ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠬᠤ ᠪᠠᠢᠭᠤᠯᠤᠮᠵᠢ 《ᠰᠤᠷᠭᠠᠭᠤᠯᠢ ᠡᠬᠢᠯᠡᠬᠦ᠌ ᠠᠩᠬᠠᠨ᠎ᠤ ᠬᠢᠴᠢᠶᠡᠯ》᠎ᠤᠨ ᠨᠡᠪᠲᠡᠷᠡᠭᠦᠯᠭᠡ᠎ᠶ᠋ᠢᠨ ᠪᠠᠲᠤᠯᠠᠭ᠎ᠠ᠎ᠶ᠋ᠢᠨ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ
2025-09-15

ᠥᠷᠭᠡᠨ ᠣᠯᠠᠨ ᠵᠠᠯᠠᠭᠤᠴᠤᠳ ᠪᠠᠭᠠᠴᠤᠳ᠎ᠤᠨ᠎ᠢ ᠬᠥᠲᠥᠯᠥᠨ ᠵᠢᠯᠣᠭᠤᠳᠴᠤ᠌ ᠲᠡᠦᠬᠡ᠎ᠶ᠋ᠢ᠎ᠪᠠᠨ ᠪᠠᠲᠤ ᠴᠡᠭᠡᠵᠢᠯᠡᠭᠦᠯᠵᠦ᠍᠂ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠭᠤᠯᠬᠤ᠎ᠶ᠋ᠢ ᠳᠠᠭᠠᠭᠤᠯᠤᠨ ᠵᠢᠯᠣᠭᠣᠳᠭᠤ᠎ᠶ᠋ᠢᠨ ᠲᠥᠯᠥᠭᠡ᠂ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠤᠯ᠎ᠤᠨ IPTV ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠰᠤᠪᠠᠭ  (CCTV-1)᠎ᠤᠨ ᠨᠡᠪᠲᠡᠷᠡᠭᠦᠯᠦᠭ᠌ᠰᠡᠨ 《ᠰᠤᠷᠭᠠᠭᠤᠯᠢ ᠡᠬᠢᠯᠡᠬᠦ᠌ ᠠᠩᠬᠠᠨ᠎ᠤ ᠬᠢᠴᠢᠶᠡᠯ》᠎ᠤᠨ ᠫᠷᠤᠭ᠌ᠷᠠᠮ᠎ᠤᠨ ᠱᠢᠭᠤᠳ ᠨᠡᠪᠲᠡᠷᠡᠭᠦᠯᠭᠡ᠎ᠶ᠋ᠢᠨ ᠪᠠᠲᠤᠯᠠᠭ᠎ᠠ᠎ᠶ᠋ᠢᠨ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠨᠡᠪᠲᠡᠷᠡᠭᠦᠯᠭᠡ᠎ᠶ᠋ᠢᠨ ᠬᠤᠭᠤᠴᠠᠭᠠᠨ᠎ᠳᠤ᠂ ᠰᠡᠯᠬᠦᠬᠦ᠌ ᠲᠦᠷᠦᠭᠦᠤ ᠨᠢᠭᠤᠷ᠎ᠤᠨ ᠢᠯᠡᠷᠬᠡᠶ ᠣᠷᠣᠨ ᠪᠠᠢᠷᠢ᠎ᠳᠤ ᠲᠠᠨᠢᠯᠴᠠᠭᠤᠯᠬᠤ᠎ᠪᠠᠷ ᠳᠠᠮᠵᠢᠭᠤᠯᠤᠨ᠂ ᠪᠥᠬᠦ᠌ ᠣᠷᠣᠨ᠎ᠤ ᠬᠡᠷᠡᠭ᠌ᠯᠡᠭ᠌ᠴᠢᠳ᠎ᠤᠨ ᠲᠣᠭ᠍ᠲᠠᠭ᠍ᠰᠠᠨ ᠴᠠᠭ᠎ᠲᠤ ᠭᠥᠯᠢᠶᠡᠨ ᠠᠪᠴᠤ᠌ ᠦᠵᠡᠬᠦ᠌᠎ᠶ᠋ᠢ ᠢᠳᠡᠪᠬᠢᠲᠡᠶ ᠳᠠᠭᠠᠭᠤᠯᠤᠨ ᠬᠥᠲᠥᠯᠦᠨ ᠵᠢᠯᠤᠭᠤᠳᠪᠠ᠃ ᠪᠦᠷᠢᠳᠭᠡᠯ᠎ᠢ ᠦᠨᠳᠦᠰᠦᠯᠡᠪᠡᠯ᠂ ᠲᠣᠰ ᠡᠳᠦᠷ᠎ᠲᠤ ᠪᠥᠬᠦ᠌ ᠣᠷᠣᠨ᠎ᠤ ᠱᠢᠭᠤᠳ ᠨᠡᠪᠲᠡᠷᠡᠭᠦᠯᠭᠡ᠎ᠶ᠋ᠢ ᠭᠥᠯᠢᠶᠡᠨ ᠠᠪᠴᠤ  ᠦᠵᠡᠭ᠌ᠰᠡᠨ ᠬᠡᠷᠡᠭ᠌ᠯᠡᠭ᠌ᠴᠢ 38.5 ᠲᠦᠮᠡᠨ ᠡᠷᠦᠬᠡ᠎ᠳᠤ ᠬᠦᠷᠴᠦ᠍᠂ ᠭᠥᠯᠢᠶᠡᠨ ᠠᠪᠴᠤ᠌ ᠦᠵᠡᠭ᠌ᠰᠡᠨ ᠶᠡᠷᠦᠩᠬᠡᠢ ᠴᠠᠭ᠎ᠦᠨ ᠤᠷᠲᠤ 27.9 ᠲᠦᠮᠡᠨ ᠴᠠᠭ᠎ᠲᠤ ᠬᠦᠷᠪᠡ᠃

ᠲᠤᠰ ᠬᠤᠭᠤᠴᠠᠭᠠᠨ᠎ᠤ 《ᠰᠤᠷᠭᠠᠭᠤᠯᠢ ᠡᠬᠢᠯᠡᠬᠦ᠌ ᠠᠩᠬᠠᠨ᠎ᠤ ᠬᠢᠴᠢᠶᠡᠯ》 ᠨᠢ 《ᠪᠠᠲᠤ ᠴᠡᠭᠡᠵᠢᠯᠡᠬᠦ᠌ ᠪᠠ ᠴᠢᠷᠮᠠᠢᠨ ᠲᠡᠮᠡᠴᠡᠬᠦ᠌》᠎ᠪᠠᠷ ᠭᠤᠣᠯ ᠰᠡᠳᠦᠪ ᠪᠣᠯᠭᠠᠨ᠂ ᠠᠷᠪᠠᠨ ᠳᠦᠷᠪᠡᠨ ᠵᠢᠯ᠎ᠤᠨ ᠶᠠᠫᠣᠨ᠎ᠢ ᠡᠰᠡᠷᠭᠦᠴᠡᠬᠦ᠌ ᠳᠠᠢᠨ᠎ᠤ ᠪᠡᠷᠬᠡ ᠬᠠᠲᠠᠭᠤᠵᠢᠯᠲᠠᠢ ᠥᠩᠭᠡᠷᠡᠯᠲᠡ᠎ᠶ᠋ᠢ ᠡᠷᠭᠢᠴᠡᠭᠦᠯᠬᠦ᠌᠎ᠪᠠᠷ ᠳᠠᠮᠵᠢᠭᠤᠯᠵᠤ᠂ ᠬᠥᠮᠦᠰ᠎ᠤᠨ ᠰᠡᠳᠭᠢᠯ᠎ᠢ ᠬᠥᠳᠡᠯᠭᠡᠮ᠎ᠡ ᠶᠠᠫᠦᠨ᠎ᠢ ᠡᠰᠡᠷᠭᠦᠴᠡᠭ᠌ᠰᠡᠨ ᠲᠠᠢᠨ᠎ᠤ ᠦᠯᠢᠬᠡᠷ᠎ᠢ ᠶᠠᠷᠢᠵᠤ᠂ ᠶᠠᠫᠣᠨ᠎ᠢ ᠡᠰᠡᠷᠭᠦᠴᠡᠬᠦ᠌ ᠠᠭᠤᠤ ᠶᠡᠭᠡ ᠶᠠᠫᠣᠨ᠎ᠢ ᠡᠰᠡᠷᠭᠦᠴᠡᠭ᠌ᠰᠡᠨ ᠦᠯᠢᠭᠡᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠲᠡᠦᠬᠡ ᠶ᠋ᠢᠨ ᠱᠢᠨ᠎ᠡ ᠡᠬᠢᠯᠡᠯᠲᠡ ᠳᠡᠭᠡᠷ᠎ᠡ ᠲᠡᠤᠬᠡ ᠎ᠶ᠋ᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠮᠥᠷᠥᠭᠡᠳᠦᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠥᠭᠡᠳᠡᠯᠡᠨ ᠲᠠᠪᠱᠢᠬᠤ᠎ᠪᠠᠷ ᠬᠦᠴᠦᠯᠡᠨ ᠴᠢᠷᠮᠠᠢᠵᠤ᠂ ᠢᠷᠡᠭᠡᠳᠦᠢ᠎ᠶ᠋ᠢ ᠨᠡᠭᠡᠭᠡᠬᠦ᠌ ᠎ᠶ᠋ᠢ ᠳᠠᠭᠠᠭᠤᠯᠤᠨ ᠵᠢᠯᠣᠭᠣᠳᠴᠤ᠌᠂ ᠰᠠᠢᠨ ᠰᠠᠢᠬᠠᠨ ᠨᠡᠢᠭᠡᠮ᠎ᠤᠨ ᠲᠤᠰᠭᠠᠯ ᠪᠠ ᠬᠥᠮᠦᠵᠢᠯ᠎ᠤᠨ ᠦᠷ᠎ᠡ ᠪᠦᠲᠦᠮᠵᠢ᠎ᠶ᠋ᠢ ᠤᠯᠪᠠ᠃

 

 

(ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠬᠠᠮᠢᠶᠠᠷᠤᠯᠲᠠ᠎ᠶ᠋ᠢᠨ ᠭᠠᠵᠠᠷ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ