ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠠᠵᠢᠯ᠎ᠠᠴᠠ᠎ᠪᠠᠨ ᠰᠠᠯᠵᠦ᠍ ᠪᠠᠭᠤᠵᠦ᠍ ᠠᠮᠠᠷᠠᠭ᠍ᠰᠠᠳ᠎ᠤᠨ ᠠᠵᠢᠯ᠎ᠤᠨ ᠭᠠᠵᠠᠷ᠎ᠤᠨ ᠨᠠᠮ᠎ᠤᠨ ᠶᠡᠷᠦᠩᠬᠡᠶ ᠡᠭᠦᠷ 501 ᠰᠠᠭᠤᠷᠢ ᠨᠠᠮ᠎ᠤᠨ ᠡᠭᠦᠷ᠎ᠲᠠᠢ ᠬᠠᠮᠲᠤᠷᠠᠨ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
2025-09-22

ᠣᠢᠷ᠎ᠠ᠎ᠳᠤ᠂ ᠲᠣᠪᠴᠢᠶ᠎ᠠ᠎ᠶ᠋ᠢᠨ ᠠᠵᠢᠯ᠎ᠠᠴᠠ᠎ᠪᠠᠨ ᠰᠠᠯᠵᠦ᠍ ᠪᠠᠭᠤᠵᠦ᠍ ᠠᠮᠠᠷᠠᠭ᠍ᠰᠠᠳ ᠎ᠤᠨ ᠠᠵᠢᠯ᠎ᠤᠨ ᠭᠠᠵᠠᠷ᠎ᠤᠨ ᠨᠠᠮ᠎ᠤᠨ ᠶᠡᠷᠦᠩᠬᠡᠶ ᠡᠭᠦᠷ ᠬᠢᠭᠡᠳ ᠳᠠᠮᠵᠢᠭᠤᠯᠤᠨ ᠰᠠᠴᠤᠷᠠᠭᠤᠯᠬᠤ ᠲᠥᠪ᠎ᠤᠨ 501 ᠰᠠᠭᠤᠷᠢ ᠨᠠᠮ᠎ᠤᠨ ᠡᠭᠦᠷ ᠬᠠᠮᠲᠤᠷᠠᠨ 《ᠣᠭ ᠰᠠᠨᠠᠭ᠎ᠠ᠎ᠪᠠᠨ ᠦᠶ᠎ᠡ ᠣᠯᠠᠷᠢᠨ ᠵᠠᠯᠭᠠᠮᠵᠢᠯᠠᠵᠦ᠍᠂ ᠪᠤᠭᠤᠷᠤᠯᠴᠤᠳ ᠱᠢᠨ᠎ᠡ ᠠᠶᠠᠨ ᠵᠠᠮ᠎ᠳᠤ ᠬᠦᠴᠦᠨ ᠨᠡᠮᠡᠷᠢᠯᠡᠶ᠎ᠡ》 ᠭᠡᠬᠦ᠌ ᠭᠤᠤᠯ ᠰᠡᠳᠦᠪᠲᠦ ᠨᠠᠮ᠎ᠤᠨ ᠡᠳᠣᠷ ᠥᠷᠨᠢᠭᠦᠯᠪᠡ᠃

ᠠᠵᠢᠯᠯᠠᠭ᠎ᠠ᠎ᠶ᠋ᠢᠨ ᠳᠤᠮᠳᠠ᠂ ᠪᠥᠬᠦ᠌ ᠨᠠᠮ᠎ᠤᠨ ᠭᠡᠱᠢᠭᠦᠨ 501ᠰᠠᠭᠤᠷᠢ ᠳᠠᠭᠠᠭᠤᠯᠢ ᠣᠳᠣᠨ᠎ᠤ ᠮᠠᠱᠢᠨ᠎ᠤ ᠦᠷᠦᠭᠡ᠂ ᠬᠡᠲᠦ ᠥᠨᠳᠥᠷ ᠳᠤᠲᠤᠷᠠᠴᠠᠲᠤ ᠪᠡᠶᠡᠴᠢᠯᠡᠨ ᠣᠢᠯᠠᠭᠠᠬᠤ ᠣᠷᠣᠨ᠂ ᠤᠶᠤᠲᠠᠳ᠎ᠤᠨ ᠱᠢᠨ᠎ᠡ᠎ᠶ᠋ᠢ ᠡᠭᠦᠳᠦᠨ ᠠᠳᠠᠯ ᠦᠢᠯᠡᠰ ᠴᠣᠭ᠍ᠴᠠᠯᠠᠬᠤ ᠦᠢᠯᠡᠳᠦᠯᠭᠡ᠎ᠶ᠋ᠢᠨ ᠰᠠᠭᠤᠷᠢᠨ ᠭᠠᠵᠠᠷ ᠵᠡᠷᠭᠡ ᠣᠷᠣᠨ ᠪᠦᠰᠡ᠎ᠶ᠋ᠢ ᠲᠤᠬᠠᠶ᠎ᠶ᠋ᠢᠨ ᠭᠠᠵᠠᠷ᠎ᠲᠤ ᠨᠢ ᠲᠣᠭᠤᠷᠢᠨ ᠦᠵᠡᠵᠦ᠍᠂ ᠣᠳᠣᠬᠠᠨ᠎ᠤ ᠷᠠᠳᠢᠣ᠋ ᠲᠧᠯᠸᠢᠰ᠎ᠤᠨ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠶ᠋ᠢᠨ ᠣᠳᠣᠬᠢ ᠪᠠᠢᠳᠠᠯ ᠬᠢᠭᠡᠳ ᠮᠡᠷᠭᠡᠵᠢᠯ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠭᠦᠨᠵᠡᠭᠡᠶ ᠣᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠪᠦᠬᠦ᠌ ᠨᠠᠮ᠎ᠤᠨ ᠭᠡᠱᠢᠭᠦᠳ ᠶᠡᠷᠦᠩᠬᠡᠢ ᠱᠦᠵᠢ ᠰᠢ᠎ᠶ᠋ᠢᠨ ᠫᠢᠩ᠎ᠤᠨ 《ᠪᠣᠭᠣᠷᠣᠯᠴᠣᠳ᠎ᠤᠨ ᠠᠵᠢᠯᠯᠠᠭ᠎ᠠ》᠎ᠶ᠋ᠢᠨ ᠨᠠᠰᠤᠲᠠᠢᠴᠤᠳ᠎ᠤᠨ ᠰᠠᠢᠨ ᠳᠤᠷ᠎ᠠ᠎ᠶ᠋ᠢᠨ ᠠᠵᠢᠯᠯᠠᠭ᠍ᠴᠢ᠎ᠶ᠋ᠢᠨ ᠲᠥᠯᠥᠭᠡᠯᠡᠭ᠌ᠴᠢ ᠪᠣᠯᠤᠨ ᠱᠠᠩᠬᠠᠢ ᠬᠤᠳᠠ᠎ᠶ᠋ᠢᠨ ᠶᠠᠩ ᠫᠦ᠋ ᠲᠣᠭᠤᠷᠢᠭ᠎ᠤᠨ 《ᠯᠣᠣ ᠶᠠᠩ ᠱᠤ᠌ ᠤᠬᠠᠭᠤᠯᠤᠨ ᠲᠠᠢᠯᠪᠤᠷᠢᠯᠠᠬᠤ ᠴᠤᠭ᠍ᠯᠠᠭᠠᠨ》᠎ᠤ ᠪᠦᠬᠦ᠌ ᠨᠥᠬᠦᠳ᠎ᠤᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠱᠢᠰᠲ᠋ᠧᠮ᠎ᠤᠨ ᠢᠷᠠᠭᠤ ᠠᠯᠳᠠᠷᠲᠤ ᠤᠯᠠᠮᠵᠢᠯᠠᠯ᠎ᠢ ᠤᠯᠠᠮᠵᠢᠯᠠᠬᠤ᠂ ᠷᠠᠳᠢᠣ᠋ ᠲᠧᠯᠸᠢᠰ᠎ᠤᠨ ᠱᠢᠰᠲ᠋ᠧᠮ᠎ᠤᠨ 《ᠪᠣᠭᠣᠷᠣᠯ ᠴᠢᠳᠠᠪᠤᠷᠢᠲᠠᠨ》᠎ᠤ ᠦᠢᠯᠡᠳᠦᠯ᠎ᠢ ᠭᠦᠢᠴᠡᠳ ᠪᠠᠳᠠᠷᠠᠭᠤᠯᠬᠤ᠎ᠶ᠋ᠢᠨ ᠲᠣᠭᠤᠷᠢᠨ᠎ᠳᠤ ᠭᠦᠨᠵᠡᠭᠡᠢ ᠰᠣᠯᠢᠯᠴᠠᠵᠠᠢ᠃ 3ᠠᠵᠢᠯ᠎ᠠᠴᠠ᠎ᠪᠠᠨ ᠠᠮᠠᠷᠠᠭ᠍ᠰᠠᠨ ᠺᠠᠳ᠋ᠷ 501 ᠰᠠᠭᠤᠷᠢ ᠲᠧᠯᠸᠢᠰ ᠪᠠᠢᠭᠤᠯᠤᠭ᠍ᠳᠠᠭ᠍ᠰᠠᠨ ᠥᠩᠭᠡᠷᠡᠯᠲᠡ᠎ᠪᠠᠨ ᠭᠦᠨ ᠰᠡᠳᠭᠢᠯᠭᠡ᠎ᠲᠠᠢ᠎ᠪᠠᠷ ᠡᠷᠭᠢᠴᠡᠭᠦᠯᠵᠦ᠍᠂ ᠷᠠᠳᠢᠣ᠋ ᠲᠧᠯᠸᠢᠰ᠎ᠤᠨ ᠦᠢᠯᠡᠰ ᠡᠳᠦᠷ᠎ᠠᠴᠠ ᠡᠳᠦᠷ ᠱᠢᠨᠡᠳᠦᠨ ᠬᠤᠪᠢᠷᠠᠵᠤ ᠪᠠᠢᠭ᠎ᠠ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠳᠤ ᠰᠡᠳᠭᠢᠯ ᠳᠣᠭ᠍ᠳᠣᠯᠵᠤ᠂  《ᠠᠵᠢᠯ᠎ᠠᠴᠠ᠎ᠪᠠᠨ ᠠᠮᠠᠷᠠᠭ᠍ᠰᠠᠨ ᠴᠤ᠌ ᠥᠩᠭᠡ ᠵᠢᠰᠦ ᠪᠠᠭᠤᠷᠠᠬᠤ ᠦᠭᠡᠢ᠂ ᠠᠵᠢᠯ᠎ᠤᠨ ᠪᠠᠢᠷᠢ᠎ᠠᠴᠠ᠎ᠪᠠᠨ ᠰᠠᠯᠤᠭ᠍ᠰᠠᠨ ᠴᠤ᠌ ᠨᠠᠮ᠎ᠠᠴᠠ ᠰᠠᠯᠬᠤ ᠦᠭᠡᠢ》ᠭᠡᠬᠦ᠌ ᠢᠲᠡᠭᠡᠯ ᠵᠣᠷᠢᠭ᠎ᠢ ᠪᠠᠷᠢᠮᠲᠠᠯᠠᠵᠤ᠂ ᠷᠠᠳᠢᠣ᠋ ᠲᠧᠯᠸᠢᠰ᠎ᠤᠨ ᠦᠢᠯᠡᠰ᠎ᠤᠨ ᠬᠥᠭ᠌ᠵᠢᠯᠲᠡ᠎ᠳᠤ ᠥᠪᠡᠷ᠎ᠤᠨ ᠬᠦᠴᠦᠨ ᠴᠢᠳᠠᠯ᠎ᠢᠶᠠᠨ ᠦᠷᠭᠦᠯᠵᠢᠯᠡᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠪᠡ᠃ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠠᠬᠠᠮᠠᠳ ᠨᠥᠬᠦᠳ᠎ᠤᠨ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠠᠬᠠᠮᠠᠳ ᠨᠥᠬᠦᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠢᠳᠡᠪᠬᠢᠲᠡᠶ ᠲᠠᠪᠴᠠᠩ ᠪᠠᠢᠭᠤᠯᠵᠤ᠂ 《ᠪᠣᠭᠣᠷᠣᠯ ᠴᠢᠳᠠᠪᠤᠷᠢᠲᠠᠨ》᠎ᠤ ᠳᠠᠪᠠᠭᠤᠯᠢᠭ᠎ᠢ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ᠃

 

(ᠠᠵᠢᠯ᠎ᠠᠴᠠ ᠎ᠪᠠᠨ ᠰᠠᠯᠵᠦ᠍ ᠪᠠᠭᠤᠵᠦ᠍ ᠠᠮᠠᠷᠠᠭ᠍ᠰᠠᠳ ᠎ᠤᠨ ᠠᠵᠢᠯ᠎ᠤᠨ ᠭᠠᠵᠠᠷ ᠂ 501 ᠰᠠᠭᠤᠷᠢ)

ᠢᠷᠡᠯᠲᠡ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ