ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠠᠵᠢᠯ᠎ᠠᠴᠠ᠎ᠪᠠᠨ ᠰᠠᠯᠵᠦ᠍ ᠪᠠᠭᠣᠵᠦ᠍ ᠠᠮᠠᠷᠠᠭ᠍ᠰᠠᠳ᠎ᠤᠨ ᠠᠵᠢᠯ᠎ᠤᠨ ᠭᠠᠵᠠᠷ᠂ ᠶᠡᠷᠣᠩᠬᠡᠢ ᠪᠠᠲᠤᠯᠠᠭ᠎ᠠ᠎ᠶ᠋ᠢᠨ ᠲᠥᠪ ᠬᠠᠮᠲᠤᠷᠠᠨ 《ᠲᠡᠦᠬᠡ᠎ᠪᠠᠨ ᠪᠠᠲᠤ ᠴᠡᠭᠡᠵᠢᠯᠡᠵᠦ᠍ ᠣᠭ ᠰᠠᠨᠠᠭ᠎ᠠ᠎ᠪᠠᠨ ᠰᠠᠬᠢᠵᠤ ᠪᠣᠭᠣᠷᠣᠯ ᠬᠤᠱᠢᠭᠤᠴᠢ ᠭᠠᠯ ᠣᠯᠠᠮᠵᠢᠯᠠᠬᠣ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
2025-09-26

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠪᠠᠬᠢ ᠪᠣᠯᠭᠠᠬᠤ᠎ᠶ᠋ᠢᠨ ᠲᠥᠯᠥᠭᠡ᠂ ᠠᠵᠢᠯ᠎ᠠᠴᠠ᠎ᠪᠠᠨ ᠪᠠᠭᠣᠵᠦ᠍ ᠠᠮᠠᠷᠠᠭ᠍ᠰᠠᠨ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ᠎ᠶ᠋ᠢ ᠴᠢᠩᠭᠠᠳᠭᠠᠪᠠ᠃ 《ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ》᠎ᠶ᠋ᠢᠨ ᠠᠵᠢᠯ᠎ᠤᠨ ᠲᠣᠬᠢᠷᠠᠭᠤᠯᠤᠯᠲᠠ ᠶᠣᠰᠣᠭᠠᠷ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠠᠵᠢᠯ᠎ᠠᠴᠠ᠎ᠪᠠᠨ ᠰᠠᠯᠵᠦ᠍ ᠪᠠᠭᠣᠵᠦ᠍ ᠠᠮᠠᠷᠠᠭ᠍ᠰᠠᠳ᠎ᠤᠨ ᠠᠵᠢᠯ᠎ᠤᠨ ᠭᠠᠵᠠᠷ᠂ ᠶᠡᠷᠣᠩᠬᠡᠢ ᠪᠠᠲᠤᠯᠠᠭ᠎ᠠ᠎ᠶ᠋ᠢᠨ ᠲᠥᠪ᠎ᠠᠴᠠ ᠠᠵᠢᠯ᠎ᠠᠴᠠ᠎ᠪᠠᠨ ᠪᠠᠭᠤᠵᠦ᠍ ᠠᠮᠠᠷᠠᠭ᠍ᠰᠠᠨ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠤᠨ ᠥᠪᠥᠷ ᠮᠣᠩᠭᠤᠯ᠎ᠤᠨ ᠮᠦᠽᠧᠶ᠎ᠶ᠋ᠢᠨ ᠱᠢᠨ᠎ᠡ ᠣᠷᠳᠣᠨ᠎ᠳᠤ ᠣᠴᠢᠭᠣᠯᠵᠦ᠍᠂ 《ᠲᠡᠦᠬᠡ᠎ᠪᠠᠨ ᠪᠠᠲᠤ ᠴᠡᠭᠡᠵᠢᠯᠡᠵᠦ᠍ ᠣᠭ ᠰᠠᠨᠠᠭ᠎ᠠ᠎ᠪᠠᠨ ᠰᠠᠬᠢᠵᠤ  ᠪᠣᠭᠣᠷᠣᠯ ᠬᠤᠱᠢᠭᠤᠴᠢ ᠭᠠᠯ ᠤᠯᠠᠮᠵᠢᠯᠠᠬᠤ》᠎ᠪᠠᠷ ᠭᠤᠤᠯ ᠰᠡᠳᠦᠪ ᠪᠣᠯᠭᠠᠵᠤ᠂ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠶ᠋ᠢ ᠬᠠᠮᠲᠤᠷᠠᠨ ᠥᠷᠨᠢᠭᠦᠯᠪᠡ᠃

ᠠᠵᠢᠯ᠎ᠠᠴᠠ᠎ᠪᠠᠨ  ᠪᠠᠭᠣᠵᠦ᠍ ᠠᠮᠠᠷᠠᠭ᠍ᠰᠠᠨ ᠨᠠᠮ᠎ᠤᠨ ᠭᠡᠱᠢᠭᠦᠨ 《ᠤᠮᠠᠷᠠᠲᠤ ᠬᠢᠯᠢ᠎ᠶ᠋ᠢ ᠠᠭᠤᠰᠭᠠᠨ ᠴᠤᠬ᠍ᠴᠠᠯᠠᠬᠤ—ᠰᠦᠢ ᠲᠠᠩ ᠤᠯᠤᠰ᠎ᠠᠴᠠ ᠯᠢᠶᠣᠤ ᠰᠦᠩ ᠱᠢᠶᠠ ᠠᠯᠳᠠᠨ ᠤᠯᠤᠰ᠎ᠤᠨ ᠦᠶ᠎ᠡ ᠬᠦᠷᠬᠦ᠌᠂ 《ᠴᠢᠯᠥᠭᠡᠯᠡᠯᠲᠡ᠎ᠶ᠋ᠢᠨ ᠵᠠᠮ —ᠥᠪᠥᠷ ᠮᠣᠩᠭᠤᠯ᠎ᠤᠨ ᠬᠤᠪᠢᠰᠭᠠᠯ᠎ᠤᠨ ᠲᠡᠦᠬᠡ᠎ᠶ᠋ᠢᠨ ᠦᠵᠡᠭᠦᠯᠦᠯᠭᠡ》 ᠭᠡᠬᠦ᠌ ᠭᠤᠣᠯ ᠰᠡᠳᠦᠪᠲᠦ ᠦᠵᠡᠭᠦᠯᠭᠡ᠎ᠶ᠋ᠢᠨ ᠲᠢᠩᠬᠢᠮ᠎ᠢ ᠲᠣᠭᠤᠷᠢᠨ ᠦᠵᠡᠭ᠌ᠰᠡᠨ ᠪᠥᠭᠡᠳ ᠨᠠᠮ᠎ᠳᠤ ᠣᠷᠣᠬᠤ ᠲᠠᠩᠭᠠᠷᠢᠭ᠎ᠢᠶᠠᠨ ᠲᠠᠬᠢᠨ ᠡᠷᠭᠢᠴᠡᠭᠦᠯᠪᠡ᠃ ᠲᠤᠬᠠᠢ᠎ᠶ᠋ᠢᠨ ᠲᠠᠯᠠᠪᠠᠢ᠎ᠳᠤ ᠬᠤᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠲᠣᠭᠤᠷᠢᠨ ᠦᠵᠡᠬᠦ᠌᠎ᠪᠠᠷ ᠳᠠᠮᠵᠢᠭᠤᠯᠵᠤ᠂ ᠨᠠᠮ᠎ᠤᠨ ᠲᠡᠦᠬᠡ᠎ᠶ᠋ᠢᠨ ᠦᠯᠢᠭᠡᠷ᠎ᠢ ᠨᠠᠷᠢᠨ ᠬᠢᠨᠠᠮᠠᠭᠠᠢ ᠰᠣᠨᠣᠰᠴᠤ᠌᠂ ᠠᠵᠢᠯ᠎ᠠᠴᠠ᠎ᠪᠠᠨ ᠪᠠᠭᠣᠵᠦ᠍ ᠠᠮᠠᠷᠠᠭ᠍ᠰᠠᠨ ᠨᠠᠮ᠎ᠤᠨ ᠭᠡᠱᠢᠭᠦᠨ᠎ᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠯ ᠰᠠᠨᠠᠭᠠᠨ᠎ᠤ ᠮᠡᠳᠡᠷᠡᠮᠵᠢ ᠪᠣᠯᠤᠨ ᠬᠠᠢᠷ᠎ᠠ ᠰᠡᠳᠭᠢᠯᠭᠡ᠎ᠶ᠋ᠢᠨ ᠮᠡᠳᠡᠷᠡᠮᠵᠢ᠎ᠶ᠋ᠢ ᠣᠯᠠᠮ ᠨᠢᠭᠡ ᠠᠯᠬᠣᠮ ᠴᠢᠩᠭᠠᠳᠭᠠᠬᠤ ᠬᠡᠷᠡᠭ᠌ᠲᠡᠢ᠃ ᠠᠵᠢᠯ᠎ᠠᠴᠠ᠎ᠪᠠᠨ ᠪᠠᠭᠣᠵᠦ᠍ ᠠᠮᠠᠷᠠᠭ᠍ᠰᠠᠨ ᠨᠠᠮ᠎ᠤᠨ ᠭᠡᠱᠢᠭᠦᠨ᠂ ᠠᠵᠢᠯ᠎ᠠᠴᠠ᠎ᠪᠠᠨ ᠪᠠᠭᠣᠵᠦ᠍ ᠠᠮᠠᠷᠠᠭ᠍ᠰᠠᠨ ᠴᠦ᠍ ᠣᠩᠭᠣᠬᠣ ᠦᠭᠡᠢ᠂ ᠦᠷᠭᠦᠯᠵᠢᠯᠡᠨ ᠤᠭ ᠰᠠᠨᠠᠭ᠎ᠠ᠎ᠪᠠᠨ ᠪᠠᠲᠤ ᠰᠠᠬᠢᠵᠤ᠂ ᠦᠯᠡᠳᠡᠪᠦᠷᠢ ᠢᠯᠴᠢ᠎ᠪᠠᠨ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠠᠮᠠᠭᠠᠯᠠᠭ᠍ᠴᠢ᠂ ᠣᠢᠯᠡᠳᠣᠯᠭᠡᠴᠢ ᠪᠠ ᠤᠯᠠᠮᠵᠢᠯᠠᠭ᠍ᠴᠢ ᠪᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

(ᠠᠵᠢᠯ᠎ᠠᠴᠠ᠎ᠪᠠᠨ ᠰᠠᠯᠵᠦ᠍ ᠪᠠᠭᠤᠵᠦ᠍ ᠠᠮᠠᠷᠠᠭ᠍ᠰᠠᠳ᠎ᠤᠨ ᠠᠵᠢᠯ᠎ᠤᠨ ᠭᠠᠵᠠᠷ ᠂  ᠶᠡᠷᠣᠩᠬᠡᠢ ᠪᠠᠲᠤᠯᠠᠭ᠎ᠠ᠎ᠶ᠋ᠢᠨ ᠲᠥᠪ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ