ᠮᠠᠨ᠎ᠤ ᠲᠣᠪᠴᠢᠶ᠎ᠠ ᠪᠥᠬᠦ ᠣᠷᠣᠨ᠎ᠤ ᠪᠠᠭᠤᠳᠠᠯ ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠲᠧᠯᠸᠢᠰ᠎ᠤᠨ ᠠᠵᠢᠯᠯᠠᠭ᠋ᠠᠨ᠎ᠤ ᠨᠠᠷᠢᠨ ᠪᠤᠳᠤᠯᠢᠶᠠᠨ᠎ᠢ ᠲᠤᠰᠬᠠᠶ ᠴᠡᠭᠴᠡᠯᠡᠨ ᠵᠠᠰᠠᠬᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠲᠧᠯᠸᠢᠰ ᠤᠲᠠᠰᠤ ᠵᠢᠨ ᠬᠤᠷᠠᠯ ᠬᠤᠷᠠᠯᠳᠤᠭᠤᠯᠪᠠ
2024-04-25




  4 ᠳ᠋ᠦ᠍ᠭᠡᠷ ᠰᠠᠷ᠎ᠠ ᠵᠢᠨ 24᠎ᠤ ᠡᠳᠦᠷ᠂ ᠮᠠᠨ᠎ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠲᠠᠢ ᠬᠠᠮᠲᠤᠷᠠᠨ ᠪᠥᠬᠦ ᠣᠷᠣᠨ᠎ᠤ ᠪᠠᠭᠤᠳᠠᠯ ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠲᠧᠯᠸᠢᠰ᠎ᠤᠨ ᠠᠵᠢᠯᠯᠠᠭ᠋ᠠᠨ᠎ᠤ ᠨᠠᠷᠢᠨ ᠪᠤᠳᠤᠯᠢᠶᠠᠨ᠎ᠢ ᠲᠤᠰᠬᠠᠶ ᠴᠡᠭᠴᠡᠯᠡᠨ ᠵᠠᠰᠠᠬᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠲᠧᠯᠸᠢᠰ ᠤᠲᠠᠰᠤ ᠵᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠧᠨ ᠵᠢᠶᠦ᠋ᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


(工作动态).jpg


   ᠬᠤᠷᠠᠯ᠎ᠠᠴᠠ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠪᠠᠭᠤᠳᠠᠯ᠎ᠤᠨ ᠲᠧᠯᠸᠢᠰ᠎ᠤᠨ ᠠᠵᠢᠯᠯᠠᠭ᠋ᠠᠨ᠎ᠤ ᠨᠠᠷᠢᠨ ᠪᠤᠳᠤᠯᠢᠶᠠᠨ᠎ᠢ ᠲᠤᠰᠬᠠᠶ ᠵᠠᠰᠠᠯᠲᠠ ᠵᠢᠨ ᠪᠣᠳᠠᠲᠠᠶ ᠱᠠᠭ᠋ᠠᠷᠳᠠᠯᠭ᠎ᠠ ᠵᠢ ᠤᠯᠠᠮᠵᠢᠯᠠᠪᠠ᠃ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠤᠯᠠᠭ᠋ᠠᠨᠬᠠᠳᠠ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠬᠥᠬᠡᠬᠤᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ ᠤᠷᠢᠳ ᠬᠤᠵᠢᠳ ᠦᠭᠡ ᠬᠡᠯᠡᠪᠡ᠃

   ᠬᠤᠷᠠᠯ᠎ᠠᠴᠠ᠂ ᠨᠢᠭᠡ᠎ᠳᠤ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂  ᠲᠤᠰᠬᠠᠢ ᠵᠠᠰᠠᠯᠲᠠ ᠵᠢᠨ ᠠᠵᠢᠯ ᠪᠣᠯ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠪᠠᠬᠢᠵᠢᠭᠦᠯᠬᠦ ᠤᠯᠤᠰ ᠲᠦᠷᠦ ᠵᠢᠨ ᠢᠨᠵᠧᠨᠧᠷᠢᠩ ᠮᠥᠨ᠂ ᠠᠷᠠᠳ ᠤᠯᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠂ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠵᠢ ᠬᠠᠷᠢᠭᠤ ᠲᠤᠰᠬᠠᠬᠤ ᠠᠷᠠᠳ᠎ᠤᠨ ᠰᠡᠳᠬᠢᠯ᠎ᠤᠨ ᠢᠨᠵᠧᠨᠧᠷᠢᠩ ᠮᠥᠨ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠷᠠᠳᠢᠣ᠋ ᠲᠧᠯᠸᠢᠰ᠎ᠤᠨ ᠰᠣᠶᠣᠯ ᠵᠢᠭᠤᠯᠴᠢᠯᠠᠯ᠎ᠤᠨ ᠠᠵᠢᠯ ᠲᠦᠷᠦᠯ᠎ᠤᠨ ᠬᠥᠭᠵᠢᠯᠲᠡ ᠵᠢ ᠠᠬᠢᠭᠤᠯᠬᠤ ᠶᠠᠰᠤ ᠴᠢᠨᠠᠷ᠎ᠤᠨ ᠢᠨᠵᠧᠨᠧᠷᠢᠩ ᠮᠥᠨ ᠭᠡᠳᠡᠭ᠎ᠢ ᠭᠦᠢ᠍ᠴᠡᠳ ᠲᠠᠨᠢᠬᠤ ᠬᠡᠷᠡᠭᠲᠡᠢ᠃ ᠬᠤᠶᠠᠷ᠎ᠲᠤ ᠠᠵᠢᠯ᠎ᠤᠨ ᠭᠤᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠲᠧᠯᠸᠢᠰ ᠨᠡᠭᠡᠭᠡᠵᠦ ᠰᠢᠭᠤᠳ ᠨᠡᠪᠲᠡᠷᠡᠭᠦᠯᠭᠡ ᠦᠵᠡᠬᠦ ᠵᠢ ᠲᠤᠰᠬᠠᠢ ᠵᠠᠰᠠᠯᠲᠠ ᠵᠢᠨ ᠠᠵᠢᠯ᠎ᠤᠨ ᠲᠡᠷᠢᠭᠦᠨ ᠴᠢᠬᠤᠯᠠ ᠬᠠᠷᠠᠯᠲᠠ ᠪᠣᠯᠭ᠋ᠠᠵᠤ᠂ ᠲᠤᠪᠤᠶ᠋ᠢᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠡᠷᠡᠭᠵᠢᠭᠦᠯᠬᠦ ᠭᠤᠣᠯ ᠴᠣᠭᠴᠠ ᠵᠢ ᠴᠢᠩᠭ᠎ᠠ ᠠᠳᠬᠤᠵᠤ᠂ ᠲᠦᠷᠦ ᠵᠢᠨ ᠪᠤᠳᠤᠯᠭ᠎ᠠ ᠵᠢᠨ ᠠᠵᠠ ᠲᠣᠬᠢᠶᠠᠯ᠎ᠢ ᠲᠡᠮᠡᠴᠡᠨ ᠣᠯᠵᠤ᠂ ᠵᠠᠰᠠᠯᠲᠠ ᠵᠢᠨ ᠡᠭᠦᠷᠭᠡ ᠵᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠬᠦ ᠬᠡᠷᠡᠭᠲᠡᠢ᠃ ᠭᠤᠷᠪᠠ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂  ᠠᠵᠢᠯ᠎ᠤᠨ ᠲᠤᠰᠬᠠᠶ ᠠᠩᠭᠢ ᠪᠠᠶ᠋ᠢᠭᠤᠯᠵᠤ᠂ ᠠᠵᠢᠯ᠎ᠤᠨ ᠲᠣᠭᠲᠠᠴᠠ ᠵᠢ ᠪᠦᠷᠢᠨᠰᠢᠬᠦᠯᠦᠨ᠂ ᠬᠡᠮᠵᠢᠶᠡᠵᠢᠭᠦᠯᠦᠭᠰᠡᠨ ᠡᠬᠡ ᠲᠠᠩᠰᠠ ᠲᠣᠭᠲᠠᠭ᠋ᠠᠵᠤ᠂ ᠡᠭᠦᠷᠭᠡ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠢ ᠲᠣᠳᠣᠷᠬᠠᠶ᠋ᠢᠯᠠᠵᠤ᠂ ᠡᠯ᠎ᠡ ᠵᠦᠢ᠍ᠯ᠎ᠤᠨ ᠠᠵᠢᠯ᠎ᠢ ᠲᠥᠯᠥᠪᠯᠡᠭᠡ ᠶᠣᠰᠣᠭ᠋ᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠲᠤᠰᠬᠠᠶ ᠵᠠᠰᠠᠯᠲᠠ ᠵᠢᠨ ᠠᠵᠢᠯ᠎ᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠠᠶ᠋ᠢᠩᠭᠤᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

   ᠡᠯ᠎ᠡ ᠠᠶ᠋ᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠴᠠᠬᠢᠯᠭ᠋ᠠᠨ ᠬᠤᠯᠪᠣᠭ᠋ᠠᠨ᠎ᠤ ᠥᠪᠥᠷ ᠮᠣᠩᠭᠤᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠰᠢᠯᠵᠢᠮᠡᠯ ᠬᠤᠯᠪᠣᠭ᠋ᠠᠨ᠎ᠤ ᠥᠪᠥᠷ ᠮᠣᠩᠭᠤᠯ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠋ᠠᠨ᠎ᠤ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ 160 ᠰᠢᠬᠠᠮ ᠬᠥᠮᠦᠨ ᠬᠤᠷᠠᠯ᠎ᠳᠤ ᠣᠷᠣᠯᠴᠠᠪᠠ᠃

(ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ