2026 ᠣᠨ᠎ᠳᠤ ᠡᠳᠡᠭᠡᠷ ᠶᠠᠪᠣᠳᠠᠯ᠎ᠢ ᠬᠢᠨ᠎ᠡ ᠭᠡᠵᠦ ᠤᠯᠠᠨ ᠰᠠᠯᠠᠭ᠎ᠠ ᠮᠦᠴᠢᠷ᠎ᠦᠨ ᠬᠢᠨ ᠳᠠᠭᠣ ᠭᠠᠷᠭ᠋ᠠᠪᠠ!
2026-01-05

ᠤᠢ᠌ᠷ᠎ᠠ᠎ᠳᠤ᠂ ᠤᠯᠠᠨ ᠰᠠᠯᠠᠭ᠎ᠠ ᠮᠦᠴᠢᠷ ᠠᠵᠢᠯ᠎ᠤᠨ ᠬᠣᠷᠠᠯ ᠬᠣᠷᠠᠯᠳᠣᠵᠣ᠂ 2025 ᠣᠨ᠎ᠤ ᠠᠵᠢᠯ᠎ᠢ ᠡᠮᠬᠢᠯᠡᠨ ᠳ᠋ᠦᠩᠨᠡᠵᠦ᠂ 2026 ᠣᠨ᠎ᠤ ᠭᠣᠣᠯᠳᠠᠯᠭ᠎ᠠ ᠲᠠᠢ ᠡᠭᠦᠷᠭᠡ᠎ᠶᠢ ᠰᠣᠳᠣᠯᠣᠨ ᠪᠠᠢ᠌ᠷᠢᠯᠠᠭᠤᠯᠪᠠ᠃ 2026 ᠣᠨ᠎ᠤ ᠣᠷᠣᠯᠭ᠎ᠠ᠂ ᠬᠡᠷᠡᠭᠯᠡᠭᠡ᠂ ᠣᠷᠣᠨ ᠰᠠᠭᠣᠴᠠ᠂ ᠦᠷᠡᠵᠢᠯ ᠵᠡᠷᠭᠡ ᠲᠠᠯ᠎ᠠ᠎ᠪᠠᠷ ᠶᠠᠮᠠᠷ  ᠶᠠᠮᠠᠷ ᠬᠣᠪᠢᠷᠠᠯᠲᠠ ᠭᠠᠷᠬᠣ᠎ᠶᠢ ᠬᠠᠮᠲᠣ᠎ᠪᠡᠷ ᠦᠵᠡᠶ᠎ᠡ —

ᠳᠠᠷᠠᠭ᠎ᠠ ᠵᠢᠯ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠦᠨ᠎ᠡ

ᠪᠦᠬᠦ ᠤᠯᠤᠰ᠎ᠤᠨ ᠡᠳ᠋᠎ᠦᠨ ᠵᠠᠰᠠᠭ᠎ᠤᠨ ᠠᠵᠢᠯ᠎ᠤᠨ ᠬᠤᠷᠠᠯᠳᠣᠭ᠋ᠠᠨ᠎ᠢ ᠦᠨᠳᠦᠰᠦᠯᠡᠨ᠂ 2026 ᠣᠨ᠎ᠳᠤ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠦᠨ᠎ᠡ᠃ ᠨᠢᠭᠡ᠎ᠳᠦ᠂ ᠡᠳ᠋᠎ᠦᠨ ᠵᠠᠰᠠᠭ᠎ᠤᠨ ᠵᠠᠷᠣᠯᠭ᠎ᠠ᠎ᠶᠢᠨ ᠬᠡᠪᠴᠢᠶ᠎ᠡ᠎ᠶᠢ ᠦᠷᠭᠡᠳᠭᠡᠵᠦ᠂ ᠴᠢᠬᠣᠯᠠ ᠪᠦᠬᠦᠢ ᠵᠠᠷᠣᠯᠭ᠎ᠠ᠎ᠶᠢᠨ ᠡᠷᠴᠢᠮ᠎ᠢ ᠦᠨᠡᠨ ᠬᠦ᠌ ᠪᠠᠲᠣᠯᠠᠨ᠎ᠠ᠃ ᠬᠣᠶᠠᠷ᠎ᠲᠤ᠂ ᠵᠠᠰᠠᠭ᠎ᠤᠨ ᠣᠷᠳᠣᠨ᠎ᠤ ᠵᠢᠭᠡᠯᠡᠯᠭᠡ᠎ᠶᠢᠨ ᠲᠡᠮᠲᠡᠭᠲᠦ᠎ᠶᠢᠨ ᠪᠠᠭ᠋ᠠᠵᠢ᠎ᠶᠢᠨ ᠬᠠᠮᠲᠣᠷᠠᠯ᠎ᠢ ᠰᠢᠯᠢᠳᠡᠭᠵᠢᠭᠦᠯᠵᠦ᠂ ᠵᠢᠭᠡᠯᠡᠯᠭᠡ᠎ᠶᠢᠨ ᠲᠡᠮᠲᠡᠭᠲᠦ᠎ᠶᠢᠨ ᠦᠷ᠎ᠡ ᠠᠰᠢᠭ᠎ᠢ ᠨᠡᠩ ᠰᠠᠢ᠌ᠲᠣᠷ ᠪᠠᠳᠠᠷᠠᠭᠣᠯᠣᠨ᠎ᠠ᠃ ᠭᠤᠷᠪᠠ᠎ᠳᠤ᠂ ᠰᠢᠯᠵᠢᠭᠦᠯᠦᠨ ᠥᠭᠬᠦ ᠪᠡᠯᠡ ᠮᠥᠩᠬᠦ᠎ᠶᠢᠨ ᠬᠦᠴᠦᠨ ᠴᠢᠳᠠᠪᠤᠷᠢ᠎ᠶᠢ ᠳᠡᠭᠡᠭᠰᠢᠯᠡᠭᠦᠯᠵᠦ᠂ ᠣᠷᠣᠨ ᠨᠣᠲᠣᠭ᠎ᠤᠨ ᠡᠵᠡᠨ ᠮᠡᠳᠡᠵᠤ ᠬᠡᠷᠡᠭᠯᠡᠵᠦ ᠪᠣᠯᠬᠣ ᠡᠳ᠋᠎ᠦᠨ ᠬᠦᠴᠦᠨ᠎ᠢ ᠴᠢᠩᠭ᠋ᠠᠷᠠᠭᠣᠯᠣᠨ᠎ᠠ᠃ ᠳᠥᠷᠪᠡ᠎ᠳᠦ᠂ ᠵᠠᠷᠣᠯᠭ᠎ᠠ᠎ᠶᠢᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠭᠣᠣᠯᠳᠠᠯᠭ᠎ᠠ ᠲᠠᠢ ᠬᠦᠷᠢᠶᠡᠨ᠎ᠦ ᠪᠠᠲᠣᠯᠠᠭ᠎ᠠ᠎ᠶᠢ ᠴᠢᠩᠭ᠋ᠠᠳᠬᠠᠨ᠎ᠠ᠃ ᠲᠠᠪᠣ᠎ᠳᠤ᠂ ᠡᠳ᠋᠎ᠦᠨ ᠵᠠᠰᠠᠭ ᠮᠦᠩᠬᠦᠨ ᠭᠦᠢ᠍ᠯᠭᠡᠭᠡᠨ᠎ᠦ ᠬᠠᠮᠵᠢᠯᠴᠠᠭ᠎ᠠ᠎ᠶᠢ ᠴᠢᠩᠭ᠋ᠠᠳᠬᠠᠵᠤ᠂ ᠲᠦᠷᠥ᠎ᠶᠢᠨ ᠪᠣᠳᠣᠯᠭ᠎ᠠ᠎ᠶᠢᠨ ᠣᠢ᠌ᠯᠡᠳᠣᠯ ᠴᠢᠳᠠᠪᠤᠷᠢ᠎ᠶᠢ ᠶᠡᠭᠡᠰᠭᠡᠨ᠎ᠡ᠃

ᠳᠠᠷᠠᠭ᠎ᠠ ᠵᠢᠯ ᠡᠳ᠋᠎ᠦᠨ ᠵᠠᠰᠠᠭ᠎ᠠᠴᠠ ᠰᠠᠭᠣᠭ᠋ᠠᠯᠢ ᠠᠷᠠᠳ᠎ᠤᠨ ᠠᠵᠢᠯ ᠣᠯᠵᠣ ᠣᠷᠣᠯᠭ᠎ᠠ ᠪᠠᠨ ᠨᠡᠮᠡᠭᠳᠡᠭᠦᠯᠬᠦ᠎ᠶᠢ ᠠᠬᠢᠭᠤᠯᠤᠨ᠎ᠠ

ᠪᠦᠬᠦ ᠤᠯᠤᠰ᠎ᠤᠨ ᠡᠳ᠋᠎ᠦᠨ ᠵᠠᠰᠠᠭ᠎ᠤᠨ ᠠᠵᠢᠯ᠎ᠤᠨ ᠬᠣᠷᠠᠯᠳᠣᠭ᠋ᠠᠨ᠎ᠢ ᠦᠨᠳᠦᠰᠦᠯᠡᠨ᠂ 2026 ᠣᠨ᠎ᠳᠦ᠂ ᠦᠨᠳᠣᠰᠣᠨ ᠵᠣᠢ᠌ᠯ᠎ᠢ ᠪᠠᠲᠣᠯᠠᠬᠣ᠂ ᠬᠣᠷᠢᠭ᠎ᠠ ᠱᠣᠭᠣᠮ᠎ᠢ ᠪᠠᠳᠣᠯᠠᠬᠣ᠎ᠶᠢ ᠤᠯᠠᠮ ᠨᠢᠭᠡ ᠠᠯᠬᠣᠮ ᠴᠢᠩᠭ᠋ᠠᠷᠠᠭᠣᠯᠵᠣ᠂ ᠠᠷᠠᠳ᠎ᠤᠨ ᠠᠮᠢᠳᠣᠷᠠᠯ᠎ᠤᠨ ᠪᠠᠲᠣᠯᠠᠭ᠎ᠠ᠎ᠶᠢ ᠦᠨᠡᠨ ᠬᠦ᠌ ᠴᠢᠩᠭ᠋ᠠᠳᠭ᠋ᠠᠨ᠎ᠠ᠃ ᠳᠠᠷᠠᠭ᠎ᠠ ᠵᠢᠯ ᠰᠠᠭᠤᠭᠠᠯᠢ ᠠᠷᠠᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠄ ᠠᠵᠢᠯ ᠣᠯᠭᠤᠯᠲᠠ᠎ᠶ᠋ᠢᠨ ᠨᠥᠬᠦᠪᠥᠷᠢ ᠪᠠᠯᠠ ᠮᠥᠩᠭᠦ᠌᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠌ ᠵᠡᠷᠭᠡ ᠡᠯ᠎ᠡ ᠲᠥᠷᠥᠯ᠎ᠤᠨ ᠪᠠᠯᠠ ᠮᠥᠩᠭᠦ᠎ᠶ᠋ᠢ ᠨᠢᠭᠡᠳᠦᠯᠲᠡᠶ ᠲᠥᠯᠥᠪᠯᠡᠵᠦ᠍᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠬᠦ᠂ ᠭᠤᠤᠯᠳᠠᠯᠭ᠎ᠠ᠎ᠲᠠᠢ ᠬᠦᠮᠦᠰ᠎ᠤᠨ ᠠᠵᠢᠯ ᠣᠯᠵᠤ ᠠᠳᠠᠯ ᠦᠶ᠋ᠯᠡᠰ ᠴᠣᠭ᠍ᠴᠠᠯᠠᠬᠤ ᠵᠡᠷᠭᠡ᠎ᠶ᠋ᠢ ᠬᠥᠲᠥᠯᠥᠨ ᠵᠢᠯᠣᠭᠤᠳᠴᠤ᠌ ᠳᠡᠮᠵᠢᠨ᠎ᠡ; ᠭᠠᠢᠯᠢ ᠲᠠᠲᠠᠪᠤᠷᠢ᠂ ᠨᠡᠢᠭᠡᠮ᠎ᠦᠨ ᠪᠠᠲᠤᠯᠠᠭ᠎ᠠ᠂ ᠰᠢᠯᠵᠢᠭᠦᠯᠦᠨ ᠥᠭ᠌ᠬᠦ ᠵᠡᠷᠭᠡ ᠲᠣᠬᠢᠷᠠᠭᠤᠯᠬᠤ ᠦᠢᠯᠡᠳᠦᠯ ᠎ᠢ ᠢᠳᠡᠪᠬᠢᠲᠡᠶ ᠪᠠᠳᠠᠷᠠᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠦᠨ᠎ᠡ᠃

ᠳᠠᠷᠠᠭ᠎ᠠ ᠵᠢᠯ ᠦᠷᠭᠦᠯᠵᠢᠯᠡᠨ ᠪᠡᠯᠡ ᠮᠥᠩᠭᠥ᠌ ᠲᠣᠬᠢᠷᠠᠭᠤᠯᠵᠤ ᠬᠡᠷᠡᠭ᠌ᠯᠡᠭᠡᠨ᠎ᠦ ᠵᠦᠢᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠳᠡᠮᠵᠢᠨ᠎ᠡ

ᠪᠦᠬᠦ᠌ ᠤᠯᠤᠰ᠎ᠤᠨ ᠡᠳ᠋᠎ᠤᠨ ᠵᠠᠰᠠᠭ᠎ᠤᠨ ᠠᠵᠢᠯ᠎ᠤᠨ ᠬᠤᠷᠠᠯᠳᠤᠭᠠᠨ᠎ᠢ ᠦᠨᠳᠦᠰᠦᠯᠡᠨ᠂ 2026 ᠣᠨ᠎ᠳᠤ᠂ ᠡᠳ᠋᠎ᠤᠨ ᠵᠠᠰᠠᠭ᠎ᠠᠴᠠ ᠬᠡᠷᠡᠭ᠌ᠯᠡᠭᠡ᠎ᠶ᠋ᠢ ᠶᠡᠭᠡ᠎ᠪᠠᠷ ᠡᠷᠴᠢᠯᠡᠨ᠎ᠡ᠃ ᠬᠡᠷᠡᠭ᠌ᠯᠡᠭᠡ᠎ᠶ᠋ᠢ ᠡᠷᠴᠢᠯᠡᠬᠦ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠠᠯᠠ ᠮᠥᠩᠭᠦ᠎ᠶ᠋ᠢ ᠦᠷᠭᠦᠯᠵᠢᠯᠡᠨ ᠳᠣᠭᠢᠷᠠᠭᠤᠯᠤᠨ ᠬᠡᠷᠡᠭ᠌ᠯᠡᠭᠡᠨ᠎ᠤ ᠵᠦᠢᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠳᠡᠮᠵᠢᠵᠦ᠍᠂ ᠨᠥᠬᠦᠪᠥᠷᠢ᠎ᠶ᠋ᠢᠨ ᠬᠡᠪᠴᠢᠶ᠎ᠡ ᠪᠠ ᠪᠠᠷᠢᠮᠵᠢᠶ᠎ᠠ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠦᠨ᠎ᠡ᠃

ᠪᠥᠬᠦ᠌ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠬᠡᠷᠡᠭ᠌ᠯᠡᠭᠡᠨ᠎ᠤ ᠵᠦᠢᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠬᠡᠷᠡᠭ᠌ᠵᠢᠭᠦᠯᠵᠦ᠍᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠢᠳᠡᠪᠬᠢᠲᠡᠶ᠎ᠪᠠᠷ ᠥᠷᠭᠡᠳᠭᠡᠨ᠂ ᠬᠡᠷᠡᠭ᠌ᠯᠡᠭᠡᠨ᠎ᠤ ᠬᠦᠷᠢᠶᠡᠨ᠎ᠳᠠᠬᠢ ᠵᠦᠶ ᠵᠣᠬᠢᠰ ᠥᠬᠡᠶ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ᠎ᠶ᠋ᠢ ᠢᠯᠭᠠᠷᠠᠭᠤᠯᠬᠤ᠎ᠶ᠋ᠢ ᠲᠦᠷᠭᠡᠳᠭᠡᠵᠦ᠍᠂ ᠬᠡᠷᠡᠭ᠌ᠯᠡᠭᠡᠨ᠎ᠤ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ᠃

ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠠᠷᠭᠡ ᠪᠡᠷ ᠬᠡᠷᠡᠭ᠌ᠯᠡᠨ ᠪᠡᠯᠡ ᠣᠷᠤᠭᠤᠯᠤᠯᠲᠠ᠎ᠶ᠋ᠢᠨ ᠪᠠᠭᠣᠷᠠᠯᠲᠠ᠎ᠶ᠋ᠢ ᠵᠣᠭᠰᠣᠭ᠋ᠠᠵᠣ ᠲᠣᠭᠲᠠᠭᠤᠨ ᠪᠠᠢ᠌ᠯᠭ᠋ᠠᠬᠣ᠎ᠶᠢ ᠠᠬᠢᠭᠤᠯᠵᠤ᠂ ᠲᠥᠪ᠎ᠦᠨ ᠲᠦᠰᠦᠪ᠎ᠦᠨ ᠳᠣᠲᠤᠷᠠᠬᠢ ᠪᠡᠯᠡ ᠣᠷᠤᠭᠤᠯᠤᠯᠲᠠ᠎ᠶ᠋ᠢᠨ ᠬᠡᠪᠴᠢᠶ᠎ᠡ᠎ᠶ᠋ᠢ ᠵᠣᠬᠢᠰᠲᠠᠢ᠎ᠪᠠᠷ ᠨᠡᠮᠡᠭ᠌ᠳᠡᠭᠦᠯᠦᠨ᠎ᠡ

ᠪᠦᠬᠦ᠌ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠤᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠪᠡᠯᠡ ᠣᠷᠣᠭᠤᠯᠤᠯᠲᠠ᠎ᠶ᠋ᠢᠨ ᠪᠠᠭᠤᠷᠠᠯᠲᠠ᠎ᠶ᠋ᠢ ᠵᠣᠭᠰᠣᠭ᠋ᠠᠵᠣ ᠲᠣᠭᠳᠠᠭᠣᠨ ᠪᠠᠢ᠌ᠯᠭ᠋ᠠᠬᠣ ᠶ᠋ᠢ ᠠᠬᠢᠭᠤᠯᠤᠨ᠎ᠠ᠃ 《 ᠬᠣᠶᠠᠷ ᠴᠢᠬᠤᠯᠠ 》 ᠪᠦᠲᠦᠭᠡᠨ ᠪᠠᠢᠭᠤᠯᠤᠯᠲᠠ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠦᠨ ᠵᠢᠭᠡᠯᠡᠯᠭᠡ᠎ᠶ᠋ᠢᠨ ᠲᠡᠮᠳᠡᠭ ᠵᠡᠷᠭᠡ ᠵᠠᠰᠠᠭ᠎ᠤᠨ ᠣᠷᠳᠣᠨ᠎ᠤ ᠡᠯ᠎ᠡ ᠲᠥᠷᠥᠯ᠎ᠦᠨ ᠪᠡᠯᠡ ᠣᠷᠣᠭᠤᠯᠤᠯᠲᠠ᠎ᠶ᠋ᠢᠨ ᠪᠡᠯᠡ ᠮᠥᠩᠭᠥ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ᠎ᠶ᠋ᠢᠨ ᠬᠡᠪᠴᠢᠶ᠎ᠡ᠎ᠶ᠋ᠢ ᠵᠣᠬᠢᠰᠲᠠᠶ ᠨᠡᠮᠡᠭ᠌ᠳᠡᠭᠦᠯᠵᠦ᠍᠂ ᠱᠢᠨ᠎ᠡ ᠮᠠᠶᠢᠭ᠎ᠤᠨ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠮᠥᠩᠭᠥᠨ ᠭᠦᠢᠯᠭᠡᠭᠡᠨ᠎ᠦ ᠪᠠᠭᠠᠵᠢ᠎ᠶ᠋ᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠪᠡᠯᠡ ᠣᠷᠣᠭᠤᠯᠤᠯᠲᠠ᠎ᠶ᠋ᠢᠨ ᠦᠷ᠎ᠡ ᠠᠱᠢᠭ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠡ᠃ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠦᠯᠥᠪᠵᠢᠭᠦᠯᠭᠡ ᠎ᠳᠤ ᠬᠠᠨᠳᠤᠭᠤᠯᠤᠨ ᠴᠢᠬᠤᠯᠠ ᠶᠡᠭᠡ ᠢᠨᠵᠧᠨᠧᠷᠢᠩ᠎ᠤᠨ ᠲᠥᠷᠥᠯ ᠵᠦᠢᠯ᠎ᠢ ᠲᠥᠯᠥᠪᠵᠢᠭᠦᠯᠦᠨ ᠬᠡᠷᠡᠭ᠌ᠵᠢᠭᠦᠯᠦᠨ᠎ᠡ᠃ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠳᠦᠨ ᠠᠷᠭ᠎ᠠ ᠬᠡᠮᠵᠢᠶ᠎ᠡ᠎ᠨᠦᠭᠦᠳ᠎ᠢ ᠭᠦᠨᠵᠡᠭᠡᠶ ᠬᠡᠷᠡᠭ᠌ᠵᠢᠭᠦᠯᠵᠦ᠍᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ᠎ᠪᠡᠷ ᠬᠥᠭ᠌ᠵᠢᠭᠡᠨ᠎ᠡ᠃

ᠬᠣᠲᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠢ ᠥᠷᠨᠢᠭᠦᠯᠵᠦ᠍᠂ ᠠᠷᠠᠳ᠎ᠤᠨ ᠠᠮᠢᠳᠤᠷᠠᠯ᠎ᠤᠨ ᠢᠨᠵᠸᠨ᠋ᠸᠷᠢᠭ᠂ ᠬᠦᠭ᠌ᠵᠢᠯᠲᠡ᠎ᠶ᠋ᠢᠨ ᠢᠨᠵᠸᠨ᠋ᠸᠷᠢᠭ ᠂ ᠠᠶᠤᠯ  ᠦᠭᠡᠢ ᠢᠨᠵᠸᠨ᠋ᠸᠷᠢᠭ ᠎ᠢ ᠬᠡᠷᠡᠭ᠌ᠵᠢᠭᠦᠯᠦᠨ᠎ᠡ

ᠪᠦᠬᠦ᠌ ᠤᠯᠤᠰ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠬᠤᠲᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠢ ᠥᠷᠨᠢᠭᠦᠯᠵᠦ᠍᠂ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠬᠥᠭ᠌ᠵᠢᠯᠲᠡ᠎ᠶ᠋ᠢᠨ ᠢᠨᠵᠧᠨᠧᠷᠢᠩ᠂ ᠠᠶᠤᠯ ᠦᠭᠡᠢ ᠢᠨᠵᠧᠨᠧᠷᠢᠩ᠎ᠢ ᠬᠡᠷᠡᠭ᠌ᠵᠢᠭᠦᠯᠦᠨ᠎ᠡ᠃ 《 ᠬᠤᠸᠠᠷ ᠬᠠᠳᠭᠤᠬᠤ 》 ᠡᠷᠳᠡᠮ᠎ᠢᠶᠠᠷ ᠬᠤᠲᠠ ᠪᠠᠯᠭᠠᠰᠤ᠎ᠶ᠋ᠢᠨ ᠬᠠᠭᠤᠴᠢᠨ ᠵᠢᠵᠢᠭ ᠲᠣᠭᠤᠷᠢᠭ᠎ᠢ ᠥᠭᠡᠷᠡᠴᠢᠯᠡᠬᠦ᠂ ᠪᠦᠷᠢᠨ ᠪᠦᠲᠦᠨ ᠨᠡᠢᠭᠡᠮ ᠲᠣᠭᠤᠷᠢᠭ᠎ᠢ ᠪᠥᠲᠥᠭᠡᠨ ᠪᠠᠢᠭᠤᠯᠬᠤ᠂ ᠪᠢᠴᠢᠯ ᠴᠡᠴᠡᠷᠯᠢᠭ᠎ᠤᠨ ᠪᠥᠲᠥᠭᠡᠨ ᠪᠠᠢᠭᠤᠯᠤᠯᠲᠠ᠂ ᠵᠦᠯᠭᠡ ᠭᠠᠵᠠᠷ᠎ᠢ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠬᠦ᠂  《 ᠬᠠᠢᠷ᠎ᠠ ᠬᠠᠯᠠᠮᠵᠢ᠎ᠶ᠋ᠢᠨ ᠢᠨᠵᠧᠨᠧᠷᠢᠩ》᠎ᠤᠨ ᠪᠥᠲᠥᠭᠡᠨ ᠪᠠᠢᠭᠤᠯᠤᠯᠲᠠ᠂ ᠬᠤᠲᠠ᠎ᠶ᠋ᠢᠨ ᠵᠢᠵᠢᠭ ᠪᠢᠴᠢᠯ ᠣᠯᠠᠨ ᠨᠡᠢᠲᠡ᠎ᠶ᠋ᠢᠨ ᠣᠷᠣᠨ ᠵᠠᠶ᠎ᠶ᠋ᠢ ᠥᠭᠡᠷᠡᠴᠢᠯᠡᠬᠦ᠌᠎ᠶ᠋ᠢ ᠨᠠᠷᠢᠯᠢᠬ᠍ᠵᠢᠭᠤᠯᠤᠨ ᠠᠬᠢᠭᠤᠯᠵᠤ᠂ ᠨᠠᠰᠤᠵᠢᠬᠤ᠎ᠳᠤ ᠬᠠᠷᠰᠢ ᠰᠠᠭᠠᠳ ᠥᠬᠡᠶ ᠳᠣᠭᠢᠷᠠᠬᠤ ᠣᠷᠴᠢᠨ ᠲᠣᠭᠤᠷᠢᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃

《 ᠬᠣᠮᠢᠷᠠᠭ᠎ᠠ ᠮᠠᠶᠢᠭ 》᠎ᠤᠨ ᠥᠷᠢᠰᠥᠯᠳᠦᠭᠡᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠪᠠ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ  ᠪᠣᠢ᠌ᠵᠢᠭᠣᠯᠣᠨ᠎ᠠ

ᠪᠦᠬᠦ᠌ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ 《 ᠬᠣᠮᠢᠷᠠᠭ᠎ᠠ ᠮᠠᠶᠢᠭ 》᠎ᠤᠨ ᠥᠷᠢᠰᠥᠯᠳᠦᠭᠡᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠪᠠ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠪᠤᠢᠵᠢᠭᠤᠯᠤᠨ᠎ᠠ᠃ ᠭᠤᠣᠯᠳᠠᠯᠭ᠎ᠠ᠎ᠲᠠᠢ ᠠᠵᠢᠯ ᠲᠥᠷᠥᠯ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢ ᠵᠠᠰᠠᠬᠤ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠶ᠋ᠢᠨ ᠲᠣᠬᠢᠷᠠᠭᠤᠯᠤᠯ ᠡᠵᠡᠮᠳᠡᠯ᠎ᠢ ᠲᠡᠭᠦᠯᠳᠡᠷᠵᠢᠭᠦᠯᠵᠦ᠍᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠶᠡᠬᠡ ᠪᠡᠷ ᠪᠤᠢᠵᠢᠭᠤᠯᠤᠨ ᠪᠤᠵᠠᠭᠠᠢᠷᠠᠭᠤᠯᠵᠤ᠂ ᠱᠢᠨ᠎ᠡ᠎ᠪᠠᠷ ᠬᠥᠭ᠌ᠵᠢᠭ᠌ᠰᠡᠨ ᠬᠡᠳᠦᠨ ᠲᠤᠯᠭᠠᠭᠤᠷᠢᠯᠠᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ 《 ᠬᠢᠮᠡᠯ ᠤᠶᠤᠨ +》 ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠦᠢᠯᠡᠰ᠎ᠤᠨ ᠳᠣᠲᠠᠭᠣ ᠵᠣᠢ᠌ᠯ᠎ᠢ ᠨᠥᠬᠦᠪᠦᠷᠢᠯᠡᠵᠦ᠍᠂ ᠳᠣᠣᠷ᠎ᠠ ᠠᠭᠠᠷ᠎ᠤᠨ ᠠᠵᠤ ᠠᠬᠤᠢ᠎ᠶ᠋ᠢᠨ ᠠᠵᠤ ᠦᠢᠯᠡᠰ᠎ᠤᠨ ᠠᠮᠢ ᠠᠬᠤᠢ᠎ᠶ᠋ᠢ ᠲᠡᠭᠦᠯᠳᠡᠷᠵᠢᠭᠦᠯᠵᠦ᠍᠂ ᠳ᠋ᠢᠭᠢᠲᠴᠢᠯᠡᠭᠰᠡᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠭᠦᠨᠵᠡᠭᠡᠢ ᠠᠬᠢᠭᠣᠯᠣᠨ᠎ᠠ᠃

ᠠᠵᠤ ᠦᠢᠯᠡᠰ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠦᠷᠭᠡᠨ ᠳᠡᠭᠡᠭ᠌ᠱᠢᠯᠡᠭᠦᠯᠦᠨ᠎ᠡ

ᠪᠦᠬᠦ᠌ ᠤᠯᠤᠰ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠦᠷᠭᠡᠨ ᠳᠡᠭᠡᠭ᠌ᠰᠢᠯᠡᠭᠦᠯᠦᠨ᠎ᠡ᠃ ᠠᠵᠤ ᠦᠢᠯᠡᠰ᠎ᠤᠨ ᠬᠥᠭ᠌ᠵᠢᠯᠲᠡ᠎ᠶ᠋ᠢ ᠳᠠᠢᠴᠢᠯᠠᠬᠤ ᠨᠢᠭᠡ ᠪᠦᠯᠦᠭ ᠭᠤᠣᠯᠯᠠᠬᠤ ᠮᠡᠷᠭᠡᠵᠢᠯ᠎ᠢ ᠱᠢᠪᠲᠤᠯᠵᠤ᠂ ᠨᠢᠭᠡ ᠪᠦᠯᠦᠭ ᠥᠨᠳᠥᠷ ᠬᠢᠷᠢ ᠲᠦᠪᠱᠢᠨ ᠪᠦᠬᠦᠢ ᠦᠢᠯᠡᠳᠬᠦ᠌ ᠦᠢᠯᠡᠰ᠎ᠤᠨ ᠳᠤᠮᠳᠠᠬᠢ ᠲᠤᠷᠱᠢᠯᠲᠠ᠎ᠶ᠋ᠢᠨ ᠲᠠᠪᠴᠠᠩ᠎ᠢ ᠬᠦᠴᠦᠷᠬᠡᠭ᠌ᠵᠢᠭᠦᠯᠦᠨ᠂ ᠪᠦᠬᠦ᠌ ᠤᠯᠤᠰ᠎ᠤᠨ ᠦᠢᠯᠡᠳᠬᠦ᠌ ᠦᠢᠯᠡᠰ᠎ᠤᠨ ᠳᠤᠮᠳᠠᠬᠢ ᠲᠤᠷᠱᠢᠯᠲᠠ᠎ᠶ᠋ᠢᠨ ᠦᠢᠯᠡᠴᠢᠯᠡᠭᠡᠨ᠎ᠤ ᠰᠦᠯᠵᠢᠶ᠎ᠡ᠎ᠶᠢ ᠪᠣᠢ ᠪᠣᠯᠭᠠᠨ᠎ᠠ᠃ ᠪᠦᠬᠦ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠮᠡᠷᠭᠡᠵᠢᠯ᠎ᠦᠨ ᠵᠠᠬ᠎ᠠ ᠳᠡᠯᠭᠡᠭᠦᠷ ᠎ᠢ ᠲᠦᠷᠭᠡᠨ ᠪᠣᠢᠵᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ 《 ᠤᠷᠢᠳ᠎ᠢᠶᠠᠷ ᠬᠡᠷᠡᠭ᠌ᠯᠡᠵᠦ᠍ ᠳᠠᠷᠠᠭ᠎ᠠ ᠨᠢ ᠰᠦᠢᠳᠭᠡᠯ ᠲᠤᠱᠢᠶᠠᠬᠤ 》 ᠥᠭᠡᠷᠡᠴᠢᠯᠡᠯᠲᠡ᠎ᠶ᠋ᠢᠨ ᠲᠤᠷᠱᠢᠯᠲᠠ᠎ᠶᠢᠨ ᠴᠡᠭ᠎ᠢ ᠠᠬᠢᠭᠣᠯᠣᠨ᠎ᠠ᠃ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠤᠨ ᠲᠣᠭᠤᠷᠢᠭ᠎ᠤᠨ ᠱᠢᠨ᠎ᠡ ᠤᠷᠤᠯᠳᠤᠭᠠᠨ᠎ᠤ ᠵᠠᠮ᠎ᠢ ᠪᠤᠢᠵᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠤᠯᠤᠰ᠎ᠤᠨ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠪᠠᠢᠷᠢᠯᠠᠭᠤᠯᠤᠯᠲᠠ᠎ᠶ᠋ᠢ ᠰᠢᠯᠢᠳᠡᠭᠵᠢᠭᠦᠯᠦᠨ᠎ᠡ᠃

ᠱᠢᠨ᠎ᠡ᠎ᠪᠠᠷ ᠬᠦᠭ᠌ᠵᠢᠵᠦ᠍ ᠪᠠᠢᠭ᠎ᠠ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠤᠢᠵᠢᠭᠤᠯᠤᠨ ᠪᠣᠵᠠᠭᠠᠢᠷᠠᠭᠤᠯᠵᠤ᠂ ᠬᠢᠮᠡᠯ ᠣᠶᠤᠨ ᠪᠣᠭᠤᠮᠲᠠ ᠱᠢᠪᠲᠤᠯᠬᠤ᠎ᠶ᠋ᠢ ᠳᠡᠮᠵᠢᠨ᠎ᠡ

ᠪᠦᠬᠦ᠌ ᠤᠯᠤᠰ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ ᠂ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠬᠤᠷᠠᠮᠠᠯ ᠴᠠᠬᠢᠯᠭᠠᠨ ᠬᠡᠯᠬᠢᠶ᠎ᠡ᠂ ᠱᠢᠨ᠎ᠡ ᠬᠡᠯᠪᠡᠷᠢ᠎ᠶ᠋ᠢᠨ ᠢᠯᠡᠷᠡᠭᠦᠯᠦᠯᠲᠡ᠂ ᠰᠢᠨ᠎ᠡ ᠮᠠᠲ᠋ᠧᠷᠢᠶᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂  ᠳᠣᠣᠷ᠎ᠠ ᠠᠭᠠᠷ᠎ᠤᠨ ᠠᠵᠤ ᠠᠬᠤᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠱᠢᠨ᠎ᠡ᠎ᠪᠡᠷ ᠪᠤᠢ ᠪᠣᠯᠣᠭ᠍ᠰᠠᠨ ᠲᠤᠯᠭᠠᠭᠤᠷᠢ ᠠᠵᠤ ᠦᠢᠯᠡᠰ᠎ᠢ ᠪᠤᠢ ᠪᠣᠯᠭᠠᠨ᠎ᠠ᠃ ᠬᠢᠮᠡᠯ ᠣᠶᠤᠨ᠎ᠢᠶᠠᠷ ᠪᠣᠭᠤᠮᠲᠠ ᠱᠢᠪᠲᠤᠯᠬᠤ᠎ᠶ᠋ᠢ ᠳᠡᠮᠵᠢᠨ᠎ᠡ᠃ ᠳᠠᠭᠠᠭᠤᠯᠢ ᠣᠳᠣᠨ ᠪᠣᠳᠠᠰᠯᠢᠭ ᠬᠣᠯᠪᠣᠭᠠᠲᠤ ᠰᠦᠯᠵᠢᠶ᠎ᠡ ᠵᠡᠷᠭᠡ ᠱᠢᠨ᠎ᠡ ᠲᠤᠬᠠᠢᠯᠠᠭ᠍ᠰᠠᠨ ᠠᠵᠢᠯ᠎ᠤᠨ ᠬᠤᠳᠠᠯᠳᠤᠭᠠᠨ᠎ᠳᠤ ᠬᠡᠷᠡᠭ᠌ᠯᠡᠬᠦ᠌ ᠲᠤᠷᠱᠢᠯᠲᠠ᠎ᠶ᠋ᠢ ᠡᠮᠬᠢ ᠵᠢᠷᠤᠮ᠎ᠲᠠᠶ ᠥᠷᠨᠢᠭᠦᠯᠦᠨ᠎ᠡ᠃ ᠤᠯᠤᠰ᠎ᠤ᠋ᠨ ᠰᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ᠎ᠦ᠋ᠨ ᠬᠥᠭ᠌ᠵᠢᠯᠲᠡ᠎ᠶᠢᠨ ᠲᠦᠷᠦᠭᠦᠦ ᠪᠦᠯᠦᠭ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠢ᠋ ᠡᠭᠦᠳᠦᠨ ᠪᠠᠢᠭᠤᠯᠵᠤ᠂ ᠨᠢᠭᠡ ᠪᠦᠯᠦᠭ ᠰᠢᠨ᠎ᠡ᠎ᠶᠢ ᠡᠭᠦᠳᠬᠦ᠌ ᠬᠡᠯᠪᠡᠷᠢ᠎ᠶᠢᠨ ᠠᠵᠤ ᠦᠢᠯᠡᠰ᠎ᠦ᠋ᠨ ᠪᠦᠯᠦᠭ᠌ᠯᠡᠯ᠎ᠢ᠋ ᠪᠦᠲᠦᠭᠡᠨ ᠪᠠᠢ᠌ᠭᠣᠯᠣᠨ᠎ᠠ᠃ ᠢᠷᠡᠭᠡᠳᠦᠢ᠎ᠶ᠋ᠢᠨ ᠠᠵᠤ ᠦᠢᠯᠡᠰ᠎ᠤᠨ ᠭᠤᠣᠯᠳᠠᠯᠭ᠎ᠠ᠎ᠶ᠋ᠢ ᠨᠠᠷᠢᠨ ᠬᠤᠪᠢᠶᠠᠬᠤ ᠤᠷᠤᠯᠳᠤᠭᠠᠨ᠎ᠤ ᠵᠠᠮ᠎ᠤᠨ ᠱᠢᠨ᠎ᠡ᠎ᠶ᠋ᠢ ᠡᠭᠦᠳᠬᠦ᠌ ᠡᠭᠦᠷᠭᠡ᠎ᠶ᠋ᠢ ᠵᠠᠷᠯᠠᠨ ᠮᠠᠩᠯᠠᠢᠯᠠᠭᠤᠯᠬᠤ᠎ᠶ᠋ᠢ ᠥᠷᠨᠢᠭᠦᠯᠵᠦ᠍᠂ ᠥᠪᠡᠷ᠎ᠤᠨ ᠪᠡᠶ᠎ᠡ᠎ᠶᠢᠨ ᠣᠶᠤᠨᠴᠢ᠂ ᠠᠩᠬᠠᠳᠣᠭ᠋ᠠᠷ ᠤᠷᠴᠢᠯᠠᠩ ᠵᠡᠷᠭᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ 6G ᠮᠡᠷᠭᠡᠵᠢᠯ᠎ᠦᠨ ᠰᠤᠳᠤᠯᠤᠨ ᠨᠡᠭᠡᠭᠡᠬᠦ᠌ ᠠᠵᠢᠯ᠎ᠢ  ᠴᠢᠩᠭ᠋ᠠᠳᠬᠠᠨ᠎ᠠ᠃

ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠬᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ

ᠪᠦᠬᠦ᠌ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠬᠡ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠤᠳᠠ᠎ᠶ᠋ᠢᠨ ᠪᠥᠭᠡᠮᠨᠡᠷᠡᠯ᠎ᠢ ᠨᠢᠭᠡ ᠴᠤᠭ᠍ᠴᠠᠵᠢᠭᠤᠯᠬᠤ ᠪᠠ ᠬᠤᠲᠠ ᠲᠣᠭᠤᠷᠢᠭ᠎ᠤᠨ ᠬᠣᠲᠠᠴᠢᠯᠠᠭᠣᠯᠬᠣ ᠬᠥᠭ᠌ᠵᠢᠯᠲᠡ᠎ᠶ᠋ᠢ ᠲᠦᠷᠭᠡᠨ ᠠᠬᠢᠭᠤᠯᠵᠤ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠦᠢᠯᠡᠴᠢᠯᠡᠵᠦ᠍᠂ ᠤᠯᠤᠰ᠎ᠤᠨ ᠶᠡᠷᠦᠩᠬᠡᠢ ᠠᠮᠤᠷ ᠲᠦᠪᠱᠢᠨ᠎ᠢ ᠪᠦᠬᠦ ᠲᠠᠯ᠎ᠠ᠎ᠪᠠᠷ ᠪᠠᠳᠣᠯᠠᠨ᠎ᠠ᠃ 

ᠰᠢᠨ᠎ᠡ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠤᠰᠤᠲᠥ᠋ᠷᠥᠭ᠌ᠴᠢ ᠡᠨᠧᠷᠭᠢ᠂ ᠴᠥᠮ᠎ᠡ᠎ᠶ᠋ᠢᠨ ᠡᠨᠧᠷᠭᠢ ᠵᠡᠷᠭᠡ ᠢᠷᠡᠭᠡᠳᠦᠢ᠎ᠶ᠋ᠢᠨ ᠡᠨᠧᠷᠭᠢ᠎ᠶ᠋ᠢᠨ ᠠᠵᠤ ᠦᠢᠯᠡᠰ᠎ᠢ ᠪᠠᠷᠠᠯᠠᠨ ᠪᠠᠢᠷᠢᠯᠠᠭᠤᠯᠤᠨ᠎ᠠ

ᠪᠦᠬᠦ᠌ ᠤᠯᠤᠰ᠎ᠤᠨ ᠡᠨᠧᠷᠭᠢ᠎ᠶ᠋ᠢᠨ ᠠᠵᠢᠯ᠎ᠤᠨ ᠬᠤᠷᠠᠯᠳᠤᠭᠠᠨ᠎ᠢ ᠦᠨᠳᠦᠰᠦᠯᠡᠨ᠂ 2026 ᠣᠨ᠎ᠳᠤ᠂ ᠱᠢᠨ᠎ᠡ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠥᠬᠦ᠌ ᠵᠢᠯ᠎ᠳᠤ ᠰᠠᠯᠬᠢᠨ ᠬᠦᠴᠦᠨ᠎ᠤ ᠴᠠᠬᠢᠯᠭᠠᠨ᠂ ᠨᠡᠷᠡᠨ᠎ᠤ ᠡᠨᠧᠷᠭᠢ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢ 2 ᠳ᠋ᠦᠩᠱᠢᠭᠤᠷ ᠺᠢᠯᠣᠸᠠᠲ᠎ᠠᠴᠠ ᠳᠡᠭᠡᠭ᠌ᠰᠢ ᠱᠢᠨ᠎ᠡ᠎ᠪᠠᠷ ᠨᠡᠮᠡᠭ᠌ᠳᠡᠭᠦᠯᠵᠦ᠍᠂ ᠴᠢᠬᠤᠯᠠ ᠶᠡᠭᠡ ᠤᠰᠤ ᠴᠠᠬᠢᠯᠭᠠᠨ᠎ᠤ ᠲᠥᠷᠥᠯ ᠵᠦᠢᠯ᠎ᠢ ᠡᠮᠬᠢ ᠵᠢᠷᠤᠮ᠎ᠲᠠᠢ ᠠᠬᠢᠭᠤᠯᠵᠤ᠂ ᠴᠥᠮ᠎ᠡ᠎ᠶ᠋ᠢᠨ ᠴᠠᠬᠢᠯᠭᠠᠨ᠎ᠢ ᠢᠳᠡᠪᠬᠢᠲᠡᠢ ᠠᠮᠤᠷ ᠲᠦᠪᠱᠢᠨ ᠡᠮᠬᠢ ᠵᠢᠷᠤᠮ᠎ᠲᠠᠢ ᠬᠥᠭ᠌ᠵᠢᠭᠦᠯᠵᠦ᠍᠂ ᠴᠢᠯᠠᠭᠤᠵᠢᠮᠠᠯ᠎ᠤᠨ ᠡᠨᠧᠷᠭᠢ᠎ᠶ᠋ᠢᠨ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠯᠲᠠ᠎ᠶ᠋ᠢ ᠴᠢᠩᠭᠠᠳᠭᠠᠨ᠎ᠠ᠃ 《 ᠬᠢᠮᠡᠯ ᠣᠶᠤᠨ + 》 ᠡᠨᠧᠷᠭᠢ᠎ᠶ᠋ᠢ ᠠᠭᠤᠰᠤᠯᠴᠠᠭᠤᠯᠬᠤ ᠲᠤᠷᠱᠢᠯᠲᠠ᠎ᠶᠢᠨ ᠴᠡᠭ ᠪᠠ 《 ᠬᠢᠮᠡᠯ ᠣᠶᠤᠨ + 》 ᠡᠨᠧᠷᠭᠢ᠎ᠶ᠋ᠢ ᠪᠠᠷᠢᠮᠵᠢᠶᠠᠵᠢᠭᠤᠯᠤᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠤᠶᠤᠨᠴᠢᠯᠠᠭ᠍ᠰᠠᠨ ᠴᠠᠬᠢᠯᠭᠠᠨ ᠲᠣᠤᠷ᠎ᠤᠨ ᠴᠢᠬᠤᠯᠠ ᠶᠡᠭᠡ ᠲᠤᠰᠭᠠᠶ ᠵᠦᠢᠯ ᠵᠡᠷᠭᠡ ᠡᠨᠧᠷᠭᠢ᠎ᠶ᠋ᠢᠨ ᠴᠢᠬᠤᠯᠠ ᠶᠡᠭᠡ ᠮᠡᠷᠭᠡᠵᠢᠯ᠎ᠤᠨ ᠲᠣᠨᠣᠭ᠍ᠯᠠᠯ᠎ᠤᠨ ᠪᠣᠭᠤᠮᠲᠠ ᠱᠢᠪᠲᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠤᠰᠤᠲᠥ᠋ᠷᠥᠭ᠌ᠴᠢ᠎ᠶ᠋ᠢᠨ ᠡᠨᠧᠷᠭᠢ᠂ ᠴᠥᠮ᠎ᠡ᠎ᠶ᠋ᠢᠨ ᠡᠨᠧᠷᠭᠢ ᠵᠡᠷᠭᠡ ᠢᠷᠡᠭᠡᠳᠦᠶ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠢ ᠪᠠᠷᠠᠯᠠᠨ ᠪᠠᠢᠷᠢᠯᠠᠭᠤᠯᠤᠨ᠎ᠠ᠃

ᠦᠷᠡᠵᠢᠯ᠎ᠦᠨ ᠨᠡᠮᠡᠭᠦᠷᠢ᠎ᠶ᠋ᠢ ᠳᠡᠰ ᠳᠠᠷᠠᠭᠠᠯᠠᠯ ᠶᠣᠰᠤᠭᠠᠷ ᠳᠠᠭᠠᠳᠭᠠᠯ᠎ᠳᠤ ᠣᠷᠣᠯᠴᠠᠭᠴᠢ᠎ᠳᠤ ᠱᠢᠭᠤᠳ ᠥᠭ᠌ᠬᠦ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠦᠨ᠎ᠡ

ᠪᠥᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠬᠥᠯᠥᠰᠥᠨ ᠠᠵᠢᠯᠴᠢᠨ᠂ ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ᠎ᠶ᠋ᠢᠨ ᠬᠥᠮᠦᠰ᠎ᠢ ᠦᠷᠡᠵᠢᠯ᠎ᠤᠨ ᠳᠠᠭᠠᠳᠭᠠᠯ᠎ᠤᠨ ᠬᠠᠮᠤᠷᠬᠤ ᠬᠡᠪᠴᠢᠶᠡᠨ᠎ᠳᠤ ᠣᠷᠣᠭᠤᠯᠬᠤ᠎ᠶ᠋ᠢ ᠠᠬᠢᠭᠤᠯᠤᠨ᠎ᠠ᠃ ᠬᠥᠩᠭᠡᠵᠢᠬᠦ᠌᠎ᠡᠴᠡ ᠡᠮᠦᠨᠡᠬᠢ ᠪᠠᠢᠴᠠᠭᠠᠯᠲᠠ᠎ᠶᠢᠨ ᠡᠮᠴᠢᠯᠡᠭᠡᠨ᠎ᠦ᠌ ᠵᠠᠷᠤᠳᠠᠯ᠎ᠤ᠋ᠨ ᠪᠠᠲᠤᠯᠠᠭ᠎ᠠ᠎ᠶᠢᠨ ᠬᠢᠷᠢ ᠬᠡᠮᠵᠢᠶ᠎ᠡ᠎ᠶᠢ ᠵᠦᠢ ᠵᠣᠬᠢᠰᠲᠠᠢ ᠳᠡᠭᠡᠭ᠌ᠱᠢᠯᠡᠭᠦᠯᠵᠦ᠍᠂ ᠪᠦᠬᠦ᠌ ᠤᠯᠤᠰ᠎ᠲᠤ᠌ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ᠎ᠳ᠋ᠦ᠍ ᠬᠥᠩᠭᠡᠵᠢᠭ᠌ᠰᠡᠨ ᠬᠤᠪᠢ ᠬᠥᠮᠦᠨ᠎ᠢ 《 ᠦᠪᠡᠷ᠎ᠢᠶᠡᠨ ᠥᠭᠬᠦ ᠦᠭᠡᠢ 》᠎ᠶᠢ ᠦᠨᠳᠦᠰᠦᠨ᠎ᠳᠦ᠎ᠪᠡᠨ ᠪᠡᠶᠡᠯᠡᠭᠦᠯᠬᠦ᠌᠎ᠪᠡᠷ ᠴᠢᠷᠮᠠᠢ᠌ᠨ᠎ᠠ᠃ ᠬᠥᠩᠭᠡᠵᠢᠬᠦ᠌᠎ᠶ᠋ᠢ ᠵᠣᠭ᠍ᠰᠣᠭᠠᠬᠤ ᠲᠣᠬᠢᠷᠠᠮᠵᠢᠲᠠᠶ ᠲᠥᠷᠥᠯ ᠵᠦᠢᠯ᠎ᠢ ᠳᠡᠰ ᠳᠠᠷᠠᠭᠠᠯᠠᠯ ᠶᠣᠰᠣᠭᠠᠷ ᠰᠠᠭᠤᠷᠢ ᠮᠥᠩᠭᠦ᠎ᠶ᠋ᠢᠨ ᠥᠭᠬᠦ ᠬᠡᠪᠴᠢᠶᠡᠨ᠎ᠳᠤ ᠣᠷᠣᠭᠤᠯᠤᠨ᠎ᠠ᠃ ᠦᠷᠡᠵᠢᠯ᠎ᠦᠨ ᠨᠥᠬᠥᠪᠥᠷᠢ᠎ᠶ᠋ᠢ ᠳᠡᠰ ᠳᠠᠷᠠᠭᠠᠯᠠᠯ ᠶᠣᠰᠣᠭᠠᠷ ᠳᠠᠭᠠᠳᠭᠠᠯ᠎ᠳᠤ ᠣᠷᠣᠯᠴᠠᠭ᠍ᠴᠢ᠎ᠳᠤ ᠱᠢᠭᠤᠳ ᠣᠯᠭᠣᠬᠤ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠦᠨ᠎ᠡ᠃

ᠬᠠᠳᠠᠭᠠᠯᠠᠭ᠍ᠳᠠᠵᠤ ᠪᠠᠢᠭ᠎ᠠ ᠲᠠᠸᠠᠷ᠎ᠤᠨ ᠭᠡᠷ ᠪᠠᠢᠱᠢᠩ᠎ᠢ ᠬᠤᠳᠠᠯᠳᠤᠨ ᠠᠪᠴᠤ᠌ ᠪᠠᠲᠤᠯᠠᠪᠤᠷᠢ᠎ᠶ᠋ᠢᠨ ᠴᠢᠨᠠᠷᠲᠠᠢ ᠣᠷᠣᠨ ᠰᠠᠭᠤᠴᠠ᠂ ᠳᠦᠪᠬᠢᠨᠡᠭᠦᠯᠬᠦ᠌ ᠭᠡᠷ ᠪᠠᠢᠱᠢᠩ᠂ ᠪᠠᠢᠷᠢ᠎ᠶ᠋ᠢᠨ ᠭᠡᠷ᠂ ᠴᠢᠳᠠᠪᠤᠷᠢᠲᠠᠨ᠎ᠤ ᠭᠡᠷ ᠪᠠᠢᠱᠢᠩ ᠪᠣᠯᠭᠠᠨ ᠬᠡᠷᠡᠭ᠌ᠯᠡᠬᠦ᠌᠎ᠶ᠋ᠢ ᠠᠬᠢᠭᠣᠯᠣᠨ᠎ᠠ

ᠪᠥᠬᠦ᠌ ᠤᠯᠤᠰ᠎ᠤᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠬᠤᠷᠠᠯ᠎ᠢ ᠦᠨᠳᠦᠰᠦᠯᠡᠨ᠂ 2026 ᠣᠨ᠎ᠳᠤ᠂ ᠬᠡᠷ ᠪᠠᠢᠱᠢᠩ ᠭᠠᠵᠠᠷ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠲᠣᠭ᠍ᠲᠠᠪᠤᠷᠢᠵᠢᠭᠤᠯᠤᠨ᠎ᠠ᠃ ᠬᠤᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍ ᠪᠠᠢᠭ᠎ᠠ ᠨᠡᠮᠡᠭ᠌ᠳᠡᠯ᠎ᠢ ᠡᠵᠡᠮᠳᠡᠬᠦ᠂ ᠬᠥᠮᠥᠷᠭᠡ᠎ᠶ᠋ᠢᠨ ᠬᠠᠳᠠᠭᠠᠯᠠᠯᠲᠠ᠎ᠶ᠋ᠢ ᠪᠠᠭᠠᠰᠭᠠᠬᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌᠂ ᠬᠤᠲᠠ᠎ᠶ᠋ᠢᠨ ᠱᠢᠨᠡᠴᠢᠯᠡᠯᠲᠡ᠂ ᠬᠤᠲᠠ᠎ᠶ᠋ᠢᠨ ᠳᠤᠮᠳᠠᠬᠢ ᠲᠣᠰᠭᠤᠨ᠎ᠢ ᠥᠭᠡᠷᠡᠴᠢᠯᠡᠨ ᠱᠢᠨᠡᠳᠭᠡᠬᠦ᠌᠎ᠲᠠᠢ ᠣᠶᠠᠯᠳᠣᠭᠣᠯᠵᠣ ᠪᠠᠢ᠌ᠭ᠋ᠠᠳ᠂ ᠦᠯᠡᠳᠡᠭᠡᠯ ᠲᠠᠸᠠᠷ᠎ᠤᠨ ᠬᠡᠷ ᠪᠠᠢᠱᠢᠩ ᠬᠤᠳᠠᠯᠳᠤᠨ ᠠᠪᠴᠤ᠌ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠂ ᠲᠥᠪᠬᠢᠨᠡᠭᠦᠯᠬᠦ᠌ ᠬᠡᠷ ᠪᠠᠢᠱᠢᠩ᠂ ᠪᠠᠢᠷᠢ᠎ᠶᠢᠨ ᠭᠡᠷ᠂ ᠴᠢᠳᠠᠪᠤᠷᠢᠲᠠᠨ᠎ᠤ ᠬᠡᠷ ᠪᠠᠢᠱᠢᠩ ᠵᠡᠷᠭᠡ᠎ᠳᠤ ᠬᠡᠷᠡᠭ᠌ᠯᠡᠬᠦ᠌᠎ᠶ᠋ᠢ ᠠᠬᠢᠭᠤᠯᠤᠨ᠎ᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ

ᠢᠷᠡᠯᠲᠡ᠄ ᠰᠢᠨ᠎ᠡ ᠬᠣᠲᠠ ᠲᠣᠭᠣᠷᠢᠭ᠎ᠤᠨ ᠵᠡᠭᠦᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ