《ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠵᠦᠭᠯᠡᠭᠦᠷ (ᠲᠤᠷᠰᠢᠨ ᠬᠡᠷᠡᠭᠵᠢᠭᠦᠯᠬᠦ)》᠎ᠤᠨ ᠲᠠᠢ᠌ᠯᠤᠮᠵᠢ
2023-11-29




   ᠨᠢᠭᠡ᠂ ᠲᠣᠭᠲᠠᠭ᠋ᠠᠭᠰᠠᠨ ᠠᠬᠤᠢ ᠪᠠᠢ᠌ᠳᠠᠯ          

   ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠠᠭᠤᠯᠭ᠎ᠠ ᠵᠢ ᠴᠢᠨᠠᠭᠰᠢᠳᠠ ᠤᠯᠠᠮ ᠵᠢᠷᠤᠮᠵᠢᠭᠤᠯᠤᠨ᠂ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠭᠦᠨᠵᠡᠭᠡᠢ ᠪᠠᠢ᠌ᠴᠠᠭ᠋ᠠᠨ ᠰᠣᠳᠣᠯᠵᠤ᠂ ᠥᠷᠭᠡᠨ ᠵᠶ᠋ᠡᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠤᠯᠤᠰ᠎ᠤᠨ ᠬᠢᠲᠠᠳ ᠡᠮ ᠡᠮᠨᠡᠯᠭᠡ ᠵᠢᠨ ᠲᠣᠪᠴᠢᠶ᠎ᠠ ᠪᠠ ᠤᠯᠤᠰ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠲᠣᠪᠴᠢᠶ᠎ᠠ᠎ᠲᠠᠢ ᠬᠠᠮᠲᠤᠷᠠᠨ 《ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠵᠦᠭᠯᠡᠭᠦᠷ (ᠲᠤᠷᠰᠢᠨ ᠬᠡᠷᠡᠭᠵᠢᠭᠦᠯᠬᠦ)》 (ᠳᠣᠷᠣᠭᠰᠢ 《ᠵᠦᠭᠯᠡᠭᠦᠷ》 ᠭᠡᠵᠦ ᠲᠣᠪᠴᠢᠯᠠᠨ᠎ᠠ)᠎ᠢ ᠰᠤᠳᠤᠯᠤᠨ ᠲᠣᠭᠲᠠᠭ᠋ᠠᠪᠠ᠃ 《ᠵᠦᠭᠯᠡᠭᠦᠷ》᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠪᠠᠷᠢᠮᠵᠢᠶ᠎ᠡ ᠵᠢᠷᠤᠮᠵᠢᠯ᠎ᠢ ᠯᠠᠪᠯᠠᠨ᠂ ᠪᠦᠬᠦ ᠲᠠᠯᠠᠲᠤ ᠴᠢᠨᠠᠷ᠂ ᠣᠨᠣᠪᠴᠢᠲᠤ ᠴᠢᠨᠠᠷ᠂ ᠬᠤᠭᠤᠴᠠᠭ᠋ᠠᠲᠤ ᠴᠢᠨᠠᠷ ᠪᠠ ᠬᠡᠷᠡᠭᠯᠡᠭᠡᠨ᠎ᠤ ᠴᠢᠨᠠᠷ ᠵᠡᠷᠭᠡ ᠵᠠᠷᠴᠢᠮ᠎ᠤᠳ᠎ᠢ ᠵᠢᠷᠤᠮᠯᠠᠭᠰᠠᠨ ᠪᠥᠭᠡᠳ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠭᠡᠷ ᠪᠠ ᠨᠡᠢ᠌ᠭᠡᠮ ᠲᠣᠭᠣᠷᠢᠭ᠎ᠤᠨ ᠣᠷᠴᠢᠨ᠎ᠳᠤ ᠬᠠᠩᠭ᠋ᠠᠬᠤ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠦᠢ᠍ᠯᠡᠴᠢᠯᠡᠭᠡᠨ᠎ᠤ ᠠᠭᠤᠯᠭ᠎ᠠ ᠬᠢᠭᠡᠳ ᠱᠠᠭ᠋ᠠᠷᠳᠠᠯᠭ᠎ᠠ ᠵᠢ ᠵᠢᠷᠤᠮᠵᠢᠭᠤᠯᠵᠠᠢ᠃         

   ᠬᠣᠶᠠᠷ᠂ ᠭᠣᠣᠯ ᠠᠭᠤᠯᠭ᠎ᠠ        

    《ᠵᠦᠭᠯᠡᠭᠦᠷ》᠎ᠲᠤ ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠶᠡᠷᠦᠩᠬᠡᠢ ᠳᠦᠷᠢᠮ᠂ ᠦᠨᠳᠦᠰᠦᠨ ᠱᠠᠭ᠋ᠠᠷᠳᠠᠯᠭ᠎ᠠ᠂ ᠦᠢ᠍ᠯᠡᠴᠢᠯᠡᠭᠡᠨ᠎ᠤ ᠠᠭᠤᠯᠭ᠎ᠠ ᠬᠢᠭᠡᠳ ᠱᠠᠭ᠋ᠠᠷᠳᠠᠯᠭ᠎ᠠ᠂ ᠦᠢ᠍ᠯᠡᠴᠢᠯᠡᠭᠡᠨ᠎ᠤ ᠶᠠᠪᠤᠴᠠ ᠬᠢᠭᠡᠳ ᠱᠠᠭ᠋ᠠᠷᠳᠠᠯᠭ᠎ᠠ ᠵᠡᠷᠭᠡ 4 ᠲᠠᠯ᠎ᠠ ᠵᠢ ᠲᠣᠳᠣᠷᠬᠠᠢ ᠵᠢᠷᠤᠮᠵᠢᠭᠤᠯᠵᠠᠢ᠃ ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠭᠡᠳᠡᠭ ᠪᠣᠯ ᠨᠥᠬᠥᠴᠡᠯ᠎ᠲᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠣᠯᠠᠨ ᠵᠦᠢ᠍ᠯ᠎ᠤᠨ ᠠᠷᠭ᠎ᠠ᠎ᠪᠠᠷ ᠭᠡᠷ᠎ᠲᠤ᠎ᠪᠠᠨ ᠪᠠ ᠨᠡᠢ᠌ᠭᠡᠮ ᠲᠣᠭᠤᠷᠢᠭ᠎ᠲᠤ᠎ᠪᠠᠨ ᠠᠰᠠᠷᠠᠭᠤᠯᠵᠤ ᠪᠠᠢ᠌ᠭ᠎ᠠ ᠨᠠᠰᠤᠲᠠᠢ᠌ᠴᠤᠳ᠎ᠲᠤ ᠴᠢᠬᠤᠯᠠ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ ᠵᠢ ᠵᠢᠭ᠋ᠠᠵᠤ ᠪᠣᠶ᠂ ᠲᠤᠰ ᠦᠢ᠍ᠯᠡᠴᠢᠯᠡᠭᠡ ᠵᠢ ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠡᠯ᠎ᠡ ᠱᠠᠲᠤᠨ᠎ᠤ ᠡᠯ᠎ᠡ ᠲᠦᠷᠦᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ

   ᠬᠡᠷᠡᠭᠵᠢᠭᠦᠯᠬᠦ᠎ᠳᠤ ᠲᠣᠬᠢᠷᠠᠮᠵᠢᠲᠠᠢ᠂ ᠬᠣᠯᠪᠤᠭᠳᠠᠯ ᠪᠦᠬᠦᠢ ᠪᠠᠢ᠌ᠭᠤᠯᠤᠮᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ᠎ᠨᠢ ᠣᠲᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠵᠢᠷᠤᠮᠵᠢᠯ᠂ ᠪᠠᠷᠢᠮᠵᠢᠶ᠎ᠠ ᠪᠠ ᠬᠠᠮᠢᠶᠠᠷᠤᠯᠲᠠ ᠵᠢᠨ ᠲᠣᠭᠲᠠᠭ᠋ᠠᠯ᠎ᠢ ᠬᠡᠷᠡᠭᠵᠢᠭᠦᠯᠪᠡᠯ ᠵᠣᠬᠢᠬᠤ ᠵᠢ ᠶᠡᠷᠦᠩᠬᠡᠢ ᠳᠦᠷᠢᠮ᠎ᠳᠤ ᠲᠣᠳᠤᠷᠬᠠᠢ᠌ᠯᠠᠵᠠᠢ᠃ ᠦᠨᠳᠦᠰᠦᠨ ᠱᠠᠭ᠋ᠠᠷᠳᠠᠯᠭ᠎ᠠ᠎ᠳᠤ ᠪᠠᠢ᠌ᠭᠤᠯᠤᠮᠵᠢ ᠵᠢᠨ ᠬᠢᠷᠢ ᠬᠡᠮ᠂ ᠪᠡᠯᠡᠳᠬᠡᠮᠵᠢ ᠲᠥᠬᠦᠭᠡᠷᠦᠮᠵᠢ ᠪᠠ ᠦᠢ᠍ᠯᠡᠴᠢᠯᠡᠬᠦ ᠠᠵᠢᠯᠲᠠᠨ᠎ᠤ ᠬᠢᠷᠢ ᠬᠡᠮ ᠵᠡᠷᠭᠡ 2 ᠲᠠᠯ᠎ᠠ ᠵᠢᠨ ᠠᠭᠤᠯᠭ᠎ᠠ᠎ᠳᠤ ᠴᠢᠭᠯᠡᠭᠦᠯᠦᠭᠰᠡᠨ ᠲᠣᠳᠣᠷᠬᠠᠢ ᠲᠣᠭᠲᠠᠭ᠋ᠠᠯ ᠭᠠᠷᠭ᠋ᠠᠪᠠ᠃ ᠭᠡᠷ ᠪᠠ ᠨᠡᠢ᠌ᠭᠡᠮ ᠲᠣᠭᠣᠷᠢᠭ᠎ᠲᠤ ᠡᠮᠴᠢᠯᠡᠭᠡ ᠰᠣᠪᠢᠯᠠᠯᠲᠠ ᠵᠢ ᠤᠶᠠᠯᠳᠤᠭᠤᠯᠤᠨ ᠦᠢ᠍ᠯᠡᠴᠢᠯᠡᠬᠦ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠢ ᠠᠵᠢᠯ ᠡᠷᠭᠢᠯᠡᠬᠦ ᠵᠥᠪᠰᠢᠶᠡᠷᠡᠯ᠎ᠢ ᠬᠠᠤᠯᠢ ᠶᠣᠰᠣᠭ᠋ᠠᠷ ᠣᠯᠬᠤ ᠪᠤᠶᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ (ᠬᠢᠲᠠᠳ ᠡᠮ ᠡᠮᠨᠡᠯᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ)᠎ᠲᠤ ᠳᠠᠩᠰᠠᠯᠠᠭᠤᠯᠵᠤ᠂ ᠡᠮᠨᠡᠯᠭᠡ ᠵᠢᠨ ᠠᠵᠢᠯᠲᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠣᠯᠭᠣᠭᠰᠠᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ

   ᠪᠤᠶᠤ ᠵᠣᠬᠢᠬᠤ ᠲᠤᠰᠬᠠᠢ ᠮᠡᠷᠭᠡᠵᠢᠯ᠎ᠤᠨ ᠵᠡᠷᠭᠡ ᠴᠤᠯᠠ ᠪᠠᠢ᠌ᠬᠤ ᠬᠡᠷᠡᠭᠲᠡᠢ᠃ ᠦᠢ᠍ᠯᠡᠴᠢᠯᠡᠭᠡᠨ᠎ᠤ ᠠᠭᠤᠯᠭ᠎ᠠ ᠪᠠ ᠱᠠᠭ᠋ᠠᠷᠳᠠᠯᠭ᠎ᠠ᠎ᠳᠤ ᠡᠷᠡᠭᠦᠯ ᠮᠡᠨᠳᠦ ᠵᠢᠨ ᠬᠥᠮᠦᠵᠢᠯ᠂ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠦᠢ᠍ᠯᠡᠴᠢᠯᠡᠭᠡ᠂ ᠲᠣᠭᠣᠷᠢᠨ ᠡᠮᠴᠢᠯᠡᠬᠦ ᠦᠢ᠍ᠯᠡᠴᠢᠯᠡᠭᠡ᠂ ᠭᠡᠷ᠎ᠲᠤ᠎ᠪᠠᠨ ᠰᠠᠭᠤᠵᠤ ᠡᠮᠴᠢᠯᠡᠭᠦᠯᠬᠦ ᠡᠮᠴᠢᠯᠡᠬᠦ ᠦᠢ᠍ᠯᠡᠴᠢᠯᠡᠭᠡ᠂ᠭᠡᠷ᠎ᠲᠤ᠎ᠨᠢ ᠬᠦᠷᠴᠦ ᠡᠮᠴᠢᠯᠡᠬᠦ ᠦᠢ᠍ᠯᠡᠴᠢᠯᠡᠭᠡ᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡ᠂ ᠰᠡᠳᠬᠢᠴᠡ ᠮᠡᠳᠡᠷᠡᠯ᠎ᠤᠨ ᠦᠢ᠍ᠯᠡᠴᠢᠯᠡᠭᠡ᠂ ᠰᠢᠯᠵᠢᠭᠦᠯᠦᠨ ᠡᠮᠴᠢᠯᠡᠬᠦ ᠦᠢ᠍ᠯᠡᠴᠢᠯᠡᠭᠡ ᠵᠡᠷᠭᠡ 8 ᠲᠥᠷᠥᠯ᠎ᠤᠨ ᠦᠢ᠍ᠯᠡᠴᠢᠯᠡᠭᠡᠨ᠎ᠤ ᠪᠣᠳᠠᠲᠠᠢ ᠠᠭᠤᠯᠭ᠎ᠠ ᠵᠢ ᠲᠣᠳᠣᠷᠬᠠᠢ ᠲᠣᠭᠲᠠᠭ᠋ᠠᠪᠠ᠃ ᠦᠢ᠍ᠯᠡᠴᠢᠯᠡᠭᠡᠨ᠎ᠤ ᠶᠠᠪᠤᠴᠠ ᠬᠢᠭᠡᠳ ᠱᠠᠭ᠋ᠠᠷᠳᠠᠯᠭ᠎ᠠ᠎ᠳᠤ ᠭᠤᠶᠤᠴᠢᠯᠠᠬᠤ᠂ ᠦᠨᠡᠯᠡᠨ ᠵᠢᠱ᠌ᠢᠬᠦ᠂ ᠪᠠᠢ᠌ᠳᠠᠯ᠎ᠢ ᠮᠡᠳᠡᠵᠦ ᠵᠥᠪᠰᠢᠶᠡᠷᠡᠬᠦ᠂ ᠦᠢ᠍ᠯᠡᠴᠢᠯᠡᠬᠦ᠂ ᠲᠡᠮᠳᠡᠭᠯᠡᠬᠦ᠂ ᠳ᠋ᠦᠩᠨᠡᠨ ᠰᠠᠢ᠌ᠵᠢᠷᠠᠭᠤᠯᠬᠤ ᠵᠡᠷᠭᠡ 6 ᠭᠣᠭᠴᠣᠭ᠎ᠠ ᠵᠢ ᠲᠣᠳᠣᠷᠬᠠᠢ ᠳᠤᠷᠠᠳᠤᠭᠰᠠᠨ ᠮᠥᠷᠲᠡᠭᠡᠨ 9 ᠵᠦᠢ᠍ᠯ᠎ᠤᠨ ᠱᠠᠭ᠋ᠠᠷᠳᠠᠯᠭ᠎ᠠ ᠳᠤᠷᠠᠳᠴᠠᠢ᠃      

 

ᠢᠷᠡᠯᠲᠡ᠄ ᠦᠪᠦᠷ ᠮᠤᠩᠭᠤᠯ᠎ᠤᠨ ᠳᠤᠳᠤᠭ᠋ᠠᠳᠤ ᠵᠢ ᠬᠠᠮᠠᠭ᠋ᠠᠯᠠᠬᠤ ᠲᠢᠩᠬᠢᠮ