(ᠰᠤᠷᠪᠤᠯᠵᠢᠯᠠᠭᠴᠢ ᠯᠢᠶᠠᠩ ᠵᠢᠩ ᠱᠦ᠍) ᠰᠤᠷᠪᠤᠯᠵᠢᠯᠠᠭᠴᠢ ᠣᠢ᠌ᠷ᠎ᠠ᠎ᠳᠤ ᠣᠢ᠌ᠯᠠᠭ᠋ᠠᠭᠰᠠᠨ ᠵᠶ᠋ᠠᠷ᠂ ᠠᠳᠠᠯᠢ ᠪᠤᠰᠤ ᠬᠥᠮᠥᠰ᠎ᠤᠨ ᠣᠯᠠᠨ ᠡᠰᠢᠵᠢᠭᠰᠡᠨ ᠡᠷᠡᠭᠦᠯ ᠮᠡᠨᠳᠦ ᠵᠢᠨ ᠬᠡᠷᠡᠭᠴᠡᠭᠡ ᠵᠢ ᠬᠠᠩᠭ᠋ᠠᠵᠤ᠂ ᠡᠭᠦᠳᠡᠨ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠵᠢ ᠨᠥᠬᠥᠪᠦᠷᠢᠯᠡᠨ ᠲᠡᠭᠦᠯᠳᠡᠷᠵᠢᠭᠦᠯᠵᠦ᠂ᠡᠪᠡᠳᠴᠢᠲᠡᠨ᠎ᠤ ᠡᠪᠡᠳᠴᠢᠨ ᠦᠵᠡᠭᠦᠯᠬᠦ ᠮᠡᠳᠡᠷᠡᠮᠵᠢ ᠲᠦᠷᠦᠭᠳᠡᠯ᠎ᠢ ᠰᠠᠢ᠌ᠵᠢᠷᠠᠭᠤᠯᠬᠤ ᠵᠢᠨ ᠲᠦᠯᠦᠭᠡ᠂ ᠥᠪᠥᠷ ᠮᠣᠩᠭᠣᠯ᠎ᠤᠨ ᠬᠢᠲᠠᠳ ᠡᠮᠨᠡᠯᠭᠡ ᠵᠢᠨ ᠬᠣᠷᠢᠶ᠎ᠠ ᠵᠢᠨ ᠬᠢᠲᠠᠳ ᠡᠮᠨᠡᠯᠭᠡ ᠵᠢᠨ ᠰᠤᠪᠢᠯᠠᠯᠲᠠ ᠵᠢᠨ ᠡᠭᠦᠳᠡᠨ ᠡᠮᠨᠡᠯᠭᠡ ᠡᠭᠦᠳᠡ᠎ᠪᠠᠨ ᠨᠡᠭᠡᠭᠡᠵᠦ ᠣᠯᠠᠨ ᠲᠦᠮᠡᠨ᠎ᠳᠤ ᠦᠢ᠍ᠯᠡᠴᠢᠯᠡᠵᠦ ᠡᠬᠢᠯᠡᠯ᠎ᠡ ᠂ ᠡᠭᠦᠳᠡᠨ ᠡᠮᠨᠡᠯᠭᠡ᠎ᠳᠤ ᠬᠢᠲᠠᠳ ᠡᠮᠨᠡᠯᠭᠡ ᠵᠢᠨ ᠣᠨᠣᠯ᠎ᠤᠨ ᠮᠡᠳᠡᠯᠭᠡ ᠵᠢᠴᠢ ᠡᠮᠴᠢᠯᠡᠭᠡᠨ᠎ᠤ ᠦᠢ᠍ᠯᠡᠳᠦᠯᠭᠡ ᠵᠢᠨ ᠲᠤᠷᠰᠢᠯᠭ᠎ᠠ᠎ᠪᠠᠷ ᠪᠠᠶᠠᠯᠢᠭ ᠬᠢᠲᠠᠳ ᠡᠮᠨᠡᠯᠭᠡ ᠵᠢᠨ ᠲᠤᠰᠬᠠᠢ
ᠮᠡᠷᠭᠡᠵᠢᠯ᠎ᠤᠨ ᠰᠤᠪᠢᠯᠠᠭᠴᠢ᠎ᠠᠴᠠ ᠬᠣᠲᠠ ᠵᠢᠨ ᠠᠷᠠᠳ ᠣᠯᠠᠨ᠎ᠳᠤ ᠬᠢᠲᠠᠳ ᠡᠮᠨᠡᠯᠭᠡ ᠵᠢᠨ ᠣᠨᠴᠠᠯᠢᠭᠲᠤ ᠰᠤᠪᠢᠯᠠᠯᠲᠠ ᠵᠢᠨ ᠮᠡᠷᠭᠡᠵᠢᠯ᠎ᠤᠨ ᠡᠮᠴᠢᠯᠡᠭᠡ᠂ ᠰᠡᠳᠬᠢᠯ ᠰᠠᠨᠠᠭ᠋ᠠᠨ᠎ᠤ ᠰᠤᠪᠢᠯᠠᠯᠲᠠ᠂ ᠡᠷᠡᠭᠦᠯ ᠮᠡᠨᠳᠦ ᠵᠢᠨ ᠯᠠᠪᠯᠠᠭ᠎ᠠ ᠵᠡᠷᠭᠡ ᠶᠡᠷᠦᠩᠬᠡᠢ᠌ᠯᠡᠭᠰᠡᠨ ᠰᠤᠪᠢᠯᠠᠯᠲᠠ ᠵᠢᠨ ᠦᠢ᠍ᠯᠡᠴᠢᠯᠡᠭᠡ ᠬᠠᠩᠭ᠋ᠠᠨ᠎ᠠ᠃
ᠣᠢ᠌ᠯᠠᠭ᠋ᠠᠭᠰᠠᠨ ᠵᠶ᠋ᠠᠷ᠂ ᠡᠭᠦᠳᠡᠨ ᠡᠮᠨᠡᠯᠭᠡ᠎ᠳᠤ 20 ᠭᠠᠷᠤᠢ ᠡᠪᠡᠳᠴᠢᠲᠡᠨ᠎ᠤ ᠣᠷᠣ ᠭᠠᠷᠭ᠋ᠠᠵᠤ᠂ ᠣᠳᠣᠬᠠᠨ᠎ᠳᠤ ᠨᠢᠭᠡᠨᠲᠡ ᠶᠠᠪᠤᠭᠳᠠᠵᠤ ᠪᠠᠢ᠌ᠭ᠎ᠠ ᠲᠥᠷᠥᠯ ᠵᠦᠢ᠍ᠯ᠎ᠳᠤ ᠲᠦᠭᠡᠨᠡᠯᠭᠡ᠂ ᠰᠣᠷᠣᠭᠤᠯ ᠲᠠᠯᠪᠢᠬᠤ᠂ ᠴᠢᠬᠢᠨ ᠪᠠᠯᠴᠢᠷ᠎ᠤᠨ ᠵᠠᠰᠠᠯ᠂ ᠪᠠᠯᠴᠢᠷ᠎ᠤᠨ ᠨᠠᠭ᠋ᠠᠯᠲᠠ᠂ ᠠᠷᠠᠰᠤᠨ ᠳᠣᠣᠷᠠᠬᠢ ᠵᠡᠭᠦᠦ᠂ ᠴᠠᠩᠬ᠎ᠠ ᠬᠤᠰᠤᠬᠤ᠂ ᠵᠢᠩ ᠲᠠᠯᠪᠢᠬᠤ᠂ ᠳᠤᠮᠳᠠ ᠳᠠᠪᠲᠠᠮᠵᠢᠲᠤ ᠴᠠᠬᠢᠯᠭ᠋ᠠᠨ ᠵᠶ᠋ᠠᠷ ᠵᠠᠰᠠᠬᠤ᠂ ᠴᠢᠰᠤ ᠲᠠᠯᠪᠢᠬᠤ᠂ ᠢᠯᠢᠵᠦ ᠨᠤᠬᠤᠯᠬᠤ ᠵᠡᠷᠭᠡ 20 ᠭᠠᠷᠤᠢ ᠵᠦᠢ᠍ᠯ᠎ᠤᠨ ᠬᠢᠲᠠᠳ ᠡᠮᠨᠡᠯᠭᠡ ᠵᠢᠨ ᠰᠤᠪᠢᠯᠠᠯᠲᠠ ᠵᠢᠨ ᠮᠡᠷᠭᠡᠵᠢᠯ ᠪᠣᠢ᠃ ᠬᠡᠷᠡᠭᠴᠡᠭᠡ ᠱᠠᠭ᠋ᠠᠷᠳᠠᠯᠭ᠎ᠠ᠎ᠲᠠᠢ ᠡᠪᠡᠳᠴᠢᠲᠡᠨ᠎ᠢ ᠡᠭᠦᠳᠡᠨ ᠡᠮᠨᠡᠯᠭᠡ ᠵᠢᠨ ᠡᠮᠴᠢ᠎ᠠᠴᠠ ᠬᠤᠪᠢᠰᠤᠩᠭᠤᠢ᠎ᠪᠠᠷ ᠣᠨᠣᠰᠢᠯᠠᠭᠰᠠᠨᠤ ᠳᠠᠷᠠᠭ᠎ᠠ ᠵᠣᠬᠢᠬᠤ ᠡᠮᠴᠢᠯᠡᠭᠡᠨ᠎ᠤ ᠵᠦᠢ᠍ᠯ᠎ᠢ ᠭᠠᠷᠭ᠋ᠠᠵᠤ᠂ ᠬᠢᠲᠠᠳ ᠡᠮᠨᠡᠯᠭᠡ ᠵᠢᠨ ᠶᠡᠷᠦᠩᠬᠡᠢ᠌ᠯᠡᠭᠰᠡᠨ ᠡᠮᠴᠢᠯᠡᠭᠡᠨ᠎ᠤ ᠲᠥᠪ᠎ᠤᠨ ᠬᠢᠲᠠᠳ ᠡᠮᠨᠡᠯᠭᠡ ᠵᠢᠨ ᠰᠤᠪᠢᠯᠠᠯᠲᠠ ᠵᠢᠨ ᠡᠭᠦᠳᠡᠨ ᠡᠮᠨᠡᠯᠭᠡ᠎ᠳᠤ ᠣᠴᠢᠵᠤ ᠡᠮᠨᠡᠭᠦᠯᠦᠨ᠎ᠡ᠃ ᠬᠢᠲᠠᠳ ᠡᠮᠨᠡᠯᠭᠡ ᠵᠢᠨ ᠰᠤᠪᠢᠯᠠᠯᠲᠠ ᠵᠢᠨ ᠡᠭᠦᠳᠡᠨ ᠡᠮᠨᠡᠯᠭᠡ᠎ᠨᠢ ᠡᠭᠦᠳᠡᠨ ᠡᠮᠨᠡᠯᠭᠡ ᠵᠢᠨ ᠵᠢᠷᠭᠤᠳᠤᠭ᠋ᠠᠷ ᠳᠠᠪᠬᠤᠷᠯᠢᠭ᠎ᠤᠨ ᠪᠠᠷᠠᠭᠤᠨ ᠲᠠᠯ᠎ᠠ᠎ᠳᠤ ᠪᠣᠢ᠃ ᠡᠮᠴᠢᠯᠡᠬᠦ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠂ ᠦᠳᠡ ᠵᠢᠨ ᠡᠮᠦᠨ᠎ᠡ 8᠄ 00 — 12᠄ 00; ᠦᠳᠡ ᠵᠢᠨ ᠬᠣᠢ᠌ᠨ᠎ᠠ 14᠄ 30 — 17᠄ 30᠃ ᠭᠠᠷᠠᠭ᠎ᠤᠨ ᠵᠢᠷᠭᠤᠭ᠋ᠠᠨ᠂ ᠭᠠᠷᠠᠭ᠎ᠤᠨ ᠡᠳᠦᠷ᠎ᠤᠨ ᠦᠳᠡ ᠵᠢᠨ ᠡᠮᠦᠨ᠎ᠡ 8᠄ 00 — 12᠄ 00᠃ ᠯᠠᠪᠯᠠᠬᠤ ᠤᠲᠠᠰᠤ᠄ 0471 — 6920291᠃