ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠹᠢᠨᠯᠠᠨᠳ᠋᠎ᠤᠨ ᠶᠡᠷᠦᠩᠬᠡᠢ ᠰᠠᠢᠳ ᠤᠷᠫᠦ᠋ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2026-01-28

  1 ᠰᠠᠷ᠎ᠠ᠎ᠶ᠋ᠢᠨ 27᠎ᠤ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠹᠢᠨᠯᠠᠨᠳ᠋᠎ᠤᠨ ᠶᠡᠷᠦᠩᠬᠡᠢ ᠰᠠᠢᠳ ᠤᠷᠫᠦ᠋᠎ᠲᠡᠶ ᠠᠭᠤᠯᠵᠠᠪᠠ᠃

     ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠯᠢ ᠰᠢᠶᠠᠩ ᠰᠡᠬᠦᠳᠡᠷᠯᠡᠪᠡ

  ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 27᠎ᠦ ᠴᠠᠬᠢᠯᠭᠠᠨ ᠮᠡᠳᠡᠭᠡ 1 ᠰᠠᠷ᠎ᠠ᠎ᠶ᠋ᠢᠨ 27᠎ᠦ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠹᠢᠨᠯᠠᠨᠳ᠋᠎ᠤᠨ ᠶᠡᠷᠦᠩᠬᠡᠢ ᠰᠠᠢᠳ ᠤᠷᠫᠦ᠋᠎ᠲᠡᠶ ᠠᠭᠤᠯᠵᠠᠪᠠ᠃

  ᠰᠢ᠎ᠵᠢᠨ᠎ᠫᠢᠩ᠂ ᠹᠢᠨᠯᠠᠨᠳ᠋ ᠪᠣᠯ ᠬᠠᠮᠤᠭ᠎ᠤᠨ ᠡᠷᠲᠡ ᠱᠢᠨ᠎ᠡ ᠳᠤᠮᠳᠠᠳᠤ ᠤᠯᠤᠰ᠎ᠲᠠᠶ ᠬᠠᠷᠢᠯᠴᠠᠭ᠎ᠠ ᠪᠠᠢᠭᠤᠯᠤᠭ᠍ᠰᠠᠨ ᠤᠯᠤᠰ᠎ᠤᠨ ᠨᠢᠭᠡ ᠪᠣᠯᠤᠨ᠎ᠠ᠃ ᠬᠠᠷᠢᠯᠴᠠᠭ᠎ᠠ ᠪᠠᠢᠭᠤᠯᠤᠭ᠍ᠰᠠᠨ 76 ᠵᠢᠯ᠎ᠦᠨ ᠲᠤᠷᠰᠢ᠂ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠳᠤᠮᠳᠠᠳᠤ ᠹᠢᠨᠯᠠᠨᠳ᠋᠎ᠤᠨ ᠬᠠᠷᠢᠯᠴᠠᠭ᠎ᠠ ᠢᠮᠠᠭ᠍ᠲᠠ ᠲᠣᠭ᠍ᠲᠠᠭᠤᠨ᠎ᠢᠶᠠᠷ ᠬᠥᠭ᠌ᠵᠢᠵᠦ᠍᠂ ᠬᠠᠷᠢᠯᠴᠠᠨ ᠬᠦᠨᠳᠦᠳᠭᠡᠬᠦ᠌᠂ ᠡᠷᠬᠡ ᠲᠡᠭ᠌ᠰᠢ᠎ᠪᠡᠷ ᠬᠠᠨᠳᠤᠯᠴᠠᠬᠤ᠂ ᠢᠷᠡᠭᠡᠳᠦᠢ᠎ᠳᠦ ᠬᠠᠨᠳᠤᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠪᠠᠷᠢᠮᠲᠠᠯᠠᠬᠰᠠᠭᠠᠷ ᠢᠷᠡᠵᠡᠢ᠃ ᠳᠤᠮᠳᠠᠳᠤ ᠤᠯᠤᠰ ᠪᠣᠯᠤᠨ ᠹᠢᠨᠯᠠᠨᠳ᠋᠎ᠤᠨ ᠠᠷᠠᠳ ᠲᠦᠮᠡᠨ ᠴᠥᠮ ᠱᠢᠨᠲᠠᠷᠠᠰᠢ ᠦᠭᠡᠢ ᠲᠡᠮᠡᠴᠡᠬᠦ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠵᠣᠷᠢᠭ ᠰᠠᠨᠠᠭ᠎ᠠ᠎ᠲᠠᠶ ᠶᠤᠮ᠂ ᠬᠣᠶᠠᠷ ᠲᠠᠯ᠎ᠠ᠎ᠪᠠᠷ᠎ᠢᠶᠠᠨ ᠢᠲᠡᠭᠡᠯᠴᠡᠭᠡ᠎ᠪᠡᠨ ᠨᠡᠮᠡᠭ᠌ᠳᠡᠭᠦᠯᠵᠦ᠍᠂ ᠰᠣᠯᠢᠯᠴᠠᠭ᠎ᠠ᠎ᠪᠠᠨ ᠴᠢᠩᠭᠠᠳᠭᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠲᠤᠰ ᠲᠤᠰ᠎ᠤᠨ ᠤᠯᠤᠰ᠎ᠤᠨ᠎ᠢᠶᠠᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠦᠶ᠎ᠡ ᠭᠡᠵᠦ᠍ ᠵᠢᠭᠠᠵᠤ ᠭᠠᠷᠭᠠᠪᠠ᠃

  ᠰᠢ᠎ᠵᠢᠨ᠎ᠫᠢᠩ᠂ ᠳᠤᠮᠳᠠᠳᠤ ᠹᠢᠨᠯᠠᠨᠳ᠋᠎ᠤᠨ ᠨᠥᠬᠥᠷᠰᠡᠭ ᠢᠲᠡᠭᠡᠯᠴᠡᠭᠡ ᠨᠢ ᠲᠡᠦᠬᠡ᠎ᠶ᠋ᠢᠨ ᠰᠠᠭᠤᠷᠢ᠎ᠲᠠᠶ ᠶᠤᠮ᠃ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠮᠥᠨ᠃ ᠳᠤᠮᠳᠠᠳᠤ ᠤᠯᠤᠰ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠪᠡᠨ ᠥᠷᠭᠡᠳᠭᠡᠨ᠎ᠡ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠂ ᠡᠷᠬᠢᠯᠳᠡᠳᠤ ᠠᠵᠤ ᠠᠬᠤᠢ᠂ ᠲᠠᠷᠢᠶᠠᠯᠠᠩ ᠤᠢ ᠱᠢᠭᠤᠢ᠎ᠶ᠋ᠢᠨ ᠠᠵᠤ ᠦᠢᠯᠡᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠡᠷᠭᠡ ᠬᠦᠷᠢᠶᠡᠨ᠎ᠳᠦ ᠨᠡᠩ ᠤᠯᠠᠨ ᠬᠠᠮᠲᠤᠷᠠᠯᠴᠠᠭᠠᠨ᠎ᠤ ᠦᠷ᠎ᠡ ᠪᠦᠲᠦᠭᠡᠯ ᠭᠠᠷᠭᠠᠶ᠎ᠠ᠃ ᠹᠢᠨᠯᠠᠨᠳ᠋᠎ᠤᠨ ᠠᠵᠤ ᠠᠬᠤᠢᠯᠠᠯ᠎ᠦᠳ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠦᠨ 《ᠭᠦᠨ ᠲᠠᠯᠠᠢ》᠎ᠳᠦ 《ᠵᠤᠭᠠᠯᠠᠨ ᠱᠤᠩᠪᠠᠵᠤ》᠂ ᠪᠦᠬᠦ᠌ ᠪᠥᠮᠪᠥᠷᠴᠡᠭ᠎ᠦᠨ ᠦᠷᠢᠰᠦᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ᠃ ᠹᠢᠨᠯᠠᠨᠳ᠋ ᠪᠣᠯ ᠮᠥᠰᠥ᠍ ᠴᠠᠰᠤᠨ᠎ᠤ ᠬᠦᠴᠦᠷᠬᠡᠭ ᠤᠯᠤᠰ ᠮᠥᠨ᠂ ᠳᠤᠮᠳᠠᠳᠤ ᠤᠯᠤᠰ ᠴᠤ᠌ ᠮᠥᠰᠥ᠍ ᠴᠠᠰᠤᠨ᠎ᠤ ᠲᠤᠮᠤ ᠤᠯᠤᠰ ᠪᠣᠯᠵᠠᠢ᠂ ᠬᠣᠶᠠᠷ ᠲᠠᠯ᠎ᠠ᠎ᠪᠠᠷ᠎ᠢᠶᠠᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠮᠥᠰᠥ᠍ ᠴᠠᠰᠤᠨ᠎ᠤ ᠨᠥᠬᠥᠷᠯᠡᠯ᠎ᠢᠶᠡᠨ ᠦᠷᠭᠦᠯᠵᠢᠯᠡᠭᠦᠯᠦᠶ᠎ᠡ᠃ ᠹᠢᠨᠯᠠᠨᠳ᠋᠎ᠤᠨ ᠨᠡᠩ ᠤᠯᠠᠨ ᠠᠷᠠᠳ ᠲᠦᠮᠡᠨ ᠳᠤᠮᠳᠠᠳᠤ ᠤᠯᠤᠰ᠎ᠲᠤ ᠢᠷᠡᠵᠥ᠍ ᠡᠨᠡᠬᠦ ᠡᠷᠲᠡᠨ᠎ᠦ ᠪᠥᠭᠡᠳ ᠤᠳᠤ ᠦᠶ᠎ᠡ᠎ᠶ᠋ᠢᠨ ᠳᠤᠮᠳᠠᠳᠤ ᠤᠯᠤᠰ᠎ᠢ ᠤᠢᠯᠠᠭᠠᠬᠤ᠎ᠶᠢ ᠪᠠᠶᠠᠷᠯᠠᠨ ᠤᠭ᠍ᠲᠤᠵᠤ ᠪᠠᠢᠨ᠎ᠠ ᠭᠡᠵᠤ ᠴᠢᠬᠤᠯᠠᠴᠢᠯᠠᠵᠠᠢ᠃

  ᠰᠢ᠎ᠵᠢᠨ᠎ᠫᠢᠩ᠂ ᠣᠳᠣᠬᠠᠨ᠎ᠤ ᠳᠡᠯᠡᠬᠡᠢ ᠶᠢᠷᠲᠢᠨᠴᠦ᠍ ᠤᠯᠠᠨ ᠳᠠᠪᠬᠤᠷ ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠲᠤᠯᠭᠠᠷᠠᠵᠤ᠂ ᠳᠡᠯᠡᠬᠡᠢ ᠨᠡᠢᠭᠡᠮ᠎ᠢᠶᠡᠷ᠎ᠢᠶᠡᠨ ᠭᠠᠷ ᠬᠣᠯᠪᠣᠨ ᠠᠷᠭᠠᠴᠠᠭᠠᠬᠤ ᠴᠢᠬᠤᠯᠠᠲᠠᠢ ᠪᠠᠢᠨ᠎ᠠ᠂ ᠣᠨᠴᠠᠭᠠᠢᠯᠠᠨ ᠲᠤᠮᠤ ᠤᠯᠤᠰ ᠲᠦᠷᠦᠭᠦᠯᠡᠨ ᠡᠷᠬᠡ ᠲᠡᠭ᠌ᠰᠢ᠎ᠶ᠋ᠢ ᠡᠷᠬᠢᠮᠯᠡᠬᠦ᠌᠂ ᠬᠠᠤᠯᠢ᠎ᠪᠡᠷ ᠵᠠᠰᠠᠬᠤ᠎ᠶᠢ ᠡᠷᠬᠢᠮᠯᠡᠬᠦ᠌᠂ ᠬᠠᠮᠲᠤᠷᠠᠯᠴᠠᠭ᠎ᠠ᠎ᠶ᠋ᠢ ᠡᠷᠬᠢᠮᠯᠡᠬᠦ᠌᠂ ᠦᠨᠡᠨᠴᠢ ᠢᠲᠡᠭᠡᠮᠵᠢ᠎ᠶ᠋ᠢ ᠡᠷᠬᠢᠮᠯᠡᠬᠦ᠌ ᠬᠡᠷᠡᠭ᠌ᠲᠡᠢ᠃ ᠳᠤᠮᠳᠠᠳᠤ ᠤᠯᠤᠰ ᠳᠤᠷᠠᠲᠠᠶ᠎ᠠ ᠹᠢᠨᠯᠠᠨᠳ᠋᠎ᠤᠨ ᠬᠢᠨ᠎ᠲᠡᠶ ᠬᠠᠮᠲᠤ᠎ᠪᠠᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠤᠯᠠᠨ ᠤᠯᠤᠰ᠎ᠤᠨ ᠡᠮᠬᠢ ᠳᠢᠭ᠌ᠯᠢᠮ᠎ᠢ ᠡᠷᠡᠰ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠢ ᠬᠠᠮᠲᠤ᠎ᠪᠠᠷ ᠠᠷᠭᠠᠴᠠᠭᠠᠵᠤ᠂ ᠡᠷᠬᠡ ᠲᠡᠭ᠌ᠰᠢ ᠡᠮᠬᠢ ᠵᠢᠷᠤᠮ᠎ᠲᠠᠶ ᠳᠡᠯᠡᠬᠡᠢ᠎ᠶ᠋ᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠳᠤ ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠠᠬᠢᠭᠤᠯᠤᠨ᠎ᠠ᠃ ᠳᠤᠮᠳᠠᠳᠤ ᠧᠦ᠋ᠷᠣᠫᠠ ᠪᠣᠯ ᠬᠠᠨᠢᠲᠠᠨ ᠪᠣᠯᠬᠤ᠎ᠡᠴᠡ ᠪᠢᠰᠢ ᠦᠷᠢᠰᠦᠯᠳᠦᠭᠴᠢ ᠪᠢᠰᠢ᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ ᠨᠢ ᠥᠷᠢᠰᠥᠯᠳᠦᠭᠡᠨ᠎ᠡᠴᠡ ᠶᠡᠬᠡ᠂ ᠬᠠᠮᠲᠤ᠎ᠶ᠋ᠢᠨ ᠲᠠᠨᠢᠯᠲᠠ ᠨᠢ ᠵᠥᠷᠢᠯᠳᠦᠭᠡᠨ᠎ᠡᠴᠡ ᠶᠡᠬᠡ ᠶᠤᠮ᠃ ᠹᠢᠨᠯᠠᠨᠳ᠋᠎ᠤᠨ ᠬᠢᠨ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ᠎ᠶ᠋ᠢᠨ ᠡᠷᠡᠭᠦᠯ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠬᠤ᠎ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠵᠢᠭᠠᠵᠤ ᠭᠠᠷᠭᠠᠵᠠᠢ᠃

  ᠤᠷᠫᠦ᠋᠂ ᠹᠢᠨᠯᠠᠨᠳ᠋ ᠳᠤᠮᠳᠠᠳᠤ᠎ᠶ᠋ᠢᠨ ᠤᠯᠠᠮᠵᠢᠯᠠᠯᠲᠤ ᠨᠥᠬᠥᠷᠯᠡᠯ ᠭᠦᠨ ᠵᠤᠵᠠᠭᠠᠨ᠂ ᠬᠣᠶᠠᠷ ᠤᠯᠤᠰ᠎ᠤᠨ ᠬᠠᠷᠢᠯᠴᠠᠭ᠎ᠠ ᠬᠠᠷᠢᠯᠴᠠᠨ ᠬᠦᠨᠳᠦᠳᠭᠡᠬᠦ᠌᠂ ᠬᠠᠷᠢᠯᠴᠠᠨ ᠢᠲᠡᠭᠡᠯᠴᠡᠬᠦ᠌ ᠰᠠᠭᠤᠷᠢᠨ ᠳᠡᠭᠡᠷ᠎ᠡ ᠪᠠᠢᠭᠤᠯᠤᠭ᠍ᠳᠠᠵᠤ᠂ ᠤᠷᠳᠤ ᠬᠤᠭᠤᠴᠠᠭ᠎ᠠ᠎ᠪᠠᠷ ᠲᠣᠭ᠍ᠲᠠᠭᠤᠨ ᠬᠥᠭ᠌ᠵᠢᠪᠡ᠃ ᠨᠢᠳᠤᠨᠤᠨ ᠬᠣᠶᠠᠷ ᠲᠠᠯ᠎ᠠ᠎ᠪᠠᠷ᠎ᠢᠶᠠᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠣᠶ᠎ᠪᠠᠨ ᠬᠠᠮᠲᠤ᠎ᠪᠠᠷ ᠪᠡᠯᠭᠡᠯᠡᠪᠡ᠃ ᠹᠢᠨᠯᠠᠨᠳ᠋᠎ᠤᠨ ᠠᠵᠤ ᠠᠬᠤᠢᠯᠠᠯ ᠳᠤᠮᠳᠠᠳᠤ ᠤᠯᠤᠰ᠎ᠲᠤ ᠢᠷᠡᠵᠤ ᠬᠠᠮᠲᠤᠷᠠᠯᠴᠠᠭ᠎ᠠ ᠬᠢᠬᠦ᠌᠎ᠳᠦ ᠮᠠᠰᠢ ᠶᠡᠬᠡ ᠰᠣᠨᠢᠷᠬᠠᠯ᠎ᠲᠠᠶ ᠪᠠᠢᠨ᠎ᠠ᠃ ᠹᠢᠨᠯᠠᠨᠳ᠋᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠵᠤ᠂ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠲᠣᠭᠠᠴᠢᠯᠠᠭ᠍ᠰᠠᠨ ᠠᠵᠤ ᠠᠬᠤᠢ᠂ ᠴᠡᠪᠡᠷ ᠡᠨᠧᠷᠭᠢ᠂ ᠬᠥᠳᠡᠭᠡ ᠠᠵᠤ ᠠᠬᠤᠢ ᠵᠡᠷᠭᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠦᠨ᠎ᠡ᠃ ᠹᠢᠨᠯᠠᠨᠳ᠋᠎ᠤᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠪᠠᠷᠢᠮᠲᠠᠯᠠᠨ᠎ᠠ᠃ ᠹᠢᠨᠯᠠᠨᠳ᠋᠎ᠤᠨ ᠬᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠭᠠᠷᠮᠠᠭᠠᠢ ᠠᠮᠵᠢᠯᠲᠠ᠎ᠶ᠋ᠢ ᠪᠢᠱᠢᠷᠡᠵᠦ᠍᠂ ᠳᠡᠯᠡᠬᠡᠢ᠎ᠶ᠋ᠢᠨ ᠬᠡᠷᠡᠭ ᠶᠠᠪᠤᠳᠠᠯ᠎ᠳᠤ ᠳᠤᠮᠳᠠᠳᠤ ᠤᠯᠤᠰ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠤ ᠪᠠᠢᠬᠤ᠎ᠶᠢ ᠮᠠᠭ᠍ᠲᠠᠨ ᠰᠠᠢᠱᠢᠶᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠲᠤ᠎ᠪᠠᠷ ᠬᠠᠮᠠᠭᠠᠯᠠᠨ᠎ᠠ᠃ ᠧᠦ᠋ᠷᠣᠫᠠ ᠳᠤᠮᠳᠠᠳᠤ᠎ᠶ᠋ᠢᠨ ᠬᠠᠷᠢᠯᠴᠠᠭ᠎ᠠ ᠪᠦᠲᠦᠭᠡᠯᠴᠢ ᠴᠢᠨᠠᠷᠲᠠᠢ ᠬᠥᠭ᠌ᠵᠢᠯᠲᠡ᠎ᠶ᠋ᠢ ᠪᠠᠲᠤᠯᠠᠬᠤ ᠨᠢ ᠲᠤᠢᠯ᠎ᠤᠨ ᠴᠢᠬᠤᠯᠠ ᠶᠤᠮ᠂ ᠹᠢᠨᠯᠠᠨᠳ᠋᠎ᠤᠨ ᠬᠢᠨ ᠧᠦ᠋ᠷᠣᠫᠠ ᠲᠢᠪ᠎ᠦᠨ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠡᠷ ᠪᠡᠶ᠎ᠡ᠎ᠪᠡᠨ ᠳᠠᠭᠠᠭᠠᠬᠤ᠎ᠶ᠋ᠢ ᠰᠠᠨᠠᠭᠠᠴᠢᠯᠠᠵᠤ᠂ ᠴᠢᠯᠥᠭᠡᠲᠦ ᠠᠷᠠᠯᠵᠢᠶ᠎ᠠ᠎ᠶ᠋ᠢ ᠳᠡᠮᠵᠢᠵᠦ᠍᠂ ᠳᠤᠷᠠᠲᠠᠶ᠎ᠠ ᠧᠦ᠋ᠷᠣᠫᠠ ᠳᠤᠮᠳᠠᠳᠤ᠎ᠶ᠋ᠢᠨ ᠠᠷᠠᠯᠵᠢᠶᠠᠨ᠎ᠤ ᠮᠥᠷᠭᠥᠯᠳᠦᠭᠡᠨ᠎ᠦ ᠠᠰᠠᠭᠤᠳᠠᠯ᠎ᠢ ᠲᠣᠬᠢᠲᠠᠢ ᠱᠢᠢᠳᠪᠦᠷᠢᠯᠡᠬᠦ᠌᠂ ᠬᠠᠷᠢᠯᠴᠠᠭ᠎ᠠ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ᠍ ᠢᠯᠡᠳᠭᠡᠪᠡ᠃

  ᠸᠠᠩ ᠢ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄    
          
ᠬᠠᠮᠢᠶ᠎ᠡ ᠪᠦᠬᠦᠢ ᠰᠣᠨᠢᠨ
 
             蒙ICP备05000248号