ᠪᠥᠬᠥ ᠬᠣᠲᠠ ᠵᠢᠨ 158 ᠵᠠᠰᠠᠭ ᠵᠠᠬᠢᠷᠭ᠋ᠠᠨ᠎ᠤ ᠡᠷᠬᠡ ᠵᠢᠴᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯ᠎ᠢ ᠦᠨᠳᠦᠰᠦᠨ ᠱᠠᠲᠤᠨ᠎ᠳᠤ ᠪᠠᠭᠤᠯᠭ᠋ᠠᠪᠠ
2023-11-22




   ᠬᠣᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠠᠴᠠ ᠣᠢ᠌ᠯᠠᠭ᠋ᠠᠭᠰᠠᠨ᠎ᠨᠢ᠂ ᠡᠨᠡ ᠵᠢᠯ᠎ᠠᠴᠠ ᠨᠠᠭ᠋ᠠᠰᠢ᠂ ᠮᠠᠨ᠎ᠤ ᠬᠣᠲᠠ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ᠂ ᠰᠢᠭᠤᠳ ᠳᠣᠷᠣᠭᠰᠢ ᠪᠠᠭᠤᠯᠭ᠋ᠠᠬᠤ᠂ ᠨᠠᠢ᠌ᠳᠠᠨ ᠬᠡᠷᠡᠭᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠥᠬᠥ ᠬᠣᠲᠠ ᠵᠢᠨ 20 ᠰᠠᠯᠠᠭ᠎ᠠ ᠮᠥᠴᠢᠷ᠎ᠤᠨ 158 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠴᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯ᠎ᠢ ᠦᠨᠳᠦᠰᠦᠨ ᠱᠠᠲᠤᠨ᠎ᠳᠤ ᠪᠠᠭᠤᠯᠭ᠋ᠠᠵᠤ᠂ᠮᠡᠳᠡᠭᠳᠡᠬᠦ ᠠᠮᠠᠯᠠᠬᠤ᠂ ᠳᠤᠲᠠᠭᠤ ᠵᠢ ᠪᠠᠭᠲᠠᠭ᠋ᠠᠨ ᠭᠥᠯᠢᠶᠡᠨ ᠠᠪᠴᠤ ᠰᠢᠢ᠍ᠳᠪᠦᠷᠢᠯᠡᠬᠦ ᠪᠠ 《ᠦᠨᠡᠮᠯᠡᠯ ᠦᠵᠡᠬᠦ ᠦᠭᠡᠢ ᠭᠦᠢ᠍ᠴᠡᠳᠬᠡᠬᠦ》 ᠵᠡᠷᠭᠡ ᠠᠷᠭ᠎ᠠ ᠮᠠᠶᠢᠭ᠎ᠢ ᠠᠪᠴᠤ᠂ ᠲᠤᠰᠢᠶᠠᠬᠤ ᠴᠢᠬᠤᠯᠠ᠎ᠲᠠᠢ ᠮᠠᠲ᠋ᠧᠷᠢᠶᠠᠯ᠎ᠢ 800 ᠬᠤᠪᠢ ᠬᠠᠰᠤᠵᠤ᠂ ᠭᠦᠢ᠍ᠴᠡᠳᠬᠡᠬᠦ ᠭᠣᠭᠴᠣᠭ᠎ᠠ ᠵᠢ 338 ᠬᠤᠪᠢ ᠪᠠᠭ᠋ᠠᠰᠬᠠᠵᠤ᠂ ᠠᠮᠠᠯᠠᠯᠲᠠ ᠵᠢᠨ ᠶᠡᠷᠦᠩᠬᠡᠢ ᠴᠠᠭ᠎ᠤᠨ ᠬᠢᠵᠠᠭ᠋ᠠᠷ᠎ᠢ 76%᠎ᠪᠠᠷ ᠪᠠᠭ᠋ᠠᠰᠬᠠᠪᠠ᠃       

   ᠡᠭᠦᠨ᠎ᠤ ᠬᠠᠮᠲᠤ᠂ 14 ᠰᠠᠯᠠᠭ᠎ᠠ ᠮᠥᠴᠢᠷ᠎ᠤᠨ 121 ᠵᠦᠢ᠍ᠯ᠎ᠤᠨ ᠬᠠᠷᠢᠯᠴᠠᠭ᠋ᠠᠨ᠎ᠤ ᠲᠤᠬᠠᠢ᠌ᠯᠠᠭᠰᠠᠨ ᠠᠵᠢᠯ᠎ᠢ ᠰᠢᠯᠢᠳᠡᠭᠵᠢᠭᠦᠯᠦᠨ ᠲᠣᠬᠢᠷᠠᠭᠤᠯᠵᠤ᠂ᠭᠣᠭᠴᠣᠭ᠎ᠠ ᠵᠢ 15%᠎ᠪᠠᠷ ᠪᠠᠭ᠋ᠠᠰᠬᠠᠨ᠂ ᠲᠤᠰᠢᠶᠠᠬᠤ ᠴᠢᠬᠤᠯᠠ᠎ᠲᠠᠢ ᠮᠠᠲ᠋ᠧᠷᠢᠶᠠᠯ᠎ᠢ 18.9%᠎ᠪᠠᠷ ᠴᠣᠮᠬᠠᠳᠬᠠᠵᠤ᠂ ᠴᠠᠭ᠎ᠤᠨ ᠬᠢᠵᠠᠭ᠋ᠠᠷ᠎ᠢ 37%᠎ᠪᠠᠷ ᠪᠠᠭ᠋ᠠᠰᠬᠠᠨ᠂ 《ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠨᠢ ᠤᠳᠠᠭ᠋ᠠᠨ᠂ ᠠᠵᠢᠯᠯᠠᠭ᠎ᠠ᠎ᠨᠢ ᠤᠳᠠᠭ᠋ᠠᠨ᠂ ᠦᠷ᠎ᠡ ᠳ᠋ᠦᠩ᠎ᠨᠢ ᠤᠳᠠᠭ᠋ᠠᠨ》 ᠪᠠᠢ᠌ᠬᠤ ᠬᠦᠴᠢᠷ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ (ᠯᠢ ᠬᠠᠢ ᠵᠧᠨ)

 

ᠢᠷᠡᠯᠲᠡ᠄ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ