ᠪᠥᠬᠥ ᠣᠷᠣᠨ᠎ᠤ ᠰᠢᠨ᠎ᠡ ᠨᠢᠭᠡ ᠡᠭᠡᠯᠵᠢ ᠵᠢᠨ HPV9 ᠸᠠᠺᠼᠢᠨ᠎ᠢ ᠤᠷᠢᠳᠴᠢᠯᠠᠨ ᠪᠣᠯᠵᠣᠵᠤ ᠡᠬᠢᠯᠡᠪᠡ ᠮᠠᠨ᠎ᠤ ᠬᠣᠲᠠ ᠵᠢᠨ ᠪᠣᠯᠵᠣᠬᠤ ᠴᠠᠭ᠎ᠨᠢ 12 ᠳ᠋ᠤᠭ᠋ᠠᠷ ᠰᠠᠷ᠎ᠠ ᠵᠢᠨ 1᠎ᠤ ᠡᠳᠦᠷ᠎ᠤᠨ 14᠄30-16᠄30
2023-11-27




  (ᠰᠤᠷᠪᠤᠯᠵᠢᠯᠠᠭᠴᠢ ᠯᠢᠶᠠᠩ ᠵᠢᠩ ᠱᠤ᠌) ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠣᠢ᠌ᠯᠠᠭ᠋ᠠᠭᠰᠠᠨ᠎ᠨᠢ᠂ 《ᠮᠥᠩᠬᠡ ᠰᠤᠪᠠᠭ》 ᠰᠢᠯᠵᠢᠮᠡᠯ ᠦᠵᠦᠭᠦᠷ᠎ᠤᠨ ᠶᠢᠰᠦᠨ ᠸᠠᠯᠧᠨ᠋ᠲ᠎ᠤᠨ HPV ᠸᠠᠺᠼᠢᠨ᠎ᠤ ᠠᠯᠪᠠᠨ᠎ᠤ ᠲᠠᠯ᠎ᠠ ᠵᠢᠨ ᠪᠣᠯᠵᠣᠬᠤ ᠦᠢ᠍ᠯᠡᠴᠢᠯᠡᠭᠡ (ᠪᠥᠬᠥ ᠣᠷᠣᠨ᠎ᠤ ᠰᠢᠨ᠎ᠡ ᠨᠢᠭᠡ ᠡᠭᠡᠯᠵᠢ) ᠵᠢ 11 ᠳ᠋ᠦ᠍ᠭᠡᠷ ᠰᠠᠷ᠎ᠠ ᠵᠢᠨ 27᠎ᠤ ᠡᠳᠦᠷ᠎ᠠᠴᠠ ᠡᠬᠢᠯᠡᠨ ᠡᠯ᠎ᠡ ᠠᠢ᠌ᠮᠠᠭ ᠬᠣᠲᠠ᠎ᠪᠠᠷ ᠨᠢᠭᠡᠴᠢ ᠪᠣᠯᠭ᠋ᠠᠨ ᠰᠦᠯᠵᠢᠶᠡᠨ ᠳᠡᠭᠡᠷ᠎ᠡ ᠪᠣᠯᠵᠣᠬᠤ (ᠲᠤᠷᠰᠢᠨ ᠠᠵᠢᠯᠯᠠᠭᠤᠯᠬᠤ) ᠵᠢ ᠵᠠᠯᠭ᠋ᠠᠭ᠎ᠠ᠎ᠪᠠᠷ ᠨᠡᠭᠡᠭᠡᠨ᠎ᠡ᠃ ᠮᠠᠨ᠎ᠤ ᠬᠣᠲᠠ ᠵᠢᠨ ᠪᠣᠯᠵᠣᠬᠤ ᠴᠠᠭ᠎ᠨᠢ 12 ᠳ᠋ᠤᠭ᠋ᠠᠷ ᠰᠠᠷ᠎ᠠ ᠵᠢᠨ 1᠎ᠤ ᠡᠳᠦᠷ (ᠭᠠᠷᠠᠭ᠎ᠤᠨ ᠲᠠᠪᠤᠨ)᠎ᠤᠨ 14᠄ 30᠎ᠠᠴᠠ 16᠄ 30᠃      

   ᠣᠢ᠌ᠯᠠᠭ᠋ᠠᠭᠰᠠᠨ ᠵᠶ᠋ᠠᠷ᠂ 《ᠮᠥᠩᠬᠡ ᠰᠤᠪᠠᠭ》 ᠪᠣᠯ ᠠᠯᠪᠠᠨ᠎ᠤ ᠲᠠᠯ᠎ᠠ ᠵᠢᠨ ᠴᠣᠷ᠎ᠤᠨ ᠭᠠᠭᠴᠠ ᠤᠷᠢᠳᠴᠢᠯᠠᠨ ᠪᠣᠯᠵᠣᠬᠤ ᠲᠠᠪᠴᠠᠩ ᠪᠣᠯᠣᠨ᠎ᠠ᠂ ᠬᠠᠷᠢᠶ᠎ᠠ ᠣᠷᠣᠨ᠎ᠤ ᠰᠠᠭᠤᠭ᠋ᠠᠯᠢ ᠠᠷᠠᠳ 《ᠮᠥᠩᠬᠡ ᠰᠤᠪᠠᠭ》᠎ᠲᠤ ᠳᠠᠩᠰᠠᠯᠠᠭᠤᠯᠤᠨ ᠲᠡᠷᠢᠭᠦᠨ ᠨᠢᠭᠤᠷ᠎ᠲᠠᠬᠢ HPV ᠸᠠᠺᠼᠢᠨ᠎ᠤ ᠤᠷᠢᠳᠴᠢᠯᠠᠨ ᠪᠣᠯᠵᠣᠬᠤ ᠡᠭᠦᠳᠡ᠎ᠪᠠᠷ ᠣᠷᠣᠵᠤ ᠪᠣᠯᠵᠣᠪᠠᠯ ᠪᠣᠯᠴᠢᠬᠠᠨ᠎ᠠ᠃

 

ᠢᠷᠡᠯᠲᠡ᠄ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ