2025 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ
2025-01-22



  1  ᠳ᠋ᠦ᠍ᠭᠡᠷ ᠰᠠᠷ᠎ᠠ ᠵᠢᠨ 22᠎ᠤᠨ ᠡᠳᠦᠷ᠂ 2025 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠂ ᠪᠦᠬᠦ ᠤᠯᠤᠰ᠎ᠤᠨ ᠷᠠᠳᠢᠣ᠋ ᠲᠧᠯᠸᠢᠰ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠪᠠ᠃ 2024 ᠣᠨ᠎ᠤ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶ᠎ᠡ᠎ᠪᠠᠷ ᠦᠵᠡᠵᠦ ᠰᠣᠨᠣᠰᠬᠤ ᠠᠵᠢᠯ᠎ᠢ ᠪᠥᠬᠦ ᠲᠠᠯ᠎ᠠ᠎ᠪᠠᠷ ᠳ᠋ᠦᠩᠨᠡᠵᠦ᠂ 2025 ᠣᠨ᠎ᠤ ᠭᠤᠤᠯᠳᠠᠯᠭ᠎ᠠ ᠪᠣᠯᠬᠤ ᠠᠵᠢᠯ᠎ᠤᠨ ᠡᠭᠦᠷᠭᠡ ᠵᠢ ᠲᠣᠬᠢᠷᠠᠭᠤᠯᠬᠤ ᠵᠢᠨ ᠬᠠᠮᠲᠤ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠤᠷᠢᠨ᠎ᠳᠤ᠂ ᠪᠥᠬᠦ ᠤᠯᠤᠰ᠎ᠤᠨ ᠷᠠᠳᠢᠣ᠋ ᠲᠧᠯᠸᠢᠰ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ  ᠨᠠᠢ᠌ᠳᠠᠪᠤᠷᠢᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠠᠬᠢᠭᠤᠯᠵᠤ᠂ 2025 ᠣᠨ᠎ᠤ ᠭᠤᠤᠯᠳᠠᠯᠭ᠎ᠠ ᠪᠣᠯᠬᠤ ᠠᠵᠢᠯ᠎ᠤᠨ ᠠᠷᠭ᠎ᠠ ᠬᠡᠮᠵᠢᠶ᠎ᠡ ᠵᠢ ᠰᠦᠪᠡᠭᠴᠢᠯᠡᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠠᠵᠢᠯ᠎ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠬᠤᠷᠢᠶᠠᠨ ᠳᠠᠷᠤᠭ᠎ᠠ ᠭᠤᠤ ᠸᠧᠨ ᠬᠤᠩ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠹᠠᠩ ᠱ᠌ᠢ ᠡᠤ᠂ ᠨᠠᠮ᠎ᠤᠨ ᠬᠤᠷᠢᠶᠠᠨ᠎ᠤ ᠳᠡᠳ᠋ ᠱᠦᠵᠢ᠂ ᠶᠡᠷᠦᠩᠬᠡᠢ ᠳᠠᠭ᠋ᠠᠭ᠋ᠠᠮᠠᠯ ᠯᠢ ᠭᠦᠸᠧ ᠬᠤᠩ ᠬᠤᠷᠠᠯ᠎ᠳᠤ ᠣᠷᠣᠯᠴᠠᠪᠠ᠃


W020250122850962941027_ORIGIN.jpg


   ᠬᠤᠷᠠᠯ᠎ᠠᠴᠠ᠂ 2024᠎ᠤᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠃ ᠨᠢᠭᠡ ᠵᠢᠯ᠎ᠤᠨ ᠲᠤᠷᠰᠢ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ᠎ᠬᠢᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠱᠤᠭᠤᠮ᠎ᠢ ᠲᠤᠭᠤᠰᠢᠯᠠᠭᠤᠯᠵᠤ᠂ 《ᠬᠤᠶᠠᠷ ᠭᠤᠷᠪᠠ ᠳᠥᠷᠪᠡ》 ᠵᠢᠨ ᠠᠵᠢᠯ᠎ᠤᠨ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠶᠡᠭᠡ ᠲᠠᠯ᠎ᠠ᠎ᠳᠤ ᠬᠦᠴᠦᠲᠡᠶ ᠦᠢ᠍ᠯᠡᠴᠢᠯᠡᠪᠡ ᠭᠡᠵᠦ ᠵᠢᠭ᠋ᠠᠵᠤ ᠭᠠᠷᠭ᠋ᠠᠪᠠ᠃

   ᠬᠤᠷᠠᠯ᠎ᠠᠴᠠ 2025 ᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠭᠤᠤᠯᠳᠠᠯᠭ᠎ᠠ ᠪᠣᠯᠬᠤ  ᠠᠵᠢᠯ᠎ᠳᠤ ᠲᠣᠬᠢᠷᠠᠭᠤᠯᠤᠯᠲᠠ ᠬᠢᠪᠠ᠃ 2025 ᠣᠨ᠎ᠳᠤ ᠨᠠᠮ᠎ᠤᠨ ᠰᠢᠨ᠎ᠡ ᠵᠢ ᠡᠭᠦᠳᠬᠦ ᠣᠨᠣᠯ᠎ᠤᠨ ᠳᠠᠮᠵᠢᠭᠤᠯᠭ᠎ᠠ᠂ ᠰᠣᠨᠢᠨ ᠮᠡᠳᠡᠭᠡᠨ᠎ᠤ ᠫᠷᠤᠭ᠌ᠷᠠᠮ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠬᠠᠮ ᠵᠠᠭᠤᠴᠢᠯᠠᠭᠤᠷ᠎ᠤᠨ ᠰᠢᠰᠲ᠋ᠧᠮᠲᠦ ᠴᠢᠨᠠᠷᠲᠠᠢ ᠬᠤᠪᠢᠰᠤᠯᠲᠠ᠂ ᠰᠣᠳᠣᠨ ᠠᠭᠤᠯᠭ᠎ᠠ ᠵᠢᠨ ᠬᠠᠩᠭ᠋ᠠᠯᠭ᠎ᠠ᠂ ᠣᠷᠣᠨ ᠪᠦᠰᠡ ᠵᠢᠨ ᠬᠠᠮᠲᠤᠷᠠᠯᠴᠠᠭ᠎ᠠ ᠬᠠᠮᠵᠢᠯᠴᠠᠭ᠎ᠠ᠂ ᠤᠯᠠᠨ ᠤᠯᠤᠰ᠎ᠤᠨ ᠳᠠᠮᠵᠢᠭᠤᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭ᠋ᠠᠬᠤ᠎ᠪᠠᠷ ᠬᠦᠴᠦᠯᠡᠨ ᠴᠢᠷᠮᠠᠶ᠋ᠢᠨ᠎ᠠ᠃  ᠨᠢᠭᠡ᠎ᠳᠤ ᠂ 《ᠨᠠᠮ᠎ᠤᠨ ᠰᠢᠨ᠎ᠡ ᠵᠢ ᠡᠭᠦᠳᠬᠦ ᠣᠨᠣᠯ ᠤᠯᠠᠮᠵᠢᠯᠠᠬᠤ ᠢᠨᠵᠧᠨᠧᠷᠢᠩ》᠂ 《ᠰᠣᠨᠢᠨ ᠮᠡᠳᠡᠭᠡᠨ᠎ᠤ ᠫᠷᠤᠭ᠌ᠷᠠᠮ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》᠂ 《ᠬᠠᠮ ᠵᠠᠭᠤᠴᠢᠯᠠᠭᠤᠷ᠎ᠤᠨ ᠳᠠᠮᠵᠢᠭᠤᠯᠭ᠎ᠠ ᠵᠢ ᠳᠡᠭᠡᠭᠰᠢᠯᠡᠭᠦᠯᠬᠦ ᠢᠨᠵᠧᠨᠧᠷᠢᠩ》᠎ᠢ ᠰᠦᠪᠡᠭᠴᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠤᠣᠯ ᠠᠵᠢᠯ᠎ᠳᠤ ᠬᠦᠴᠦᠷᠬᠡᠭ ᠶᠡᠭᠡ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ᠎ᠤ ᠳᠡᠮᠵᠢᠯᠭᠡ ᠪᠠ ᠣᠶᠤᠨ ᠰᠠᠨᠠᠭ᠋ᠠᠨ᠎ᠤ ᠬᠦᠴᠦᠨ᠎ᠤ ᠪᠠᠲᠤᠯᠠᠭ᠎ᠠ ᠬᠠᠩᠭ᠋ᠠᠨ᠎ᠠ᠃  ᠬᠤᠶᠠᠷ᠎ᠲᠤ᠂  ᠨᠢᠭᠡ ᠲᠠᠯ᠎ᠠ᠎ᠪᠠᠷ ᠵᠶ᠋ᠠᠨ ᠰᠡᠳᠦᠪ ᠰᠣᠩᠭᠤᠬᠤ ᠲᠥᠯᠥᠪᠵᠢᠭᠦᠯᠭᠡ ᠵᠢ ᠠᠳᠬᠤᠨ᠂ ᠨᠦᠭᠦᠭᠡ ᠲᠠᠯ᠎ᠠ᠎ᠪᠠᠷ ᠵᠶ᠋ᠠᠨ ᠣᠷᠴᠢᠨ ᠲᠣᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠠᠳᠬᠤᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠨᠵᠧᠨᠧᠷᠢᠩ᠎ᠢ ᠬᠡᠷᠡᠭᠵᠢᠭᠦᠯᠬᠦ ᠵᠢ ᠠᠬᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠪᠠ ᠬᠦᠯᠢᠶᠡᠨ ᠠᠪᠤᠭᠴᠢᠳ᠎ᠢ  ᠪᠦᠲᠦᠮᠵᠢᠲᠡᠢ ᠬᠦᠨᠳᠡᠬᠦ ᠵᠢ ᠪᠡᠶᠡᠯᠡᠭᠦᠯᠵᠦ᠂ ᠪᠦᠬᠦ ᠬᠦᠴᠦᠨ ᠵᠶ᠋ᠠᠷ ᠵᠶ᠋ᠠᠨ ᠤᠮᠠᠷᠠᠲᠤ ᠬᠢᠯᠢ ᠵᠢᠨ ᠰᠣᠶᠣᠯ᠎ᠤᠨ ᠨᠡᠷᠡᠲᠦ  ᠲᠡᠮᠳᠡᠭ᠎ᠢ ᠭᠡᠷᠡᠯᠲᠦᠭᠦᠯᠦᠨ᠎ᠡ ᠃  ᠭᠤᠷᠪᠠ᠎ᠳᠤ᠂  ᠲᠣᠪᠴᠢᠶ᠎ᠠ ᠲᠧᠯᠸᠢᠰ ᠰᠦᠯᠵᠢᠶ᠎ᠡ᠎ᠪᠠᠷ ᠬᠤᠯᠪᠣᠭ᠋ᠠᠯᠠᠨ ᠬᠥᠳᠡᠯᠦᠯᠴᠡᠬᠦ᠂ ᠮᠤᠵᠢ ᠠᠯᠤᠰᠯᠠᠨ ᠭᠦᠨᠵᠡᠭᠡᠶ ᠬᠠᠮᠵᠢᠯᠴᠠᠬᠤ ᠪᠠ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ ᠥᠷᠭᠡᠳᠬᠡᠬᠦ ᠭᠤᠷᠪᠠᠨ ᠳᠡᠰ ᠳᠠᠪᠬᠤᠷᠭ᠎ᠠ ᠵᠢᠨ ᠬᠠᠮᠵᠢᠯᠴᠠᠭ᠎ᠠ ᠵᠢ ᠰᠠᠶ᠋ᠢᠲᠤᠷ ᠨᠢᠭᠡᠳᠦᠯᠲᠡᠶ ᠲᠥᠯᠥᠪᠵᠢᠭᠦᠯᠵᠦ᠂ ᠪᠥᠬᠦ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠥᠨᠳᠥᠷ ᠪᠦᠲᠦᠮᠵᠢᠲᠡᠶ ᠰᠢᠯᠵᠢᠯᠲᠡ ᠵᠢ ᠠᠬᠢᠭᠤᠯᠤᠨ᠎ᠠ᠃  ᠳᠥᠷᠪᠡ᠎ᠳᠤ᠂  ᠠᠷᠠᠳ᠎ᠲᠤ ᠠᠰᠢᠭ ᠬᠦᠷᠲᠡᠭᠡᠬᠦ ᠭᠣᠣᠯᠳᠠᠯᠭ᠎ᠠ ᠪᠣᠯᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠬᠡᠷᠡᠭᠯᠡᠯᠲᠡ ᠵᠢ ᠨᠢᠭᠡ ᠴᠤᠭᠴᠠᠵᠢᠭᠤᠯᠬᠤ᠎ᠪᠠᠷ ᠭᠠᠷᠳᠠᠴᠠ ᠪᠣᠯᠭ᠋ᠠᠵᠤ᠂ ᠣᠯᠠᠨ ᠲᠦᠮᠡᠨ᠎ᠤ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠵᠣᠯᠭ᠋ᠠᠭᠤᠯᠵᠤ᠂ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠰ ᠳᠡᠪᠰᠢᠬᠦ ᠵᠢ ᠪᠥᠬᠦ ᠬᠦᠴᠦᠨ ᠵᠶ᠋ᠠᠷ ᠠᠬᠢᠭᠤᠯᠤᠨ᠎ᠠ᠃  ᠲᠠᠪᠤ᠎ᠳᠤ᠂  ᠷᠠᠳᠢᠣ᠋ ᠲᠧᠯᠸᠢᠰ᠎ᠤᠨ ᠰᠢᠰᠲᠸᠮᠲᠦ ᠴᠢᠨᠠᠷᠲᠠᠶ ᠬᠤᠪᠢᠰᠬᠠᠯ᠎ᠢ ᠶᠡᠬᠡᠪᠡᠷ ᠠᠬᠢᠭᠤᠯᠵᠤ᠂ 《ᠬᠤᠶᠠᠷ᠎ᠢ ᠵᠠᠰᠠᠬᠤ》 ᠦᠷ᠎ᠡ ᠪᠦᠲᠦᠮᠵᠢ ᠵᠢ ᠪᠠᠬᠢᠵᠢᠭᠦᠯᠵᠦ᠂ ᠥᠨᠳᠥᠷ ᠲᠣᠳᠣ ᠬᠡᠲᠦ ᠥᠨᠳᠥᠷ ᠲᠣᠳᠣ ᠬᠥᠭᠵᠢᠯᠲᠡ ᠵᠢᠨ ᠲᠣᠬᠢᠶᠠᠯ᠎ᠢ ᠡᠵᠡᠮᠳᠡᠵᠦ᠂ 《ᠰᠢᠨ᠎ᠡ ᠵᠠᠮ᠎ᠢ ᠨᠡᠭᠡᠭᠡᠵᠦ᠂  ᠳᠤᠮᠳᠠ ᠲᠦᠪᠰᠢᠨ᠎ᠳᠤ ᠳᠠᠪᠰᠢᠬᠤ》᠎ᠪᠠᠷ ᠴᠢᠷᠮᠠᠶ᠋ᠢᠨ᠎ᠠ᠃  ᠵᠢᠷᠭᠤᠭ᠎ᠠ᠎ᠳᠤ᠂  ᠠᠶᠤᠯ ᠦᠭᠡᠢ ᠦᠢ᠍ᠯᠡᠳᠪᠦᠷᠢᠯᠡᠯ ᠪᠠ ᠠᠮᠤᠷ ᠲᠦᠪᠰᠢᠨ᠎ᠢ ᠨᠡᠪᠲᠡᠷᠡᠭᠦᠯᠬᠦ᠂ ᠶᠡᠷᠦᠩᠬᠡᠶ᠋ᠢᠯᠡᠨ ᠵᠠᠰᠠᠬᠤ ᠪᠠ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ᠂ ᠰᠦᠯᠵᠢᠶᠡᠨ᠎ᠤ ᠠᠮᠤᠷ ᠲᠦᠪᠰᠢᠨ ᠪᠠ ᠲᠤᠭ᠎ᠠ ᠪᠠᠷᠢᠮᠲᠠ ᠵᠢᠨ ᠠᠮᠤᠷ ᠲᠦᠪᠰᠢᠨ ᠵᠡᠷᠭᠡ ᠵᠢᠷᠭᠤᠭ᠋ᠠᠨ ᠲᠠᠯ᠎ᠠ ᠵᠢᠨ ᠠᠮᠤᠷ ᠲᠦᠪᠰᠢᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠢ ᠰᠠᠶ᠋ᠢᠲᠤᠷ ᠠᠳᠬᠤᠵᠤ᠂ ᠪᠦᠬᠦ ᠣᠷᠣᠨ᠎ᠤ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠰᠢᠨ᠎ᠡ ᠬᠡᠯᠪᠡᠷᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠴᠢᠷᠮᠠᠶ᠋ᠢᠨ ᠪᠠᠶ᠋ᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠰᠠᠬᠢᠨ ᠬᠠᠮᠠᠭ᠋ᠠᠯᠠᠨ᠎ᠠ᠃

   ᠬᠤᠷᠠᠯ᠎ᠠᠴᠠ᠂ ᠨᠠᠮ᠎ᠤᠨ ᠤᠳᠤᠷᠢᠳᠤᠯᠭ᠎ᠠ ᠵᠢ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠵᠢᠯ᠎ᠤᠨ ᠡᠯ᠎ᠡ ᠲᠠᠯ᠎ᠠ᠂ ᠪᠦᠬᠦ ᠶᠠᠪᠤᠴᠠ᠎ᠳᠤ ᠲᠣᠭᠤᠰᠢᠯᠠᠭᠤᠯᠵᠤ᠂ ᠤᠯᠤᠰ ᠲᠦᠷᠦ᠎ᠪᠠᠷ ᠬᠦᠳᠦᠯᠦᠨ ᠳᠠᠭ᠋ᠠᠭᠤᠯᠬᠤ ᠵᠢ ᠴᠢᠩᠭ᠋ᠠᠳᠬᠠᠵᠤ᠂ ᠴᠢᠳᠠᠪᠤᠷᠢᠲᠠᠨ ᠵᠶ᠋ᠠᠷ ᠲᠤᠯᠭ᠋ᠠᠭᠤᠷᠢᠯᠠᠬᠤ ᠪᠠ ᠰᠢᠯᠢᠳᠡᠭ ᠰᠤᠷᠲᠠᠯ᠎ᠢ ᠪᠠᠳᠠᠷᠠᠭᠤᠯᠵᠤ᠂ ᠷᠠᠳᠢᠣ᠋ ᠲᠧᠯᠸᠢᠰ᠎ᠤᠨ ᠦᠢ᠍ᠯᠡᠰ᠎ᠢ ᠠᠬᠢᠭᠤᠯᠬᠤ ᠬᠦᠴᠦᠷᠬᠡᠭ ᠶᠡᠭᠡ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠺᠢᠨᠣ᠋ ᠵᠢᠨ ᠪᠦᠯᠦᠭᠯᠡᠯ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ ᠪᠣᠯᠤᠨ ᠳᠤᠮᠳᠠᠳᠤ ᠤᠯᠤᠰ᠎ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ᠎ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ᠎ᠤᠨ ᠴᠠᠬᠢᠯᠭ᠋ᠠᠨ ᠬᠤᠯᠪᠣᠭ᠋ᠠᠨ᠎ᠤ ᠥᠪᠥᠷ ᠮᠣᠩᠭᠤᠯ᠎ᠳᠠᠬᠢ ᠬᠤᠪᠢᠶᠠᠷᠢ ᠺᠣᠮᠫᠠᠨᠢ ᠵᠢᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠭᠠᠵᠠᠷ ᠲᠠᠰᠤᠭ  ᠪᠣᠯᠤᠨ ᠰᠢᠭᠤᠳ ᠬᠠᠷᠢᠶ᠎ᠠ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠂ ᠡᠯ᠎ᠡ ᠠᠶ᠋ᠢᠮᠠᠭ ᠬᠤᠲᠠ ᠪᠣᠯᠤᠨ ᠮᠠᠨᠵᠤᠤᠷ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠷᠠᠳᠢᠣ᠋ ᠲᠧᠯᠸᠢᠰ ᠬᠤᠷᠢᠶ᠎ᠠ (ᠬᠠᠮ ᠵᠠᠭᠤᠴᠢᠯᠠᠭᠤᠷ᠎ᠤᠨ ᠲᠥᠪ)᠂ ᠷᠠᠳᠢᠣ᠋ ᠲᠧᠯᠸᠢᠰ᠎ᠤᠨ ᠰᠦᠯᠵᠢᠶᠡᠨ᠎ᠤ ᠺᠣᠮᠫᠠᠨᠢ ᠵᠢᠨ ᠭᠤᠤᠯ ᠬᠠᠷᠢᠭᠤᠴᠠᠯᠭ᠋ᠠᠲᠠᠨ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠨᠡᠶ᠋ᠢᠭᠡᠮᠯᠢᠭ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃

(ᠠᠯᠪᠠᠨ ᠭᠡᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ