠷᠣᠯᠴᠠᠵᠠᠢ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ᠂ ᠥᠪᠥᠷ ᠮᠣᠩᠭᠣᠯ᠎ᠤᠨ ᠬᠢᠲᠠᠳ ᠡᠮᠨᠡᠯᠭᠡ᠎ᠶᠢᠨ ᠬᠣᠷᠢᠶᠠᠨ᠎ᠤ ᠡᠷᠡᠭᠦᠯᠵᠢᠯ᠎ᠤᠨ ᠰᠠᠯᠠᠭ᠎ᠠ᠂ ᠲᠠᠷᠢᠬᠢᠨ᠎ᠤ ᠡᠪᠡᠳᠴᠢᠨ᠎ᠤ ᠰᠠᠯᠠᠭ᠎ᠠ᠂ ᠡᠯᠢᠭᠡ ᠰᠥᠰᠥᠨ᠎ᠤ ᠡᠪᠡᠳᠴᠢᠨ᠎ᠤ ᠰᠠᠯᠠᠭ᠎ᠠ ᠵᠡᠷᠭᠡ ᠬᠦᠷᠢᠶᠡᠨ᠎ᠳᠠᠬᠢ ᠲᠤᠰᠬᠠᠢ ᠮᠡᠷᠭᠡᠵᠢᠯᠲᠡᠨ᠎ᠤ ᠪᠦᠯᠭᠦᠮ ᠨᠢ 781 ᠰᠠᠭᠤᠷᠢ ᠬᠣᠷᠢᠶ᠎ᠠ᠂ ᠳᠥᠷᠪᠡᠳ ᠬᠣᠰᠢᠭᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠺᠠᠳ᠋ᠷ ᠠᠵᠢᠯᠲᠠᠨ ᠠᠵᠢᠯᠴᠢᠨ ᠪᠣᠯᠣᠨ ᠬᠠᠷᠢᠶ᠎ᠠ ᠭᠠᠵᠠᠷ᠎ᠤᠨ 50 ᠭᠠᠷᠤᠢ ᠮᠠᠯᠴᠢᠨ ᠲᠠᠷᠢᠶᠠᠴᠢᠨ᠎ᠳᠤ ᠠᠯᠪᠠᠨ ᠵᠢᠷᠤᠮ᠎ᠤᠨ ᠡᠮᠴᠢᠯᠡᠭᠡᠨ᠎ᠤ ᠦᠢᠯᠡᠴᠢᠯᠡᠭᠡ ᠬᠠᠩᠭᠠᠪᠠ᠃ ᠲᠤᠰᠬᠠᠢ ᠮᠡᠷᠭᠡᠵᠢᠯᠲᠡᠳ ᠨᠠᠷᠢᠨ ᠨᠢᠮᠪᠠᠢ ᠠᠰᠠᠭᠤᠨ ᠯᠠᠪᠯᠠᠵᠤ᠂ ᠬᠦᠯᠢᠴᠡᠩᠭᠦᠢ᠎ᠪᠠᠷ ᠬᠠᠷᠢᠭᠤᠯᠲᠠ ᠥᠭᠭᠦᠭᠰᠡᠨ ᠪᠥᠭᠡᠳ ᠲᠤᠰᠬᠠᠢ ᠮᠡᠷᠭᠡᠵᠢᠯ᠎ᠤᠨ ᠣᠨᠣᠰᠢᠯᠠᠨ ᠡᠮᠨᠡᠬᠦ ᠰᠠᠨᠠᠭᠤᠯᠭ᠎ᠠ ᠭᠠᠷᠭᠠᠵᠤ᠂ ᠲᠤᠬᠠᠢ᠎ᠶᠢᠨ ᠲᠠᠯᠠᠪᠤᠷ᠎ᠤᠨ ᠣᠯᠠᠨ ᠲᠦᠮᠡᠨ᠎ᠤ ᠨᠢᠭᠡᠳᠦᠯᠲᠡᠢ ᠰᠠᠢᠨ ᠦᠨᠡᠯᠡᠯᠲᠡ᠎ᠶᠢ ᠣᠯᠵᠠᠢ᠃
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠷᠠᠳᠢᠣ᠋ ᠲᠧᠯᠸᠢᠰ᠎ᠤᠨ ᠡᠭᠦᠷᠭᠡ ᠴᠢᠳᠠᠪᠤᠷᠢ᠎ᠶᠢᠨ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ᠎ᠤ ᠲᠧᠯᠸᠢᠰ ᠥᠷᠲᠡᠭᠡ᠎ᠶᠢᠨ ᠬᠢᠯᠢ ᠬᠢᠵᠠᠭᠠᠷ᠎ᠤᠨ ᠨᠢᠭᠡᠳᠦᠭᠡᠷ ᠹᠷᠣᠨᠲ᠎ᠲᠤ ᠦᠨᠳᠦᠰᠦᠯᠡᠬᠦ᠎ᠶᠢ ᠠᠬᠢᠭᠤᠯᠤᠨ᠂ ᠰᠠᠯᠠᠭ᠎ᠠ ᠮᠥᠴᠢᠷ ᠠᠯᠤᠰᠯᠠᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠣᠯᠠᠨ ᠲᠦᠮᠡᠨ᠎ᠳᠤ ᠭᠦᠨᠵᠡᠭᠡᠢ ᠦᠢᠯᠡᠴᠢᠯᠡᠨ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠦᠢᠯᠡᠰ᠎ᠢ ᠠᠬᠢᠭᠤᠯᠬᠤ᠎ᠳᠤ ᠨᠠᠩ ᠣᠯᠠᠨ ᠷᠠᠳᠢᠣ᠋ ᠲᠧᠯᠸᠢᠰ᠎ᠤᠨ ᠬᠦᠴᠦᠨ ᠴᠢᠳᠠᠯ᠎ᠢᠶᠠᠨ ᠡᠷᠭᠦᠪᠡ ᠡᠷᠭᠦᠬᠦ᠌ ᠪᠣᠯᠣᠨ᠎ᠠ᠃
(ᠪᠠᠢᠭᠤᠯᠭ᠎ᠠ᠎ᠶᠢᠨ ᠨᠠᠮ᠎ᠤᠨ ᠬᠣᠷᠢᠶ᠎ᠠ)