ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (3)
ᠨᠡᠶ᠋ᠢᠲᠡᠯᠡᠭᠰᠡᠨ ᠴᠠᠭ᠄ 2024-11-26

      ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠷᠭᠤᠭ᠎ᠠ ᠬᠠᠷᠠᠮᠥ᠋ᠷᠡᠨ ᠮᠤᠵᠢ ᠵᠢᠨ ᠯᠦᠩ ᠵᠢᠶᠠᠩ ᠰᠢᠶᠠᠨ᠎ᠤ ᠨᠢᠭᠡᠨ ᠳᠠᠬᠢᠯᠲᠠ ᠡᠳ᠋ ᠪᠣᠳᠠᠰ᠎ᠢ ᠪᠤᠴᠠᠭ᠋ᠠᠨ ᠬᠤᠷᠢᠶᠠᠬᠤ ᠬᠢᠵᠠᠭ᠋ᠠᠷᠲᠤ ᠺᠣᠮᠫᠠᠨᠢ ᠵᠢᠨ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠦᠷᠢᠮ᠎ᠢ ᠵᠥᠷᠢᠴᠡᠭᠰᠡᠨ ᠬᠡᠷᠡᠭ

      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]

      2023 ᠣᠨ᠎ᠤ 2 ᠰᠠᠷ᠎ᠠ ᠵᠢᠨ 13᠎ᠤ ᠡᠳᠦᠷ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠯᠠᠢ᠌ᠳ ᠬᠣᠰᠢᠭᠤᠨ᠎ᠤ ᠬᠤᠪᠢᠶᠠᠷᠢ ᠲᠣᠪᠴᠢᠶ᠎ᠠ ᠤᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠲᠤᠰᠴᠤ᠂ ᠬᠠᠷᠠᠮᠥ᠋ᠷᠡᠨ ᠮᠤᠵᠢ ᠵᠢᠨ ᠫᠠᠢ᠌ᠰᠠ᠎ᠲᠠᠢ ᠨᠢᠭᠡᠨ ᠬᠥᠩᠭᠡᠨ ᠬᠡᠯᠪᠡᠷᠢ ᠵᠢᠨ ᠪᠠᠷᠠᠭ᠋ᠠᠨ᠎ᠤ ᠲᠡᠷᠭᠡ ᠵᠢᠨ ᠬᠠᠤᠯᠢ ᠪᠤᠰᠤ᠎ᠪᠠᠷ ᠮᠤᠵᠢ ᠠᠯᠤᠰᠯᠠᠨ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠦᠨ ᠵᠥᠭᠡᠭᠡᠪᠦᠷᠢᠯᠡᠭᠰᠡᠨ ᠬᠡᠷᠡᠭ᠎ᠢ ᠲᠤᠰᠬᠠᠪᠠ᠃ ᠬᠠᠤᠯᠢ ᠬᠡᠷᠡᠭᠵᠢᠭᠦᠯᠬᠦ ᠠᠵᠢᠯᠲᠠᠳ ᠲᠡᠷᠡ ᠳᠠᠷᠤᠢ᠎ᠳᠤᠨᠢ ᠲᠤᠬᠠᠢ ᠵᠢᠨ ᠲᠠᠯᠠᠪᠠᠢ᠎ᠳᠤ ᠬᠦᠷᠴᠦ ᠪᠠᠢ᠌ᠴᠠᠭ᠋ᠠᠯᠲᠠ ᠬᠢᠪᠡ᠂ ᠲᠤᠬᠠᠢ ᠵᠢᠨ ᠡᠳᠦᠷ ᠢᠨᠳᠡᠷ ᠪᠠᠯᠭ᠋ᠠᠰᠤᠨ᠎ᠤ ᠯᠢᠦᠢ ᠵᠧᠦ ᠭᠡᠷ ᠬᠦᠷᠢᠶᠡᠯᠡᠩ᠎ᠤᠨ ᠤᠢ᠌ᠷᠠᠯᠴᠠᠭ᠎ᠠ ᠬᠠᠷᠠᠮᠥ᠋ᠷᠡᠨ᠎ᠤ ᠫᠠᠢ᠌ᠰᠠ᠎ᠲᠠᠢ ᠬᠥᠩᠭᠡᠨ ᠬᠡᠯᠪᠡᠷᠢ ᠵᠢᠨ ᠬᠡᠷᠡᠰᠬᠡ᠎ᠲᠠᠢ ᠪᠠᠷᠠᠭ᠋ᠠᠨ᠎ᠤ ᠲᠡᠷᠭᠡ ᠵᠢ ᠣᠯᠵᠤ ᠬᠠᠷᠠᠵᠠᠢ᠃ ᠪᠠᠢ᠌ᠴᠠᠭ᠋ᠠᠯᠲᠠ᠎ᠪᠠᠷ ᠳᠠᠮᠵᠢᠭ᠋ᠠᠳ ᠣᠯᠵᠤ ᠮᠡᠳᠡᠭᠰᠡᠨ ᠵᠶ᠋ᠠᠷ᠂ ᠬᠠᠷᠠᠮᠥ᠋ᠷᠡᠨ ᠮᠤᠵᠢ ᠵᠢᠨ ᠯᠦᠩ ᠵᠢᠶᠠᠩ ᠰᠢᠶᠠᠨ᠎ᠤ ᠨᠢᠭᠡᠨ ᠳᠠᠬᠢᠯᠲᠠ ᠡᠳ᠋ ᠪᠣᠳᠠᠰ᠎ᠢ ᠪᠤᠴᠠᠭ᠋ᠠᠨ ᠬᠤᠷᠢᠶᠠᠬᠤ ᠬᠢᠵᠠᠭ᠋ᠠᠷᠲᠤ ᠺᠣᠮᠫᠠᠨᠢ ᠵᠢᠨ ᠠᠵᠢᠯᠲᠠᠨ ᠡᠦ ᠣᠪᠣᠭᠲᠤ ᠲᠤᠰ ᠬᠥᠩᠭᠡᠨ ᠬᠡᠯᠪᠡᠷᠢ ᠵᠢᠨ ᠪᠠᠷᠠᠭ᠋ᠠᠨ᠎ᠤ ᠲᠡᠷᠭᠡ ᠵᠢ ᠵᠢᠯᠤᠭᠣᠳᠴᠤ᠂ ᠬᠠᠷᠠᠮᠥ᠋ᠷᠡᠨ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠣᠶᠠᠷ ᠮᠤᠵᠢ ᠵᠢᠨ ᠮᠤᠵᠢ ᠠᠯᠤᠰᠯᠠᠨ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠬᠦ ᠵᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠭᠦᠢ᠍ᠴᠡᠳᠬᠡᠭᠰᠡᠨ ᠦᠭᠡᠢ ᠪᠠᠶ᠋ᠢᠳᠠᠯ ᠳᠣᠣᠷ᠎ᠠ᠂ ᠬᠠᠤᠯᠢ ᠪᠤᠰᠤ᠎ᠪᠠᠷ ᠮᠤᠵᠢ ᠠᠯᠤᠰᠯᠠᠨ 7.68 ᠲᠣᠨ ᠬᠠᠶᠠᠭᠳᠠᠮᠠᠯ ᠬᠠᠭᠤᠴᠢᠨ ᠬᠣᠷᠭᠣᠯᠵᠢᠨ ᠬᠡᠯᠬᠢᠶ᠎ᠡ ᠳ᠋ᠢᠶᠠᠨ ᡂᠢ(ᠠᠶᠤᠯᠲᠠᠢ ᠬᠠᠶᠠᠭᠳᠠᠮᠠᠯ ᠪᠣᠳᠠᠰ᠎ᠤᠨ ᠳᠦᠷᠦᠯ ᠵᠦᠢ᠍ᠯ᠄ ᠬᠣᠷᠭᠣᠯᠵᠢᠨ ᠬᠠᠶᠠᠭᠳᠠᠮᠠᠯ ᠪᠣᠳᠠᠰ᠂ ᠣᠷᠣᠯᠠᠬᠤ ᠨᠣᠮᠧᠷ᠄ 900—052—31) ᠵᠢ ᠰᠢᠯᠵᠢᠭᠦᠯᠦᠨ ᠵᠥᠭᠡᠭᠡᠪᠦᠷᠢᠯᠡᠵᠦ᠂ ᠲᠤᠰ ᠺᠣᠮᠫᠠᠨᠢ᠎ᠨᠢ ᠵᠥᠪᠰᠢᠶᠡᠷᠡᠯ ᠣᠯᠣᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠮᠤᠵᠢ ᠠᠯᠤᠰᠯᠠᠨ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠦᠭᠰᠡᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠡᠵᠢᠭᠲᠡᠢ ᠪᠠᠢ᠌ᠪᠠ᠃ ᠳᠡᠭᠡᠷ᠎ᠡ ᠳᠤᠷᠠᠳᠤᠭᠰᠠᠨ ᠪᠠᠶ᠋ᠢᠳᠠᠯ᠎ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠵᠢᠨ ᠲᠠᠯᠠᠪᠤᠷ᠎ᠲᠤ 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ (ᠬᠠᠢ᠌ᠨ ᠪᠠᠢ᠌ᠴᠠᠭ᠋ᠠᠯᠲᠠ) ᠵᠢᠨ ᠲᠡᠮᠳᠡᠭᠯᠡᠯ》 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠪᠠᠢ᠌ᠴᠠᠭ᠋ᠠᠨ ᠠᠰᠠᠭᠤᠭᠰᠠᠨ ᠲᠡᠮᠳᠡᠭᠯᠡᠯ》᠎ᠢ ᠵᠣᠬᠢᠶᠠᠵᠠᠢ᠃

      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]

      ᠲᠤᠰ ᠺᠣᠮᠫᠠᠨᠢ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠵᠦ ᠭᠠᠷᠭ᠋ᠠᠭᠰᠠᠨ ᠭᠠᠵᠠᠷ ᠬᠠᠷᠠᠮᠥ᠋ᠷᠡᠨ ᠮᠤᠵᠢ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠮᠤᠵᠢ ᠠᠯᠤᠰᠯᠠᠨ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠬᠦ᠎ᠪᠠᠷ ᠭᠤᠶᠤᠴᠢᠯᠠᠨ ᠵᠥᠪᠰᠢᠶᠡᠷᠡᠭᠦᠯᠦᠭᠰᠡᠨ ᠦᠭᠡᠢ ᠠᠵᠢᠯᠯᠠᠭ᠎ᠠ᠎ᠨᠢ《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》ᠵᠢᠨ ᠨᠠᠶᠠᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠤᠨ ᠲᠣᠭᠲᠠᠭ᠋ᠠᠯ᠎ᠢ ᠵᠥᠷᠢᠴᠡᠭᠰᠡᠨ ᠪᠠᠢ᠌ᠨ᠎ᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠵᠠᠭᠤ ᠠᠷᠪᠠᠨ ᠬᠣᠶᠠᠳᠤᠭ᠋ᠠᠷ ᠵᠦᠢ᠍ᠯ᠎ᠤᠨ ᠲᠠᠪᠤᠳᠤᠭ᠋ᠠᠷ ᠪᠠᠳᠠᠭ᠎ᠤᠨ ᠲᠣᠭᠲᠠᠭ᠋ᠠᠯ᠎ᠢ ᠦᠨᠳᠦᠰᠦᠯᠡᠨ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠣᠰ ᠨᠢᠭᠡᠴᠢ᠎ᠳᠤ 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ᠎ᠤᠨ ᠪᠢᠴᠢᠭ》᠂ 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠷᠯᠢᠭᠳᠠᠨ ᠵᠠᠯᠠᠷᠠᠭᠤᠯᠬᠤ ᠲᠣᠭᠲᠠᠭ᠋ᠠᠯ᠎ᠤᠨ ᠪᠢᠴᠢᠭ》 ᠪᠠᠭᠤᠯᠭ᠋ᠠᠵᠤ᠂ ᠲᠣᠰ ᠨᠢᠭᠡᠴᠢ ᠵᠢ ᠣᠷᠴᠢᠨ ᠲᠣᠭᠣᠷᠢᠨ᠎ᠤ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ᠎ᠪᠠᠨ ᠳᠠᠷᠤᠢ᠌ᠬᠠᠨ ᠵᠠᠯᠠᠷᠠᠭᠤᠯᠬᠤ ᠵᠢᠨ ᠬᠠᠮᠲᠤ ᠠᠷᠪᠠᠨ ᠲᠦᠮᠡᠨ ᠲᠥᠭᠥᠷᠢᠭ ᠵᠶ᠋ᠡᠷ ᠲᠣᠷᠭ᠋ᠠᠵᠤ᠂《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠢ᠌ᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠵᠢ ᠬᠡᠷᠡᠭᠵᠢᠭᠦᠯᠬᠦ ᠠᠷᠭ᠎ᠠ》 ᠵᠢ ᠦᠨᠳᠦᠰᠦᠯᠡᠨ ᠬᠡᠷᠡᠭ᠎ᠲᠤ ᠬᠣᠯᠪᠣᠭᠳᠠᠭᠰᠠᠨ ᠠᠶᠤᠯᠲᠠᠢ ᠬᠠᠶᠠᠭᠳᠠᠮᠠᠯ ᠪᠣᠳᠠᠰ᠎ᠢ ᠪᠠᠢ᠌ᠴᠠᠭ᠋ᠠᠨ ᠪᠢᠲᠡᠭᠦᠮᠵᠢᠯᠡᠵᠦ ᠳᠠᠷᠤᠵᠤ ᠠᠪᠬᠤ᠎ᠪᠠᠷ ᠲᠠᠰᠤᠯᠤᠨ ᠲᠣᠭᠲᠠᠭ᠋ᠠᠵᠠᠢ᠃ ᠡᠭᠦᠨ᠎ᠠᠴᠠ ᠭᠠᠳᠠᠨ᠎ᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠵᠠᠭᠤ ᠬᠣᠷᠢᠳᠤᠭ᠋ᠠᠷ ᠵᠦᠢ᠍ᠯ᠎ᠤᠨ ᠲᠠᠪᠤᠳᠤᠭ᠋ᠠᠷ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠨ᠂ ᠲᠣᠰ ᠬᠡᠷᠡᠭ᠎ᠤᠨ ᠰᠦᠪᠡᠭᠴᠢ ᠵᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ᠂ ᠬᠢᠩᠭ᠋ᠠᠨ ᠠᠶ᠋ᠢᠮᠠᠭ᠎ᠤᠨ ᠵᠠᠯᠠᠢ᠌ᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠣᠯᠣᠨ ᠯᠥᠩ ᠵᠢᠶᠠᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠮᠲᠤᠷᠠᠨ ᠮᠤᠵᠢ ᠠᠯᠤᠰᠯᠠᠭᠰᠠᠨ ᠪᠠᠢ᠌ᠴᠠᠭ᠋ᠠᠯᠲᠠ ᠥᠷᠨᠢᠭᠦᠯᠪᠡ᠃

      ᠲᠤᠰ ᠺᠣᠮᠫᠠᠨᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠪᠠᠨ ᠵᠠᠯᠠᠷᠠᠭᠤᠯᠵᠤ᠂ ᠲᠣᠷᠭ᠋ᠠᠭᠤᠯᠢ ᠵᠢᠨ ᠵᠣᠭᠣᠰ ᠲᠤᠰᠢᠶᠠᠵᠤ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠠᠴᠠ ᠭᠣᠣᠯ ᠬᠠᠷᠢᠭᠤᠴᠠᠯᠭ᠋ᠠᠲᠠᠨ᠎ᠢ᠎ᠨᠢ 15 ᠡᠳᠦᠷ ᠵᠠᠰᠠᠭ ᠵᠠᠬᠢᠷᠭ᠋ᠠᠨ᠎ᠤ ᠲᠦᠷ ᠬᠣᠷᠢᠬᠤ᠎ᠪᠠᠷ ᠰᠢᠢ᠍ᠳᠬᠡᠪᠡ᠃

      [ᠰᠡᠩᠬᠡᠷᠡᠭᠦᠯᠦᠯ᠎ᠤᠨ ᠠᠴᠢ ᠬᠣᠯᠪᠣᠭᠳᠠᠯ]

      ᠬᠠᠤᠯᠢ ᠪᠤᠰᠤ ᠡᠲᠡᠭᠡᠳ ᠠᠰᠢᠭ ᠲᠤᠰᠠ ᠵᠢ ᠬᠥᠭᠡᠭᠡᠴᠡᠯᠳᠦᠬᠦ ᠵᠢᠨ ᠲᠥᠯᠥᠭᠡ᠂ ᠠᠶᠤᠯᠲᠠᠢ ᠬᠠᠶᠠᠭᠳᠠᠮᠠᠯ ᠪᠣᠳᠠᠰ᠎ᠢ ᠮᠤᠵᠢ ᠠᠯᠤᠰᠯᠠᠨ ᠰᠢᠯᠵᠢᠭᠦᠯᠬᠦ ᠬᠢᠨᠠᠨ ᠵᠥᠪᠰᠢᠶᠡᠷᠡᠬᠦ ᠵᠢᠷᠤᠮ᠎ᠠᠴᠠ ᠵᠠᠢ᠌ᠯᠠᠵᠤ ᠬᠠᠤᠯᠢ ᠪᠤᠰᠤ ᠠᠵᠢᠯᠯᠠᠭ᠎ᠠ ᠬᠢᠭᠰᠡᠨ ᠪᠠᠢ᠌ᠨ᠎ᠠ᠃ ᠮᠤᠵᠢ ᠵᠢᠨ ᠬᠣᠭᠤᠷᠤᠨᠳᠤᠬᠢ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠮᠡᠳᠡᠭᠡ ᠵᠠᠩᠭᠢᠵᠢᠯᠲᠠ ᠵᠢᠨ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ᠂ ᠠᠷᠭ᠎ᠠ ᠪᠠᠷᠢᠯ᠎ᠨᠢ ᠮᠤᠵᠢ ᠠᠯᠤᠰᠯᠠᠨ ᠰᠢᠯᠵᠢᠬᠦ ᠬᠣᠯᠪᠣᠭᠳᠠᠯ ᠪᠦᠬᠦᠢ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠡᠵᠡᠮᠰᠢᠬᠦ᠎ᠳᠤ ᠨᠡᠯᠢᠶᠡᠳ ᠬᠦᠴᠢᠷᠲᠡᠢ ᠪᠠᠢ᠌ᠳᠠᠭ ᠪᠣᠯᠬᠣᠷ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠠᠮᠢ ᠠᠬᠤᠢ ᠣᠷᠴᠢᠨ ᠲᠣᠭᠣᠷᠢᠨ ᠵᠡᠷᠭᠡ ᠡᠯ᠎ᠡ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠯᠢᠭᠵᠢᠭᠤᠯᠵᠤ᠂ ᠬᠠᠮᠵᠢᠯᠴᠠᠨ ᠬᠠᠮᠲᠤᠷᠠᠯᠴᠠᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠂ ᠬᠣᠯᠪᠤᠭ᠋ᠠᠯᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠠᠪᠴᠠᠩ᠎ᠢ ᠪᠠᠢ᠌ᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠵᠢ ᠥᠷᠨᠢᠭᠦᠯᠦᠨ᠂ ᠬᠢᠨᠠᠯᠲᠠ ᠬᠠᠮᠢᠶᠠᠷᠤᠯᠲᠠ ᠵᠢᠨ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠴᠢᠬᠤᠯᠠᠲᠠᠢ ᠶᠤᠮ᠃

      [ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]

      ᠬᠡᠷᠡᠭ ᠰᠢᠢ᠍ᠳᠪᠦᠷᠢᠯᠡᠭᠰᠡᠨ ᠨᠢᠭᠡᠴᠢ᠄ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠯᠠᠢ᠌ᠳ ᠬᠣᠰᠢᠭᠤᠨ᠎ᠤ ᠬᠤᠪᠢᠶᠠᠷᠢ ᠲᠣᠪᠴᠢᠶ᠎ᠠ

      ᠬᠡᠷᠡᠭ ᠭᠦᠢ᠍ᠴᠡᠳᠭᠡᠭᠴᠢ᠄ ᠫᠠᠩ ᠯᠦᠩ ᠹᠧᠢ  ᠯᠢᠦ ᠪᠦᠦ ᠮᠢᠨ

      ᠨᠡᠢ᠌ᠲᠡᠯᠢᠭ ᠬᠡᠷᠡᠭ᠎ᠤᠨ ᠵᠢᠱ᠌ᠢᠶ᠎ᠡ ᠲᠤᠯᠤᠭ᠎ᠠ  ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠣᠰᠢᠭᠤᠨ᠎ᠤ ᠵᠠᠩ ᠣᠪᠣᠭᠲᠤ ᠪᠣᠬᠢᠷᠲᠤᠯ ᠪᠣᠳᠠᠰ ᠭᠠᠳᠠᠭᠰᠢᠭᠤᠯᠤᠯᠳᠠ ᠵᠢᠨ ᠬᠢᠨᠠᠠᠯᠳᠠ ᠬᠠᠮᠢᠶᠠᠷᠤᠯᠲᠠ᠎ᠠᠴᠠ ᠵᠠᠢ᠌ᠯᠠᠵᠤ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠬᠡᠷᠡᠭ

      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]

      2023 ᠣᠨ᠎ᠤ 8 ᠰᠠᠷ᠎ᠠ ᠵᠢᠨ 17᠎ᠤ ᠡᠳᠦᠷ᠂ ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠠᠵᠢᠯ᠎ᠤᠨ ᠠᠷᠭ᠎ᠠ》 ᠶᠣᠰᠣᠭ᠋ᠠᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠲᠠᠢ ᠬᠠᠮᠲᠤᠷᠠᠨ ᠬᠡᠷᠡᠭ᠎ᠤᠨ ᠰᠦᠪᠡᠭᠴᠢ ᠵᠢ ᠪᠠᠢ᠌ᠴᠠᠭ᠋ᠠᠪᠠ᠃

      ᠬᠠᠤᠯᠢ ᠬᠡᠷᠡᠭᠵᠢᠭᠦᠯᠬᠦ ᠠᠵᠢᠯᠲᠠᠨ ᠰᠦᠪᠡᠭᠴᠢ ᠵᠢ ᠦᠨᠳᠦᠰᠦᠯᠡᠨ ᠵᠠᠩ ᠣᠪᠣᠭᠲᠤ ᠵᠢᠨ ᠬᠠᠤᠯᠢ ᠪᠤᠰᠤ᠎ᠪᠠᠷ ᠦᠢ᠍ᠯᠡᠳᠪᠦᠷᠢᠯᠡᠭᠰᠡᠨ ᠵᠢᠵᠢᠭ ᠦᠢ᠍ᠯᠡᠳᠬᠡᠯ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠵᠦ᠂ ᠲᠤᠰ ᠦᠢ᠍ᠯᠡᠳᠬᠡᠯ᠎ᠨᠢ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠦᠭᠰᠡᠨ ᠦᠭᠡᠢ᠂ ᠡᠵᠡᠩᠨᠡᠯᠲᠡ ᠵᠢᠨ ᠦᠨᠡᠮᠯᠡᠯ ᠵᠢᠴᠢ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠠᠪᠤᠭᠰᠠᠨ ᠦᠭᠡᠢ ᠪᠠᠶ᠋ᠢᠳᠠᠯ ᠳᠣᠣᠷ᠎ᠠ᠂ ᠲᠠᠷᠢᠶᠠᠨ ᠡᠮ᠎ᠤᠨ ᠵᠠᠪᠰᠠᠷ᠎ᠤᠨ ᠡᠳ᠋᠎ᠤᠨ ᠦᠢ᠍ᠯᠡᠳᠪᠦᠷᠢᠯᠡᠯ᠎ᠤᠨ ᠱᠤᠭᠤᠮ᠎ᠢ ᠳᠤᠷ᠎ᠠ᠎ᠪᠠᠷ ᠵᠶ᠋ᠠᠨ ᠪᠠᠢ᠌ᠭᠤᠯᠤᠭᠰᠠᠨ ᠪᠥᠭᠡᠳ ᠦᠢ᠍ᠯᠡᠳᠪᠦᠷᠢᠯᠡᠯ᠎ᠳᠤ ᠣᠷᠣᠭᠤᠯᠤᠭᠰᠠᠨ᠎ᠠᠴᠠ ᠪᠤᠢ ᠪᠣᠯᠤᠭᠰᠠᠨ ᠬᠠᠶᠠᠭᠳᠠᠮᠠᠯ ᠤᠰᠤ ᠵᠢ ᠰᠢᠢ᠍ᠳᠪᠦᠷᠢᠯᠡᠭᠰᠡᠨ ᠦᠭᠡᠢ᠎ᠪᠠᠷ ᠰᠢᠭᠤᠳ ᠦᠢ᠍ᠯᠡᠳᠪᠦᠷᠢ ᠵᠢᠨ ᠲᠣᠭᠣᠷᠢᠭ᠎ᠤᠨ ᠵᠡᠭᠦᠨ ᠡᠮᠦᠨ᠎ᠡ ᠲᠠᠯ᠎ᠠ ᠵᠢᠨ 70 ᠮᠧᠲᠷ᠎ᠤᠨ ᠰᠢᠷᠣᠢ ᠵᠢᠨ ᠨᠦᠬᠡᠨ᠎ᠳᠤ ᠭᠠᠳᠠᠭᠰᠢᠯᠠᠭᠤᠯᠤᠭᠰᠠᠨ᠎ᠢ ᠣᠯᠵᠤ ᠮᠡᠳᠡᠪᠡ᠃ ᠲᠤᠬᠠᠢ ᠵᠢᠨ ᠲᠠᠯᠠᠪᠤᠷ᠎ᠲᠤ ᠣᠯᠵᠤ ᠮᠡᠳᠡᠭᠰᠡᠨ ᠨᠦᠬᠡᠨ ᠳᠣᠲᠣᠷᠠᠬᠢ ᠬᠠᠶᠠᠭᠳᠠᠮᠠᠯ ᠤᠰᠤ᠎ᠨᠢ ᠬᠦᠷᠡᠩ ᠥᠩᠭᠡ᠎ᠲᠠᠢ᠂ ᠬᠠᠮᠠᠷ ᠭᠠᠳᠠᠮ᠎ᠠ ᠦᠨᠦᠷ᠎ᠲᠠᠢ᠂ PH ᠲᠤᠷᠰᠢᠯᠲᠠ ᠵᠢᠨ ᠴᠠᠭ᠋ᠠᠰᠤᠨ᠎ᠤ ᠪᠠᠢ᠌ᠴᠠᠭ᠋ᠠᠯᠲᠠ ᠵᠢᠨ ᠬᠡᠮᠵᠢᠭᠳᠡᠯ᠎ᠨᠢ 2 ᠪᠣᠯᠣᠨ᠎ᠠ; ᠡᠭᠦᠨ᠎ᠠᠴᠠ ᠡᠭᠦᠰᠦᠭᠰᠡᠨ ᠬᠠᠶᠠᠭᠳᠠᠮᠠᠯ ᠰᠢᠭ᠋ᠠᠷᠤ ᠵᠢ ᠦᠢ᠍ᠯᠡᠳᠪᠦᠷᠢ ᠵᠢᠨ ᠪᠠᠷᠠᠭᠤᠨ ᠡᠮᠦᠨ᠎ᠡ ᠲᠠᠯ᠎ᠠ ᠵᠢᠨ 100 ᠮᠧᠲᠷ᠎ᠤᠨ ᠰᠢᠷᠣᠢ ᠵᠢᠨ ᠨᠦᠬᠡᠨ᠎ᠳᠤ ᠭᠠᠳᠠᠭᠰᠢᠯᠠᠭᠤᠯᠵᠤ᠂ ᠬᠠᠶᠠᠭᠳᠠᠮᠠᠯ ᠰᠢᠭ᠋ᠠᠷᠤ ᠵᠢᠨ ᠨᠦᠬᠡᠨ᠎ᠳᠤ ᠬᠦᠷᠡᠩ ᠥᠩᠭᠡᠲᠡᠢ ᠬᠠᠶᠠᠭᠳᠠᠮᠠᠯ ᠤᠰᠤ ᠠᠭᠤᠯᠤᠭᠳᠠᠵᠤ᠂ ᠬᠠᠮᠠᠷ ᠭᠠᠳᠠᠮ᠎ᠠ ᠦᠨᠦᠷ ᠰᠡᠩᠭᠢᠨᠡᠨ᠎ᠡ᠃ ᠳᠡᠭᠡᠷ᠎ᠡ ᠳᠤᠷᠠᠳᠤᠭᠰᠠᠨ ᠬᠣᠶᠠᠷ ᠰᠢᠷᠣᠢ ᠵᠢᠨ ᠨᠦᠬᠡᠨ᠎ᠳᠤ ᠴᠥᠮ ᠨᠡᠪᠴᠢᠯᠲᠡ ᠵᠢ ᠰᠡᠷᠭᠡᠢ᠌ᠯᠡᠬᠦ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ ᠦᠭᠡᠢ ᠪᠣᠯᠬᠣᠷ ᠨᠡᠪᠴᠢᠯᠲᠡ ᠵᠢᠨ ᠨᠦᠬᠡ ᠵᠡᠷᠭᠡ ᠬᠢᠨᠠᠯᠲᠠ ᠬᠠᠮᠢᠶᠠᠷᠤᠯᠲᠠ᠎ᠠᠴᠠ ᠵᠠᠶ᠋ᠢᠯᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠬᠠᠤᠯᠢ ᠵᠢ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ᠎ᠳᠤ ᠲᠣᠭ᠋ᠠᠴᠠᠭᠳᠠᠵᠤ᠂ ᠣᠷᠴᠢᠨ ᠲᠣᠭᠣᠷᠢᠨ᠎ᠢ ᠪᠣᠬᠢᠷᠲᠤᠭᠤᠯᠵᠤ ᠮᠠᠲᠠᠨ᠎ᠠ᠃ ᠬᠠᠤᠯᠢ ᠴᠠᠭ᠋ᠠᠵᠠ ᠵᠢᠨ ᠪᠠᠢ᠌ᠭᠤᠯᠤᠮᠵᠢ ᠵᠢᠨ ᠬᠢᠨᠠᠨ ᠲᠣᠭᠲᠠᠭ᠋ᠠᠭᠰᠠᠨ ᠳ᠋ᠦᠩ᠎ᠠᠴᠠ ᠦᠵᠡᠪᠡᠯ᠂ ᠵᠠᠩ ᠣᠪᠣᠭᠲᠤ ᠵᠢᠨ ᠦᠢ᠍ᠯᠡᠳᠪᠦᠷᠢ ᠵᠢᠨ ᠲᠣᠭᠣᠷᠢᠭ᠎ᠤᠨ ᠵᠡᠭᠦᠨ ᠡᠮᠦᠨ᠎ᠡ ᠲᠠᠯ᠎ᠠ ᠪᠠ ᠪᠠᠷᠠᠭᠤᠨ ᠡᠮᠦᠨ᠎ᠡ ᠲᠠᠯ᠎ᠠ ᠵᠢᠨ ᠰᠢᠷᠣᠢ ᠵᠢᠨ ᠨᠦᠬᠡᠨ᠎ᠳᠤ ᠭᠠᠳᠠᠭᠰᠢᠯᠠᠭᠤᠯᠤᠭᠰᠠᠨ ᠬᠠᠶᠠᠭᠳᠠᠮᠠᠯ ᠤᠰᠤᠨ᠎ᠳᠤ ᠴᠥᠮ ᠠᠶᠤᠯᠲᠠᠢ ᠬᠠᠶᠠᠭᠳᠠᠮᠠᠯ ᠪᠣᠳᠠᠰ ᠠᠭᠤᠯᠤᠭᠳᠠᠵᠤ ᠪᠠᠢ᠌ᠨ᠎ᠠ᠃

      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 ᠵᠢᠨ ᠬᠣᠷᠢᠨ ᠲᠠᠪᠤᠳᠤᠭ᠋ᠠᠷ ᠵᠦᠢ᠍ᠯ ᠵᠢᠴᠢ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠢ᠌ᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠵᠢ ᠬᠡᠷᠡᠭᠵᠢᠭᠦᠯᠬᠦ ᠠᠷᠭ᠎ᠠ》 ᠵᠢᠨ ᠳᠥᠷᠪᠡᠳᠦᠭᠡᠷ ᠵᠦᠢ᠍ᠯ᠎ᠤᠨ (ᠳᠥᠷᠪᠡ) ᠳ᠋ᠦ᠍ᠭᠡᠷ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠨ᠂ ᠲᠤᠬᠠᠢ ᠵᠢᠨ ᠬᠥᠮᠥᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠣᠷᠴᠢᠨ ᠲᠣᠭᠣᠷᠢᠨ᠎ᠳᠤ ᠤᠴᠠᠷᠠᠭᠤᠯᠵᠤ ᠮᠡᠳᠡᠬᠦ ᠠᠰᠢᠭ ᠦᠭᠡᠢ ᠨᠥᠯᠥᠭᠡ᠎ᠲᠠᠢ ᠤᠶᠠᠯᠳᠤᠭᠤᠯᠤᠨ᠂ ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠵᠠᠩ ᠣᠪᠣᠭᠲᠤ ᠵᠢᠨ ᠲᠠᠷᠢᠶᠠᠨ ᠡᠮ᠎ᠤᠨ ᠵᠠᠪᠰᠠᠷ᠎ᠤᠨ ᠡᠳ᠋᠎ᠤᠨ ᠦᠢ᠍ᠯᠡᠳᠪᠦᠷᠢᠯᠡᠯ᠎ᠤᠨ ᠱᠤᠭᠤᠮ᠎ᠢ ᠪᠠᠢ᠌ᠴᠠᠭ᠋ᠠᠨ ᠪᠢᠲᠡᠭᠦᠮᠵᠢᠯᠡᠪᠡ᠃ ᠤᠷᠠᠳ᠎ᠤᠨ ᠬᠣᠢ᠌ᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠵᠠᠩ ᠣᠪᠣᠭᠲᠤ ᠵᠡᠷᠭᠡ ᠬᠡᠷᠡᠭ᠎ᠲᠤ ᠬᠣᠯᠪᠣᠭᠳᠠᠭᠰᠠᠨ 5 ᠬᠥᠮᠥᠨ᠎ᠢ ᠵᠠᠰᠠᠭ ᠵᠠᠬᠢᠷᠭ᠋ᠠᠨ ᠵᠶ᠋ᠠᠷ ᠲᠦᠷ ᠬᠣᠷᠢᠪᠠ᠃ ᠣᠳᠣᠬᠠᠨ᠎ᠳᠤ᠂ ᠬᠡᠷᠡᠭ᠎ᠲᠤ ᠬᠣᠯᠪᠣᠭᠳᠠᠭᠰᠠᠨ ᠵᠠᠩ ᠣᠪᠣᠭᠲᠤ ᠵᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ ᠵᠢᠨ ᠡᠷᠡᠭᠦᠦ ᠵᠢᠨ ᠬᠡᠷᠡᠭ ᠵᠶ᠋ᠡᠷ ᠬᠡᠷᠡᠭ ᠪᠣᠯᠭ᠋ᠠᠨ ᠳᠠᠩᠰᠠᠯᠠᠪᠠ᠃

      [ᠰᠡᠩᠬᠡᠷᠡᠭᠦᠯᠦᠯ᠎ᠤᠨ ᠠᠴᠢ ᠬᠣᠯᠪᠣᠭᠳᠠᠯ]

      ᠣᠢ᠌ᠷ᠎ᠠ ᠵᠢᠨ ᠵᠢᠯ᠎ᠠᠴᠠ ᠨᠠᠭ᠋ᠠᠰᠢ᠂ ᠠᠰᠢᠭ ᠲᠤᠰᠠ ᠵᠢᠨ ᠥᠳᠥᠭᠡᠯᠭᠡ᠎ᠠᠴᠠ ᠪᠣᠯᠵᠤ᠂ ᠬᠠᠤᠯᠢ ᠪᠤᠰᠤ ᠦᠢ᠍ᠯᠡᠳᠪᠦᠷᠢᠯᠡᠯ᠎ᠤᠨ ᠵᠢᠵᠢᠭ ᠦᠢ᠍ᠯᠡᠳᠬᠡᠯ᠎ᠤᠨ ᠭᠠᠵᠠᠷ ᠵᠠᠯᠭ᠋ᠠᠭ᠎ᠠ᠎ᠪᠠᠷ ᠴᠤᠬᠤᠶ᠋ᠢᠵᠤ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠬᠦᠨᠳᠦ ᠨᠣᠴᠢᠲᠠᠢ ᠰᠦᠷᠳᠡᠭᠦᠯᠵᠦ ᠪᠠᠶ᠋ᠢᠬᠤ᠎ᠪᠠᠷ ᠪᠠᠷᠠᠬᠤ ᠦᠭᠡᠢ᠂ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠰᠢᠭᠤᠳ ᠨᠥᠯᠥᠭᠡᠯᠡᠵᠦ ᠪᠠᠢ᠌ᠨ᠎ᠠ᠃ ᠲᠤᠰ ᠬᠡᠷᠡᠭ᠎ᠲᠤ᠂ ᠬᠡᠷᠡᠭ᠎ᠲᠤ ᠬᠣᠯᠪᠣᠭᠳᠠᠭᠰᠠᠨ ᠬᠥᠮᠥᠰ᠎ᠤᠨ ᠬᠠᠤᠯᠢ ᠴᠠᠭ᠋ᠠᠵᠠ ᠵᠢᠨ ᠤᠬᠠᠮᠰᠠᠷ ᠳᠣᠣᠷ᠎ᠠ᠂ ᠶᠠᠮᠠᠷ ᠴᠤ᠌ ᠭᠠᠷ ᠭᠦᠢ᠍ᠴᠡᠳᠬᠡᠯ ᠬᠢᠭᠰᠡᠨ ᠦᠭᠡᠢ᠂ ᠡᠵᠡᠩᠨᠡᠯᠲᠡ ᠵᠢᠨ ᠠᠷᠭ᠎ᠠ ᠪᠠᠷᠢᠯ᠎ᠨᠢ ᠪᠦᠳᠦᠭᠦᠯᠢᠭ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢ ᠲᠥᠬᠥᠷᠵᠢᠭᠦᠯᠦᠭᠰᠡᠨ ᠦᠭᠡᠢ᠎ᠪᠠᠷ ᠭᠠᠷᠭ᠋ᠠᠭᠰᠠᠨ ᠠᠶᠤᠯᠲᠠᠢ ᠬᠠᠶᠠᠭᠳᠠᠮᠠᠯ ᠪᠣᠳᠠᠰ᠎ᠢ ᠳᠤᠷ᠎ᠠ᠎ᠪᠠᠷ ᠵᠶ᠋ᠠᠨ ᠴᠢᠳᠬᠤᠵᠤ᠂ ᠭᠠᠳᠠᠭᠰᠢᠯᠠᠭᠤᠯᠵᠤ᠂ ᠰᠢᠢ᠍ᠳᠪᠦᠷᠢᠯᠡᠭᠡᠳ᠂ ᠣᠷᠴᠢᠨ ᠲᠣᠭᠣᠷᠢᠨ᠎ᠢ ᠬᠦᠨᠳᠦ ᠨᠣᠴᠢᠲᠠᠢ ᠪᠣᠬᠢᠷᠲᠤᠭᠤᠯᠵᠠᠢ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠣᠯᠣᠨ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ 《ᠨᠡᠢ᠌ᠯᠡᠮᠡᠯ ᠬᠦᠴᠦᠨ》 《ᠬᠦᠨᠳᠦ ᠠᠷᠭ᠎ᠠ》 ᠵᠢ ᠦᠨᠡᠨ ᠬᠦ᠌ ᠪᠤᠢ ᠪᠣᠯᠭ᠋ᠠᠵᠤ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠬᠦ ᠬᠥᠭᠵᠢᠯᠲᠡ ᠵᠢ ᠨᠥᠯᠥᠭᠡᠯᠡᠵᠦ ᠪᠠᠢ᠌ᠭ᠎ᠠ ᠣᠷᠴᠢᠨ ᠲᠣᠭᠣᠷᠢᠨ᠎ᠤ ᠠᠮᠤᠷ ᠲᠦᠪᠰᠢᠨ᠎ᠤ ᠳᠠᠯᠳᠠ ᠬᠡᠮ᠎ᠢ ᠬᠦᠴᠦᠲᠡᠢ ᠠᠷᠢᠯᠭ᠋ᠠᠪᠠ᠃

      [ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]

      ᠬᠡᠷᠡᠭ ᠰᠢᠢ᠍ᠳᠪᠦᠷᠢᠯᠡᠭᠰᠡᠨ ᠨᠢᠭᠡᠴᠢ᠄ ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠤᠷᠠᠳ᠎ᠤᠨ ᠬᠣᠢ᠌ᠲᠤ ᠬᠣᠰᠢᠭᠤᠨ᠎ᠤ ᠶᠡᠬᠡ ᠠᠩᠭᠢ

      ᠬᠡᠷᠡᠭ ᠭᠦᠢ᠍ᠴᠡᠳᠭᠡᠭᠴᠢ᠄ ᠯᠢᠦ ᠬᠠᠢ ᠯᠦᠩ᠂ ᠯᠢ ᠵᠢᠶᠠᠨ ᠬᠤᠸᠠ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠦᠨ ᠵᠢᠨ ᠯᠦᠩ᠄ ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠵᠶ᠋ᠡᠷ ᠠᠵᠢᠯ ᠣᠯᠭᠣᠯᠲᠠ ᠵᠢᠨ 《ᠠᠯᠲᠠᠨ ᠫᠠᠢ᠌ᠰᠠ》 ᠵᠢ ᠡᠭᠦᠳᠦᠨ᠎ᠡ
ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ
ᠰᠢ ᠵᠢᠨ ᠫᠢᠩ᠄ ᠠᠵᠤ ᠠᠬᠤᠢ ᠵᠢᠨ ᠠᠵᠢᠯ᠎ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠶ
 
             蒙ICP备05000248号