ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠳᠠᠮᠵᠢᠭᠤᠯᠵᠦ᠍ ᠰᠠᠴᠤᠷᠠᠭᠤᠯᠬᠤ ᠲᠥᠪ ᠵᠡᠷᠭᠡ ᠭᠤᠷᠪᠠᠨ ᠨᠠᠮ᠎ᠤᠨ ᠡᠭᠦᠷ ᠬᠠᠮᠲᠤᠷᠠᠨ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠶ᠋ᠢ ᠥᠷᠨᠢᠭᠦᠯᠪᠡ
2025-08-29

ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠬᠢᠭᠡᠳ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠳᠤᠷᠠᠰᠭᠠᠬᠤ᠎ᠶ᠋ᠢᠨ ᠲᠥᠯᠥᠭᠡ᠂ 8 ᠳ᠋ᠤᠭᠠᠷ ᠰᠠᠷ᠎ᠠ᠎ᠶ᠋ᠢᠨ 15 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ  ᠳᠠᠮᠵᠢᠭᠤᠯᠵᠦ᠍ ᠰᠠᠴᠤᠷᠠᠭᠤᠯᠬᠤ ᠲᠥᠪ᠎ᠦᠨ 839 ᠰᠠᠭᠤᠷᠢ ᠬᠣᠷᠢᠶ᠎ᠠ᠂ 610 ᠰᠠᠭᠤᠷᠢ ᠬᠣᠷᠢᠶ᠎ᠠ᠂ 841 ᠰᠠᠭᠤᠷᠢ ᠬᠣᠷᠢᠶ᠎ᠠ᠎ᠶ᠋ᠢᠨ ᠨᠠᠮ᠎ᠤᠨ ᠡᠭᠦᠷ᠎ᠤᠨ 30 ᠭᠠᠷᠤᠶ ᠨᠠᠮ᠎ᠤᠨ ᠭᠡᠱᠢᠭᠦᠨ ᠺᠠᠳ᠋ᠷ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠴᠡᠷᠢᠭ᠎ᠤᠨ ᠲᠡᠦᠬᠡ᠎ᠶ᠋ᠢᠨ ᠣᠷᠳᠣᠨ᠎ᠳᠤ ᠬᠦᠷᠴᠦ᠍ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

ᠴᠡᠷᠢᠭ᠎ᠤᠨ ᠲᠡᠦᠬᠡ᠎ᠶ᠋ᠢᠨ ᠮᠦᠽᠧᠢ᠎ ᠣᠷᠳᠣᠨ ᠨᠢ ᠶᠠᠫᠣᠨ᠎ᠢ ᠡᠰᠡᠷᠭᠦᠴᠡᠬᠦ᠌ ᠳᠠᠢᠨ᠎ᠤ ᠦᠶ᠎ᠡ᠂ ᠴᠢᠯᠦᠭᠡᠯᠡᠬᠦ᠌ ᠳᠠᠢᠨ᠎ᠤ ᠦᠶ᠎ᠡ᠂ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠴᠠᠭ ᠦᠶ᠎ᠡ ᠵᠡᠷᠭᠡ 4 ᠴᠠᠭ ᠦᠶ᠎ᠡ᠎ᠶ᠋ᠢᠨ 27 ᠪᠦᠯᠦᠭ᠎ᠢᠶᠠᠷ ᠪᠦᠷᠢᠯᠳᠦᠵᠡᠢ᠃ ᠲᠠᠢᠯᠪᠤᠷᠢᠯᠠᠭ᠍ᠴᠢ ᠴᠡᠷᠢᠭ᠎ᠤᠨ ᠲᠡᠦᠬᠡᠨ᠎ᠳᠠᠬᠢ ᠴᠢᠬᠤᠯᠠ ᠬᠥᠮᠦᠰ᠂ ᠲᠡᠦᠬᠡ᠎ᠶ᠋ᠢᠨ ᠬᠡᠷᠡᠭ ᠶᠠᠪᠤᠳᠠᠯ ᠵᠢᠴᠢ ᠬᠤᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠣᠭᠤᠷᠢᠨ᠎ᠳᠤ ᠪᠦᠬᠦ᠌ ᠲᠠᠯ᠎ᠠ᠎ᠶ᠋ᠢᠨ ᠲᠠᠢᠯᠤᠮᠵᠢ ᠬᠢᠵᠦ᠍᠂ ᠺᠠᠳ᠋ᠷ ᠠᠵᠢᠯᠳᠠᠨ ᠠᠵᠢᠯᠴᠢᠨ᠎ᠢ ᠬᠦᠳᠦᠯᠦᠨ ᠵᠢᠯᠣᠭᠤᠳᠴᠤ᠌ ᠪᠠᠢᠭᠠᠳ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠲᠡᠦᠬᠡ᠎ᠶ᠋ᠢᠨ ᠬᠤᠪᠢᠰᠤᠯᠲᠠ᠎ᠶ᠋ᠢ ᠣᠢᠯᠠᠭᠠᠭᠤᠯᠵᠤ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠲᠡᠷᠢᠭᠦᠨ᠎ᠤ ᠦᠢᠯᠡ ᠠᠵᠢᠯᠯᠠᠭ᠎ᠠ᠎ᠶ᠋ᠢ ᠰᠤᠷᠤᠯᠴᠠᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠲᠤ ᠬᠤᠪᠢᠰᠭᠠᠯ᠎ᠤᠨ ᠠᠬᠠᠮᠠᠳ ᠦᠶ᠎ᠡ᠎ᠶ᠋ᠢᠨ᠎ᠬᠢᠨ᠎ᠤ ᠲᠡᠰᠪᠦᠷᠢ ᠬᠠᠲᠠᠭᠤᠵᠢᠯᠲᠠᠢ ᠲᠡᠮᠡᠴᠡᠬᠦ᠌ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠶ᠋ᠢ ᠭᠦᠨᠵᠡᠭᠡᠢ ᠤᠢ᠍ᠢᠯᠠᠭᠠᠭᠤᠯᠵᠠᠢ᠃ ᠤᠯᠠᠨ᠎ᠢᠶᠠᠷ᠎ᠢᠶᠠᠨ᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠰᠢ ᠵᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠬᠦᠰᠡᠯᠡᠩ᠎ᠢᠶᠠᠨ ᠪᠠᠲᠤᠳᠭᠠᠬᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠂ ᠰᠤᠷᠲᠠᠯ᠎ᠢᠶᠠᠨ ᠬᠤᠪᠢᠷᠠᠭᠤᠯᠬᠤ ᠪᠠ ᠦᠢᠯᠡᠳᠦᠯᠭᠡ᠎ᠪᠠᠨ ᠵᠢᠯᠣᠭᠤᠳᠭᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠠᠮᠤᠷ ᠲᠦᠪᠱᠢᠨ᠎ᠤ ᠳᠠᠮᠵᠢᠯᠭ᠎ᠠ᠎ᠶ᠋ᠢᠨ ᠪᠠᠲᠤᠯᠠᠭ᠎ᠠ᠎ᠶ᠋ᠢᠨ ᠡᠯ᠎ᠡ ᠵᠦᠢᠯ᠎ᠤᠨ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠷᠠᠳᠢᠣ᠋ ᠲᠧᠯᠸᠢᠰ᠎ᠤᠨ ᠳᠣᠬᠢᠶ᠎ᠠ᠎ᠶ᠋ᠢᠨ ᠎ᠶ᠋ᠢ ᠴᠢᠨᠠᠷ ᠰᠠᠢᠲᠠᠢ ᠥᠨᠳᠥᠷ ᠪᠦᠲᠦᠮᠵᠢᠲᠡᠢ ᠳᠠᠮᠵᠢᠭᠤᠯᠬᠤ᠎ᠶ᠋ᠢ ᠪᠠᠲᠤᠯᠠᠨ᠎ᠠ ᠭᠡᠵᠦ᠍ ᠢᠯᠡᠳᠭᠡᠵᠡᠭᠡᠪᠡ᠃

 

(ᠳᠠᠮᠵᠢᠭᠤᠯᠵᠤ ᠰᠠᠴᠤᠷᠠᠭᠤᠯᠬᠤ ᠲᠥᠪ)

ᠢᠷᠡᠯᠲᠡ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ