ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (2)
ᠨᠡᠶ᠋ᠢᠲᠡᠯᠡᠭᠰᠡᠨ ᠴᠠᠭ᠄ 2024-11-26

      ᠨᠡᠢ᠌ᠲᠡᠯᠢᠭ ᠬᠡᠷᠡᠭ᠎ᠤᠨ ᠵᠢᠱ᠌ᠢᠶ᠎ᠡ ᠭᠤᠷᠪᠠ᠂ ᠬᠥᠬᠡᠬᠣᠲᠠ᠎ᠳᠤ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ ᠵᠶ᠋ᠠᠷ ᠰᠡᠵᠢᠭᠯᠡᠭᠳᠡᠭᠰᠡᠨ ᠨᠢᠭᠡᠨ ᠬᠡᠷᠡᠭ᠎ᠢ ᠢᠯᠡᠷᠡᠭᠦᠯᠪᠡ
      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]
      2023 ᠣᠨ᠎ᠤ 6 ᠰᠠᠷ᠎ᠠ ᠵᠢᠨ 12᠎ᠤᠨ ᠡᠳᠦᠷ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠳᠥᠷᠪᠡᠳᠦᠭᠡᠷ ᠶᠡᠬᠡ ᠠᠩᠭᠢ ᠲᠣᠭᠣᠷᠢᠨ ᠪᠠᠢ᠌ᠴᠠᠭ᠋ᠠᠬᠤ ᠶᠠᠪᠤᠴᠠ᠎ᠳᠤ᠂ ᠰᠠᠢ᠌ᠬᠠᠨ ᠲᠣᠭᠣᠷᠢᠭ᠎ᠤᠨ ᠵᠢᠨ ᠡᡁᠸ᠋ ᠪᠠᠯᠭ᠋ᠠᠰᠤ ᠵᠢᠨ ᠠᠷᠤ᠎ᠳᠠᠬᠢ ᠰᠠᠨ ᠹᠦ᠋ ᠲᠣᠰᠬᠤᠨ᠎ᠤ ᠵᠡᠭᠦᠨ ᠲᠠᠯ᠎ᠠ ᠵᠢᠨ ᠬᠠᠷ᠎ᠠ ᠲᠦᠷᠭᠡᠨ ᠭᠣᠣᠯ᠎ᠤᠨ ᠡᠮᠦᠨ᠎ᠡ ᠡᠷᠭᠢ ᠵᠢᠨ ᠬᠠᠶᠠᠭᠳᠠᠮᠠᠯ ᠡᠯᠡᠰᠦᠨ ᠨᠦᠬᠡᠨ᠎ᠳᠤ ᠬᠠᠶᠠᠭᠳᠠᠮᠠᠯ ᠪᠣᠳᠠᠰ ᠴᠢᠳᠬᠤᠭᠰᠠᠨ ᠰᠡᠵᠢᠭ᠎ᠲᠠᠢ ᠪᠠᠶ᠋ᠢᠬᠤ ᠵᠢ ᠢᠯᠡᠷᠡᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠢ᠎ᠳᠤᠨᠢ ᠬᠠᠷᠢᠶ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠲᠠᠢ ᠬᠠᠷᠢᠯᠴᠠᠵᠤ᠂ ᠲᠤᠬᠠᠢ ᠵᠢᠨ ᠲᠠᠯᠠᠪᠤᠷ᠎ᠲᠤ ᠬᠦᠷᠴᠦ ᠪᠠᠢ᠌ᠴᠠᠭ᠋ᠠᠯᠲᠠ ᠬᠢᠪᠡ᠃ ᠠᠩᠬ᠎ᠠ ᠠᠯᠬᠤᠮ᠎ᠤᠨ ᠪᠠᠢ᠌ᠴᠠᠭ᠋ᠠᠯᠲᠠ᠎ᠪᠠᠷ ᠳᠡᠮᠵᠢᠨ ᠣᠯᠵᠤ ᠮᠡᠳᠡᠭᠰᠡᠨ ᠵᠶ᠋ᠠᠷ᠂ 300 ᠲᠡᠭᠰᠢ ᠳᠥᠷᠪᠡᠯᠵᠢᠨ ᠮᠧᠲᠷ ᠲᠠᠯᠠᠪᠠᠶ᠎ᠲᠠᠢ᠂ 20 ᠮᠧᠲᠷ ᠭᠦᠨ ᠡᠯᠡᠰᠦᠨ ᠨᠦᠬᠡᠨ᠎ᠳᠤ᠂ 100 ᠰᠠᠭᠤᠯᠠᠭ᠎ᠠ ᠣᠷᠴᠢᠮ ᠠᠶᠤᠯᠲᠠᠢ ᠬᠠᠶᠠᠭᠳᠠᠮᠠᠯ ᠪᠣᠳᠠᠰ᠎ᠲᠠᠢ ᠲᠣᠰᠣᠨ ᠰᠠᠭᠤᠯᠠᠭ᠎ᠠ ᠵᠢ ᠡᠷᠦᠢ ᠬᠤᠷᠤᠢ ᠦᠭᠡᠢ ᠣᠪᠣᠭ᠋ᠠᠯᠠᠵᠤ᠂ ᠰᠠᠭᠤᠯᠠᠭ᠎ᠠ ᠵᠢᠨ ᠳᠣᠲᠣᠷ᠎ᠠ᠎ᠨᠢ ᠰᠢᠷ᠎ᠠ᠂ ᠬᠦᠷᠡᠩ᠂ ᠤᠯᠠᠭ᠋ᠠᠨ ᠬᠦᠷᠡᠩ ᠬᠠᠭ᠋ᠠᠰ ᠬᠠᠲᠠᠭᠤ ᠪᠡᠶᠡᠲᠦ ᠪᠠᠶ᠋ᠢᠬᠤ ᠵᠢ ᠣᠯᠵᠤ ᠮᠠᠲᠠᠵᠠᠢ᠃ ᠪᠣᠭᠣᠳᠠᠯ᠎ᠤᠨ ᠲᠦᠩᠰᠡᠨ ᠳᠡᠭᠡᠷ᠎ᠡ ᠬᠠᠶᠠᠭᠳᠠᠮᠠᠯ ᠪᠣᠳᠠᠰ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠪᠦᠷᠢᠨ ᠪᠤᠰᠤ ᠠᠶᠤᠯᠲᠠᠢ ᠬᠠᠶᠠᠭᠳᠠᠮᠠᠯ ᠪᠣᠳᠠᠰ᠎ᠤᠨ ᠱᠣᠰᠢᠭ᠎ᠠ ᠲᠡᠮᠳᠡᠭ ᠵᠢᠴᠢ ᠬᠠᠷᠢᠯᠴᠠᠬᠤ ᠬᠥᠮᠥᠨ᠂ ᠬᠦᠨᠳᠦ ᠵᠢᠨ ᠬᠡᠮᠵᠢᠶ᠎ᠡ᠂ ᠡᠳᠦᠷ ᠬᠤᠭᠤᠴᠠᠭ᠎ᠠ᠂ ᠬᠠᠷᠢᠯᠴᠠᠬᠤ ᠤᠲᠠᠰᠤ ᠵᠡᠷᠭᠡ ᠴᠢᠬᠤᠯᠠ ᠮᠡᠳᠡᠭᠡ ᠵᠠᠩᠭᠢ᠎ᠲᠠᠢ᠃ ᠬᠣᠯᠪᠣᠭᠳᠠᠯ ᠪᠦᠬᠦᠢ ᠨᠢᠭᠡᠴᠢ᠎ᠠᠴᠠ ᠪᠠᠢ᠌ᠴᠠᠭ᠋ᠠᠨ ᠯᠠᠪᠯᠠᠬᠤ᠎ᠪᠠᠷ ᠳᠡᠮᠵᠢᠨ᠂ ᠠᠩᠬ᠎ᠠ ᠠᠯᠬᠤᠮ ᠮᠠᠭ᠋ᠠᠳᠯᠠᠨ ᠲᠣᠭᠲᠠᠭ᠋ᠠᠭᠰᠠᠨ ᠠᠶᠤᠯᠲᠠᠢ ᠬᠠᠶᠠᠭᠳᠠᠮᠠᠯ ᠪᠣᠳᠠᠰ ᠪᠣᠯ ᠵᠢᠶᠠᠩᠰᠢ ᠵᠢᠨ ᠨᠢᠭᠡᠨ ᠬᠢᠮᠢ ᠵᠢᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠣᠯ᠎ᠤᠨ ᠤᠯᠠᠭ᠋ᠠᠨᠴᠠᠪ ᠬᠣᠲᠠ ᠵᠢᠨ ᠨᠢᠭᠡᠨ ᠺᠣᠮᠫᠠᠨᠢ᠎ᠳᠤ ᠲᠡᠭᠡᠭᠡᠪᠦᠷᠢᠯᠡᠨ ᠬᠦᠷᠭᠡᠭᠰᠡᠨ ᠠᠶᠤᠯᠲᠠᠢ ᠬᠠᠶᠠᠭᠳᠠᠮᠠᠯ ᠪᠣᠳᠠᠰ ᠮᠥᠨ᠂ ᠰᠠᠭᠤᠯᠠᠭ᠋ᠠᠨ᠎ᠳᠤ ᠰᠠᠪᠠᠯᠠᠭᠰᠠᠨ ᠲᠣᠳᠣᠷᠬᠠᠢ ᠪᠤᠰᠤ ᠪᠣᠳᠠᠰ᠎ᠨᠢ ᠨᠢᠲᠷᠤ᠋ ᠪᠸᠨ᠋ᠽᠸᠨ ᠪᠠᠢ᠌ᠵᠤ᠂ ᠬᠣᠣᠷᠲᠤ ᠴᠢᠨᠠᠷᠲᠠᠢ᠂ ᠢᠳᠡᠮᠡᠬᠡᠢ ᠴᠢᠨᠠᠷᠲᠠᠢ ᠠᠶᠤᠯᠲᠠᠢ ᠬᠠᠶᠠᠭᠳᠠᠮᠠᠯ ᠪᠣᠳᠠᠰ᠎ᠲᠤ ᠲᠣᠭ᠋ᠠᠴᠠᠭᠳᠠᠨ᠎ᠠ᠃ ᠪᠠᠢ᠌ᠴᠠᠭ᠋ᠠᠨ ᠲᠣᠳᠣᠯᠠᠭᠰᠠᠨ ᠵᠶ᠋ᠠᠷ᠂ ᠬᠠᠶᠠᠭᠳᠠᠮᠠᠯ ᠪᠣᠳᠠᠰ᠎ᠢ ᠨᠠᠢ᠌ᠳᠠ 104 ᠰᠠᠭᠤᠯᠠᠭ᠎ᠠ ᠠᠰᠬᠠᠵᠤ᠂ ᠶᠡᠷᠦᠩᠬᠡᠢ ᠬᠦᠨᠳᠦᠴᠡ᠎ᠨᠢ 24.85 ᠲᠣᠨ᠂ ᠪᠣᠬᠢᠷᠲᠤᠭᠰᠠᠨ ᠬᠥᠷᠥᠰᠥ ᠰᠢᠷᠣᠢ᠎ᠨᠢ 56.7 ᠲᠣᠨ ᠪᠠᠢ᠌ᠵᠤ᠂ ᠨᠠᠢ᠌ᠳᠠ 81.55 ᠲᠣᠨ ᠪᠣᠯᠣᠨ᠎ᠠ᠃
      ᠣᠳᠣᠬᠠᠨ᠎ᠳᠤ᠂ ᠳᠡᠭᠡᠷ᠎ᠡ ᠳᠤᠷᠠᠳᠤᠭᠰᠠᠨ ᠠᠰᠬᠠᠵᠤ ᠴᠢᠳᠬᠤᠭᠰᠠᠨ ᠠᠶᠤᠯᠲᠠᠢ ᠬᠠᠶᠠᠭᠳᠠᠮᠠᠯ ᠪᠣᠳᠠᠰ ᠵᠢᠴᠢ ᠪᠣᠬᠢᠷᠲᠤᠭᠰᠠᠨ ᠬᠥᠷᠥᠰᠥ ᠰᠢᠷᠣᠢ ᠵᠢ ᠨᠢᠭᠡᠨᠲᠡ ᠬᠢᠷᠢ ᠬᠡᠮ᠎ᠲᠠᠢ ᠨᠢᠭᠡᠴᠢ᠎ᠳᠤ ᠨᠠᠶ᠋ᠢᠳᠠᠵᠤ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠭᠦᠯᠦᠭᠰᠡᠨ ᠪᠠᠢ᠌ᠨ᠎ᠠ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      《ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ ᠲᠠᠢ᠌ᠯᠪᠤᠷᠢᠯᠠᠯᠲᠠ》 ᠵᠢᠨ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠪᠡᠯ᠂ ᠲᠤᠰ ᠬᠡᠷᠡᠭ᠎ᠢ ᠬᠠᠤᠯᠢ ᠪᠤᠰᠤ᠎ᠪᠠᠷ ᠴᠢᠳᠬᠤᠵᠤ᠂ ᠰᠢᠢ᠍ᠳᠪᠦᠷᠢᠯᠡᠭᠰᠡᠨ ᠲᠣᠭ᠎ᠠ ᠬᠡᠮᠵᠢᠶ᠎ᠡ᠎ᠨᠢ ᠬᠡᠷᠡᠭ ᠪᠣᠯᠭ᠋ᠠᠨ ᠳᠠᠩᠰᠠᠯᠠᠵᠤ ᠨᠡᠬᠡᠮᠵᠢᠯᠡᠨ ᠵᠠᠭ᠋ᠠᠯᠳᠤᠬᠤ ᠪᠠᠷᠢᠮᠵᠢᠶ᠎ᠠ᠎ᠳᠤ ᠬᠦᠷᠦᠭᠰᠡᠨ 《ᠭᠤᠷᠪᠠᠨ ᠲᠣᠨ᠎ᠠᠴᠠ ᠳᠡᠭᠡᠭᠰᠢ》 ᠪᠠᠢ᠌ᠵᠤ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ ᠬᠢᠭᠰᠡᠨ ᠵᠶ᠋ᠡᠷ ᠰᠡᠵᠢᠭᠯᠡᠭᠳᠡᠵᠦ᠂ ᠲᠤᠰ ᠬᠡᠷᠡᠭ᠎ᠢ ᠨᠢᠭᠡᠨᠲᠡ ᠬᠠᠷᠢᠶ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠡᠢ᠃ 2023 ᠣᠨ᠎ᠤ 7 ᠰᠠᠷ᠎ᠠ ᠵᠢᠨ 15᠎ᠤ ᠡᠳᠦᠷ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠵᠠᠷᠭᠤ ᠵᠢᠨ ᠬᠠᠤᠯᠢ》 ᠵᠢᠨ ᠭᠤᠷᠪᠠᠨ ᠵᠠᠭᠤ ᠭᠤᠴᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠵᠤ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠰᠡᠵᠢᠭᠯᠡᠯᠲᠡᠢ ᠬᠡᠷᠡᠭ᠎ᠢ ᠬᠡᠷᠡᠭ ᠪᠣᠯᠭ᠋ᠠᠨ ᠳᠡᠩᠰᠡᠯᠡᠵᠦ ᠲᠠᠩᠨᠠᠨ ᠪᠠᠢ᠌ᠴᠠᠭ᠋ᠠᠪᠠ᠃ ᠣᠳᠣᠬᠠᠨ᠎ᠳᠤ ᠬᠡᠷᠡᠭ᠎ᠢ ᠤᠯᠠᠮ ᠨᠢᠭᠡ ᠠᠯᠬᠤᠮ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠨ᠎ᠠ᠃
      [ᠰᠡᠩᠬᠡᠷᠡᠭᠦᠯᠦᠯ᠎ᠤᠨ ᠠᠴᠢ ᠬᠣᠯᠪᠣᠭᠳᠠᠯ]
      ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠡᠯ᠎ᠡ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠰᠠᠯᠠᠭ᠎ᠠ ᠮᠥᠴᠢᠷ᠎ᠲᠠᠢ ᠲᠦᠷᠭᠡᠨ ᠬᠥᠳᠡᠯᠦᠯᠴᠡᠵᠦ᠂ ᠴᠠᠭ ᠲᠤᠬᠠᠢ᠎ᠳᠤᠨᠢ ᠥᠨᠳᠥᠷ ᠪᠦᠲᠦᠮᠵᠢᠲᠡᠢ᠎ᠪᠠᠷ ᠬᠣᠯᠪᠤᠭ᠋ᠠᠯᠠᠨ ᠬᠣᠯᠪᠣᠭᠳᠠᠯ ᠪᠦᠬᠦᠢ ᠠᠵᠢᠯ᠎ᠢ ᠥᠷᠨᠢᠭᠦᠯᠵᠦ᠂ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯᠠᠲᠤ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠬᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ 《ᠬᠣᠰᠢᠭᠤᠴᠢ ᠬᠠᠷᠠᠭᠤᠯ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠷᠡᠭᠦᠦ ᠰᠢᠢ᠍ᠳᠬᠡᠯ᠎ᠢ ᠴᠠᠭ ᠲᠤᠬᠠᠢ᠎ᠳᠤᠨᠢ ᠵᠣᠯᠭ᠋ᠠᠯᠳᠤᠭᠤᠯᠵᠤ᠂ ᠬᠣᠶᠠᠷ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠭᠰᠠᠨ ᠮᠥᠷᠲᠡᠭᠡᠨ ᠪᠠᠰᠠ ᠲᠤᠰ ᠲᠤᠰ᠎ᠤᠨ ᠭᠣᠣᠯᠳᠠᠯᠭ᠎ᠠ᠎ᠲᠠᠢ᠎ᠪᠠᠷ ᠰᠦᠪᠡᠭᠴᠢ ᠠᠭᠤᠳᠠᠯᠬᠤ ᠪᠠ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠬᠤ ᠠᠵᠢᠯ᠎ᠢ ᠬᠢᠵᠦ᠂ ᠬᠡᠷᠡᠭ᠎ᠢ ᠲᠠᠩᠨᠠᠨ ᠢᠯᠡᠷᠡᠭᠦᠯᠬᠦ᠎ᠳᠤ ᠤᠷᠢᠲᠠᠯ ᠪᠠᠲᠤᠯᠠᠭ᠎ᠠ ᠬᠠᠩᠭ᠋ᠠᠪᠠ᠃ ᠡᠭᠦᠨ᠎ᠤ ᠬᠠᠮᠲᠤ᠂ ᠲᠤᠰ ᠬᠡᠷᠡᠭ ᠪᠣᠯ ᠣᠷᠣᠨ ᠪᠦᠰᠡ ᠠᠯᠤᠰᠯᠠᠨ ᠠᠶᠤᠯᠲᠠᠢ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠭᠰᠠᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠬᠡᠷᠡᠭ ᠪᠣᠯᠣᠨ᠎ᠠ᠂ ᠬᠡᠷᠡᠭ᠎ᠤᠨ ᠪᠠᠶ᠋ᠢᠳᠠᠯ ᠨᠠᠷᠢᠨ ᠪᠤᠳᠤᠯᠢᠶᠠᠨᠲᠠᠢ᠂ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ ᠬᠡᠷᠡᠭ᠎ᠲᠤ ᠬᠣᠯᠪᠣᠭᠳᠠᠭᠰᠠᠨ ᠪᠣᠳᠠᠰ᠎ᠤᠨ ᠢᠷᠡᠯᠲᠡ ᠵᠢᠨ ᠰᠢᠨᠵᠢ ᠴᠢᠨᠠᠷ᠎ᠢ ᠨᠡᠬᠡᠮᠵᠢᠯᠡᠬᠦ᠎ᠳᠤ ᠬᠦᠴᠢᠷᠲᠡᠢ ᠪᠣᠯᠬᠣᠷ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠴᠠᠭ ᠲᠤᠬᠠᠢ᠎ᠳᠤᠨᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠢᠷᠢ ᠬᠡᠮ᠎ᠲᠠᠢ ᠲᠤᠰᠬᠠᠢ ᠮᠡᠷᠭᠡᠵᠢᠯ᠎ᠤᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ᠎ᠳᠤ ᠨᠠᠶ᠋ᠢᠳᠠᠵᠤ ᠥᠯᠢᠭᠡᠷ ᠠᠪᠴᠤ ᠪᠠᠢ᠌ᠴᠠᠭ᠋ᠠᠨ ᠰᠢᠯᠭ᠋ᠠᠬᠤ ᠵᠢᠨ ᠬᠠᠮᠲᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠯᠭᠡᠵᠦ᠂ ᠬᠡᠷᠡᠭ᠎ᠢ ᠰᠢᠢ᠍ᠳᠪᠦᠷᠢᠯᠡᠬᠦ᠎ᠳᠤ ᠴᠢᠩᠭ᠎ᠠ ᠬᠦᠴᠦᠲᠡᠢ ᠭᠡᠷᠡᠴᠢ ᠪᠠᠷᠢᠮᠲᠠ ᠵᠢᠨ ᠲᠦᠰᠢᠭ ᠬᠠᠩᠭ᠋ᠠᠭᠰᠠᠨ ᠪᠠᠢ᠌ᠨ᠎ᠠ᠃ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠡᠮ ᠰᠣᠭᠣᠭ᠎ᠢ ᠲᠤᠶ᠋ᠢᠯᠪᠤᠷᠢᠲᠠᠶ ᠠᠷᠢᠯᠭ᠋ᠠᠬᠤ ᠵᠢᠨ ᠲᠤᠰᠠᠳᠠ᠂ ᠬᠠᠷᠢᠶ᠎ᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠨᠢ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠵᠦ᠂ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠬᠢᠷᠢ ᠬᠡᠮ᠎ᠲᠠᠢ ᠨᠢᠭᠡᠴᠢ᠎ᠯᠦᠭᠡ ᠴᠠᠭ ᠲᠤᠬᠠᠢ᠎ᠳᠤᠨᠢ ᠨᠡᠪᠲᠡᠷᠡᠯᠴᠡᠨ ᠵᠣᠬᠢᠴᠠᠭᠤᠯᠵᠤ᠂ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠯᠡᠵᠦ᠂ ᠪᠣᠳᠠᠲᠠᠢ ᠠᠵᠢᠯᠯᠠᠭ᠎ᠠ᠎ᠪᠠᠷ ᠵᠶ᠋ᠠᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠴᠡᠪᠡᠷᠯᠡᠨ ᠲᠡᠭᠡᠭᠡᠪᠦᠷᠢᠯᠡᠵᠦ ᠵᠠᠰᠠᠬᠤ ᠵᠢ ᠵᠡᠷᠭᠡᠪᠡᠷ ᠲᠠᠭ᠋ᠠᠵᠤ᠂ ᠣᠷᠴᠢᠨ ᠲᠣᠭᠣᠷᠢᠨ᠎ᠤ ᠪᠣᠬᠢᠷᠲᠤᠯ᠎ᠤᠨ ᠡᠭᠦᠰᠦᠯ᠂ ᠡᠭᠦᠰᠦᠯ᠎ᠤᠨ ᠬᠡᠪᠴᠢᠶ᠎ᠡ ᠵᠢ ᠴᠠᠭ ᠲᠤᠬᠠᠢ᠎ᠳᠤᠨᠢ ᠰᠡᠷᠭᠡᠢ᠌ᠯᠡᠨ ᠬᠣᠷᠢᠭᠯᠠᠵᠤ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠵᠠᠢ᠃
      [ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠳᠥᠷᠪᠡᠳᠦᠭᠡᠷ ᠶᠡᠬᠡ ᠠᠩᠭᠢ
      ᠬᠡᠷᠡᠭ ᠭᠦᠢ᠍ᠴᠡᠳᠭᠡᠭᠴᠢ᠄ ᠵᠠᠩ ᠬᠠᠢ ᠸᠠᠩ᠂ ᠸᠠᠩ ᠵᠢᠶᠦ᠋ᠨ ᠹᠧᠩ
      ᠨᠡᠢ᠌ᠲᠡᠯᠢᠭ ᠬᠡᠷᠡᠭ᠎ᠤᠨ ᠵᠢᠱ᠌ᠢᠶ᠎ᠡ ᠳᠥᠷᠪᠡ᠂ ᠯᠢ ᠣᠪᠣᠭᠲᠤ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠰᠢᠢ᠍ᠳᠪᠦᠷᠢᠯᠡᠭᠰᠡᠨ ᠬᠡᠷᠡᠭ
      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]
      2023 ᠣᠨ᠎ᠤ 6 ᠰᠠᠷ᠎ᠠ ᠵᠢᠨ 8᠎ᠤ ᠡᠳᠦᠷ᠂ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠤᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠣᠯᠵᠤ᠂ ᠰᠢᠯᠢ ᠵᠢᠨ ᠬᠣᠲᠠ ᠵᠢᠨ ᠬᠠᠩᠵᠧᠦ᠎ᠠᠴᠠ ᠡᠷᠭᠢᠯᠡᠭᠰᠡᠨ ᠮᠠᠯ᠎ᠤᠨ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠡᠳ᠋ᠰᠢᠭᠦᠯᠬᠦ ᠬᠦᠷᠢᠶᠡᠯᠡᠩ ᠲᠣᠭᠣᠷᠢᠭ᠎ᠲᠤ ᠵᠠᠷᠢᠮ ᠬᠥᠮᠥᠨ ᠬᠠᠤᠯᠢ ᠪᠤᠰᠤ᠎ᠪᠠᠷ ᠠᠭᠤᠷᠬᠠᠢ ᠵᠢᠨ ᠲᠣᠰᠣᠨ᠎ᠤ ᠪᠣᠭᠣᠳᠠᠯ ᠪᠠᠭᠯᠠᠭ᠎ᠠ ᠵᠢᠨ ᠬᠡᠮᠬᠡᠳᠡᠭ᠎ᠢ ᠡᠳ᠋ᠰᠢᠭᠦᠯᠦᠨ ᠪᠣᠷᠣᠯᠠᠭᠤᠯᠬᠤ ᠠᠵᠢᠯᠯᠠᠭ᠎ᠠ ᠬᠢᠭᠰᠡᠨ ᠰᠡᠵᠢᠭᠯᠡᠯᠲᠡᠢ ᠭᠡᠵᠦ ᠲᠤᠰᠬᠠᠪᠠ᠃ ᠬᠠᠤᠯᠢ ᠬᠡᠷᠡᠭᠵᠢᠭᠦᠯᠬᠦ ᠠᠵᠢᠯᠲᠠᠨ ᠰᠦᠪᠡᠭᠴᠢ ᠵᠢ ᠦᠨᠳᠦᠰᠦᠯᠡᠨ ᠲᠡᠷᠡ ᠳᠠᠷᠤᠢ᠎ᠳᠤᠨᠢ ᠢᠯᠡᠴᠢᠯᠡᠨ ᠮᠡᠳᠡᠭᠦᠯᠦᠭᠰᠡᠨ ᠲᠤᠬᠠᠢ ᠵᠢᠨ ᠲᠠᠯᠠᠪᠤᠷ᠎ᠲᠤ ᠬᠦᠷᠴᠦ ᠵᠢᠭᠰᠠᠭ᠋ᠠᠨ ᠪᠠᠢ᠌ᠴᠠᠭ᠋ᠠᠪᠠ᠃ ᠭᠡᠪᠡᠴᠦ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ ᠨᠡᠯᠢᠶᠡᠳ ᠤᠯᠠᠨ ᠤᠴᠢᠷ᠎ᠠᠴᠠ ᠰᠡᠵᠢᠭ᠎ᠲᠠᠢ ᠠᠵᠤ ᠠᠬᠤᠢ᠌ᠯᠠᠯ᠎ᠢ ᠪᠠᠢ᠌ᠴᠠᠭ᠋ᠠᠨ ᠲᠣᠭᠲᠠᠭ᠋ᠠᠬᠤ ᠬᠦᠴᠢᠷᠳᠡᠯ ᠶᠡᠬᠡ᠂ ᠬᠠᠤᠯᠢ ᠬᠡᠷᠡᠭᠵᠢᠭᠦᠯᠬᠦ ᠠᠵᠢᠯᠲᠠᠳ ᠰᠡᠪ ᠮᠡᠳᠡᠭᠳᠡᠵᠦ ᠰᠡᠵᠢᠭ ᠠᠪᠤᠭᠤᠯᠬᠤ ᠦᠭᠡᠢ ᠵᠢᠨ ᠲᠥᠯᠥᠭᠡ᠂ ᠴᠠᠬᠢᠯᠭ᠋ᠠᠨ ᠬᠦᠴᠦᠨ᠎ᠤ ᠰᠠᠯᠠᠭ᠎ᠠ ᠮᠥᠴᠢᠷ᠎ᠲᠠᠢ ᠬᠣᠯᠪᠤᠭ᠋ᠠᠯᠠᠨ᠂ ᠠᠵᠤ ᠠᠬᠤᠢ᠌ᠯᠠᠯ᠎ᠤᠨ ᠬᠥᠳᠡᠯᠭᠡᠬᠦ ᠬᠦᠴᠦᠨ᠎ᠤ ᠴᠠᠬᠢᠯᠭ᠋ᠠᠨ ᠬᠡᠷᠡᠭᠯᠡᠭᠰᠡᠨ ᠪᠠᠶ᠋ᠢᠳᠠᠯ᠎ᠳᠤ ᠨᠠᠷᠢᠨ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠯᠲᠠ ᠬᠢᠭᠰᠡᠨ ᠪᠥᠭᠡᠳ 《ᠰᠢᠯᠢ ᠵᠢᠨ ᠭᠣᠣᠯ᠎ᠤᠨ ᠣᠶᠤᠨᠲᠤ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠲᠠᠪᠴᠠᠩ᠎ᠤᠨ ᠰᠡᠷᠡᠯ᠎ᠤᠨ ᠰᠣᠹᠲ》᠎ᠤᠨ ᠸᠢᠳᠢᠤ᠋᠎ᠪᠠᠷ ᠬᠢᠨᠠᠨ ᠡᠵᠡᠮᠳᠡᠬᠦ᠎ᠪᠠᠷ ᠳᠠᠮᠵᠢᠭᠤᠯᠤᠨ ᠰᠡᠵᠢᠭᠯᠡᠯᠲᠡᠢ ᠬᠡᠳᠦᠨ ᠣᠷᠣᠨ ᠪᠦᠰᠡ ᠵᠢ ᠲᠣᠭᠲᠠᠭ᠋ᠠᠵᠤ᠂ ᠰᠢᠯᠵᠢᠮᠡᠯ ᠸᠢᠳᠢᠤ᠋᠎ᠪᠠᠷ ᠬᠢᠨᠠᠨ ᠡᠵᠡᠮᠳᠡᠬᠦ ᠰᠢᠰᠲ᠋ᠧᠮ᠎ᠢ ᠴᠡᠭ ᠲᠣᠭᠲᠠᠭ᠋ᠠᠨ ᠤᠭᠰᠠᠷᠠᠬᠤ᠎ᠪᠠᠷ ᠳᠠᠮᠵᠢᠭᠤᠯᠤᠨ᠂ ᠰᠡᠵᠢᠭᠯᠡᠯᠲᠡᠢ ᠣᠷᠣᠨ ᠪᠦᠰᠡ᠎ᠨᠦᠭᠦᠳ᠎ᠲᠤ 24 ᠴᠠᠭ ᠵᠶ᠋ᠠᠷ ᠡᠭᠡᠯᠵᠢᠯᠡᠨ ᠬᠢᠨᠠᠨ ᠡᠵᠡᠮᠳᠡᠬᠦ ᠵᠢ ᠬᠡᠷᠡᠭᠵᠢᠭᠦᠯᠦᠭᠰᠡᠨ ᠪᠠᠢ᠌ᠨ᠎ᠠ᠃ ᠲᠤᠯᠤᠭ᠋ᠠᠨ ᠡᠳᠦᠷ ᠰᠥᠨᠢ ᠵᠢᠨ ᠠᠵᠢᠭᠯᠠᠯᠲᠠ᠎ᠪᠠᠷ ᠳᠡᠮᠵᠢᠨ᠂ ᠡᠴᠦᠰ᠎ᠲᠡᠭᠡᠨ ᠨᠢᠭᠡᠨ ᠬᠥᠮᠥᠷᠭᠡ᠎ᠳᠤ ᠰᠥᠨᠢ᠎ᠪᠠᠷ ᠮᠠᠰᠢᠨ ᠲᠡᠷᠭᠡ ᠪᠠᠷᠠᠭ᠎ᠠ ᠲᠡᠭᠡᠭᠡᠵᠦ ᠵᠥᠭᠡᠭᠡᠪᠦᠷᠢᠯᠡᠬᠦ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ ᠵᠢ ᠣᠯᠵᠤ ᠮᠠᠲᠠᠵᠠᠢ᠃
      6 ᠰᠠᠷ᠎ᠠ ᠵᠢᠨ 15᠎ᠤ ᠡᠳᠦᠷ᠂ ᠬᠠᠤᠯᠢ ᠬᠡᠷᠡᠭᠵᠢᠭᠦᠯᠬᠦ ᠠᠵᠢᠯᠲᠠᠨ ᠲᠣᠰ ᠬᠥᠮᠥᠷᠭᠡ᠎ᠳᠤ ᠭᠡᠨᠡᠳᠲᠡ ᠵᠢᠨ ᠪᠠᠢ᠌ᠴᠠᠭ᠋ᠠᠯᠲᠠ ᠬᠢᠵᠡᠢ᠂ ᠪᠠᠢ᠌ᠴᠠᠭ᠋ᠠᠯᠲᠠ᠎ᠪᠠᠷ ᠳᠡᠮᠵᠢᠨ ᠲᠤᠬᠠᠢ ᠵᠢᠨ ᠬᠥᠮᠥᠨ ᠯᠢ ᠣᠪᠣᠭᠲᠤ ᠠᠶᠤᠯ ᠦᠭᠡᠢ ᠬᠠᠶᠠᠭᠳᠠᠮᠠᠯ ᠪᠣᠳᠠᠰ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠣᠯᠣᠭᠰᠠᠨ ᠦᠭᠡᠢ ᠪᠠᠶ᠋ᠢᠳᠠᠯ ᠳᠣᠣᠷ᠎ᠠ᠂ ᠲᠣᠰ ᠬᠥᠮᠥᠷᠭᠡ᠎ᠳᠤ ᠪᠥᠭᠡᠭᠡᠨᠡᠷᠡᠯ ᠡᠲ᠋ᠧᠨ᠂ ᠪᠥᠭᠡᠭᠡᠨᠡᠷᠡᠯ ᠫᠷᠦᠫᠸᠨ ᠰᠦᠯᠢᠶᠥᠦ ᠵᠢ ᠬᠡᠮᠬᠡᠯᠦᠨ ᠪᠣᠯᠪᠠᠰᠤᠷᠠᠭᠤᠯᠵᠤ ᠪᠣᠷᠣᠯᠠᠭᠤᠯᠬᠤ ᠠᠵᠢᠯᠯᠠᠭ᠎ᠠ ᠬᠢᠵᠦ᠂ 2023 ᠣᠨ᠎ᠤ 3 ᠰᠠᠷ᠎ᠠ ᠵᠢᠨ 18᠎ᠤ ᠡᠳᠦᠷ᠎ᠠᠴᠠ ᠡᠬᠢᠯᠡᠨ ᠦᠢ᠍ᠯᠡᠳᠪᠦᠷᠢᠯᠡᠯ᠎ᠳᠤ ᠣᠷᠣᠭᠤᠯᠵᠤ᠂ ᠰᠠᠷ᠎ᠠ ᠪᠦᠷᠢ 3 ᠡᠳᠦᠷ ᠣᠷᠴᠢᠮ ᠬᠡᠮᠬᠡᠯᠦᠨ ᠪᠣᠯᠪᠠᠰᠤᠷᠠᠭᠤᠯᠵᠤ ᠪᠠᠶ᠋ᠢᠬᠤ ᠵᠢ ᠣᠯᠵᠤ ᠮᠠᠲᠠᠵᠠᠢ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠵᠢᠨ ᠲᠠᠯᠠᠪᠤᠷ᠎ᠠᠴᠠ ᠢᠯᠡᠷᠡᠭᠦᠯᠦᠭᠰᠡᠨ ᠪᠣᠭᠣᠯᠲᠠ᠎ᠠᠴᠠ ᠨᠢᠭᠡᠨᠲᠡ ᠬᠠᠭ᠋ᠠᠷᠠᠭᠰᠠᠨ ᠪᠥᠭᠡᠭᠡᠨᠡᠷᠡᠯ ᠡᠲ᠋ᠧᠨ ᠰᠦᠯᠢᠶᠥᠦ ᠯᠣᠩᠬᠣᠨ᠎ᠤ ᠢᠯᠲᠠᠰᠤ 11.14 ᠲᠣᠨ᠂ ᠪᠥᠭᠡᠭᠡᠨᠡᠷᠡᠯ ᠫᠷᠦᠫᠸᠨ ᠰᠦᠯᠢᠶᠥᠦ ᠯᠣᠩᠬᠣᠨ᠎ᠤ ᠢᠯᠲᠠᠰᠤ 5.12 ᠲᠣᠨ ᠪᠠᠶ᠋ᠢᠬᠤ ᠵᠢ ᠣᠯᠵᠤ ᠮᠠᠲᠠᠵᠠᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠎ᠪᠠᠷ ᠳᠠᠮᠵᠢᠭ᠋ᠠᠳ᠂ ᠳᠡᠭᠡᠷ᠎ᠡ ᠳᠤᠷᠠᠳᠤᠭᠰᠠᠨ ᠬᠠᠶᠠᠭᠳᠠᠮᠠᠯ ᠪᠣᠳᠠᠰ ᠪᠣᠯ ᠴᠥᠮ ᠠᠶᠤᠯᠲᠠᠢ ᠬᠠᠶᠠᠭᠳᠠᠮᠠᠯ ᠪᠣᠳᠠᠰ᠎ᠲᠤ ᠲᠣᠭ᠋ᠠᠴᠠᠭᠳᠠᠨ᠎ᠠ᠂ ᠠᠶᠤᠯᠲᠠᠢ ᠬᠠᠶᠠᠭᠳᠠᠮᠠᠯ ᠪᠣᠳᠠᠰ᠎ᠤᠨ ᠣᠷᠣᠯᠠᠬᠤ ᠨᠣᠮᠧᠷ᠎ᠨᠢ 《900—249—08》᠂ ᠠᠶᠤᠯ᠎ᠤᠨ ᠣᠨᠴᠠᠯᠢᠭ᠎ᠨᠢ 《T᠂ I》 ᠪᠣᠯᠣᠨ᠎ᠠ᠂ ᠳᠠᠷᠤᠢ 《ᠠᠮᠢ ᠠᠬᠤᠢ ᠣᠷᠴᠢᠨ ᠲᠣᠭᠣᠷᠢᠨ ᠪᠠ ᠬᠥᠮᠥᠨ᠎ᠤ ᠪᠡᠶ᠎ᠡ ᠵᠢᠨ ᠡᠷᠡᠭᠦᠯ ᠮᠠᠨᠳᠤ᠎ᠳᠤ ᠬᠣᠣᠷ ᠬᠥᠨᠥᠭᠡᠯ᠎ᠲᠠᠢ ᠬᠣᠣᠷᠲᠤ ᠴᠢᠨᠠᠷ ᠪᠠ ᠨᠣᠴᠣᠮᠠᠲᠠᠭ᠋ᠠᠢ ᠴᠢᠨᠠᠷ᠎ᠲᠠᠢ ᠪᠣᠳᠠᠰ》 ᠪᠣᠯᠣᠨ᠎ᠠ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      ᠯᠢ ᠣᠪᠣᠭᠲᠤ ᠵᠢᠨ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠰᠢᠢ᠍ᠳᠪᠦᠷᠢᠯᠡᠭᠰᠡᠨ ᠦᠢ᠍ᠯᠡ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠳᠠᠯᠠ ᠶᠢᠰᠦᠳᠦᠭᠡᠷ ᠵᠦᠢ᠍ᠯ ᠪᠠ 《ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ ᠲᠠᠢ᠌ᠯᠪᠤᠷᠢᠯᠠᠯᠲᠠ》 ᠵᠢᠨ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠡᠢ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》 ᠵᠢᠨ ᠭᠤᠷᠪᠠᠨ ᠵᠠᠭᠤ ᠭᠤᠴᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠣᠰ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠪᠡ᠃
      [ᠰᠡᠩᠬᠡᠷᠡᠭᠦᠯᠦᠯ᠎ᠤᠨ ᠠᠴᠢ ᠬᠣᠯᠪᠣᠭᠳᠠᠯ]
      ᠣᠢ᠌ᠷ᠎ᠠ ᠵᠢᠨ ᠵᠢᠯ᠎ᠤᠳ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠪᠠ ᠭᠣᠣᠯᠳᠠᠯᠭ᠎ᠠ᠎ᠲᠠᠢ ᠪᠣᠬᠢᠷ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠵᠣᠬᠢᠶᠠᠬᠤ ᠲᠤᠰᠬᠠᠢ ᠠᠵᠢᠯᠯᠠᠭ᠎ᠠ》 ᠵᠢᠨ ᠢᠯᠡᠴᠢᠯᠡᠨ ᠮᠡᠳᠡᠭᠦᠯᠬᠦ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠤᠯᠠᠨ ᠨᠠᠢ᠌ᠳᠠ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠢᠳᠡᠪᠬᠢᠲᠡᠢ᠎ᠪᠠᠷ ᠢᠯᠡᠷᠡᠭᠦᠯᠬᠦ ᠪᠠ ᠢᠯᠡᠴᠢᠯᠡᠨ ᠮᠡᠳᠡᠭᠦᠯᠵᠦ᠂ ᠪᠥᠬᠥ ᠨᠡᠢ᠌ᠭᠡᠮ ᠵᠶ᠋ᠡᠷ ᠵᠶ᠋ᠡᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠢ ᠪᠣᠯᠭ᠋ᠠᠪᠠ᠃ 《ᠬᠣᠣᠰ ᠴᠣᠬᠢᠯᠲᠠ》 ᠵᠢᠨ ᠥᠨᠳᠥᠷ ᠳᠠᠷᠤᠯᠲᠠ ᠵᠢᠨ ᠪᠠᠶ᠋ᠢᠳᠠᠯ ᠳᠣᠣᠷ᠎ᠠ᠂ ᠵᠢᠵᠢᠭ ᠬᠡᠯᠪᠡᠷᠢ ᠵᠢᠨ ᠦᠢ᠍ᠯᠡᠳᠬᠡᠯ᠎ᠤᠨ ᠭᠠᠵᠠᠷ ᠪᠤᠶᠤ ᠬᠤᠪᠢ ᠬᠥᠮᠥᠨ᠎ᠤ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠠᠰᠠᠭᠤᠳᠠᠯ ᠠᠯᠬᠤᠮ ᠠᠯᠬᠤᠮ ᠵᠶ᠋ᠠᠷ ᠲᠣᠪᠣᠢ᠌ᠮ᠎ᠠ ᠪᠣᠯᠵᠤ ᠪᠠᠢ᠌ᠨ᠎ᠠ᠃ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠠ ᠤᠯᠠᠨ ᠲᠦᠮᠡᠨ᠎ᠤ ᠢᠯᠡᠴᠢᠯᠡᠨ ᠮᠡᠳᠡᠭᠦᠯᠬᠦ᠂ ᠡᠯᠧᠺᠲᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠣᠷᠭ᠋ᠠᠨᠢᠭ ᠵᠶ᠋ᠠᠷ ᠤᠶᠠᠯᠳᠤᠭᠤᠯᠪᠠᠯ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠲᠤᠢ᠌ᠯ᠎ᠤᠨ ᠣᠨᠣᠪᠴᠢᠲᠠᠢ᠎ᠪᠠᠷ ᠴᠣᠬᠢᠯᠲᠠ ᠥᠭᠬᠦ ᠵᠢ ᠠᠬᠢᠭᠤᠯᠵᠤ᠂ ᠰᠣᠬᠣᠷ ᠪᠠᠯᠠᠢ ᠭᠠᠵᠠᠷ ᠦᠯᠡᠳᠡᠭᠡᠬᠦ ᠦᠭᠡᠢ ᠪᠠᠢ᠌ᠵᠤ ᠪᠣᠯᠣᠨ᠎ᠠ᠃
      ᠲᠣᠰ ᠬᠡᠷᠡᠭ᠎ᠲᠤ᠂ ᠬᠠᠤᠯᠢ ᠬᠡᠷᠡᠭᠵᠢᠭᠦᠯᠬᠦ ᠠᠵᠢᠯᠲᠠᠨ ᠤᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠭᠦᠢ᠍ᠴᠡᠳ ᠠᠰᠢᠭᠯᠠᠨ᠂ ᠴᠠᠬᠢᠯᠭ᠋ᠠᠨ ᠬᠦᠴᠦᠨ᠎ᠤ ᠰᠠᠯᠠᠭ᠎ᠠ ᠮᠥᠴᠢᠷ᠎ᠲᠠᠢ ᠬᠦᠴᠦ᠎ᠪᠠᠨ ᠬᠠᠮᠲᠤᠳᠬᠠᠨ ᠬᠠᠮᠲᠤᠷᠠᠯᠴᠠᠵᠤ᠂ ᠴᠠᠬᠢᠯᠭ᠋ᠠᠨ ᠬᠡᠷᠡᠭᠯᠡᠯᠲᠡ ᠵᠢ ᠵᠠᠳᠠᠯᠤᠨ ᠮᠠᠭ᠋ᠠᠳᠯᠠᠬᠤ ᠠᠷᠭ᠎ᠠ ᠪᠠᠷᠢᠯ᠎ᠢ ᠬᠡᠷᠡᠭᠯᠡᠨ᠂ ᠰᠢᠯᠢ ᠵᠢᠨ ᠭᠣᠣᠯ᠎ᠤᠨ ᠣᠶᠤᠨᠲᠤ ᠣᠷᠴᠢᠨ᠂ ᠲᠣᠭᠣᠷᠢᠨ᠎ᠤ ᠬᠠᠮᠠᠭ᠋ᠠᠯᠠᠯᠲᠠ ᠵᠢᠨ ᠲᠠᠪᠴᠠᠩ᠎ᠤᠨ ᠰᠡᠷᠡᠯ᠎ᠤᠨ ᠰᠣᠹᠲ᠎ᠤᠨ ᠸᠢᠳᠢᠤ᠋᠎ᠪᠠᠷ ᠬᠢᠨᠠᠨ ᠡᠵᠡᠮᠳᠡᠬᠦ᠎ᠪᠠᠷ ᠳᠡᠮᠵᠢᠨ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠣᠷᠣᠨ ᠪᠠᠶ᠋ᠢᠷᠢ ᠵᠢ ᠣᠨᠣᠪᠴᠢᠲᠠᠢ ᠲᠣᠭᠲᠠᠭ᠋ᠠᠬᠤ ᠪᠠ ᠶᠡᠷᠦᠩᠬᠡᠢ᠌ᠯᠡᠨ ᠰᠤᠳᠤᠯᠤᠨ ᠮᠠᠭ᠋ᠠᠳᠯᠠᠬᠤ ᠵᠢ ᠪᠡᠶᠡᠯᠡᠭᠦᠯᠪᠡ᠃
      [ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ
      ᠬᠡᠷᠡᠭ ᠭᠦᠢ᠍ᠴᠡᠳᠭᠡᠭᠴᠢ᠄ ᠰᠢᠦᠢ ᠬᠠᠢ ᠵᠢᠶᠦ᠋ᠨ ᠶᠠᠩ ᠰᠢᠨ ᠭᠤᠸᠠᠩ ᠸᠸᠨ ᠳ᠋ᠦᠩ ᠪᠢᠨ
      ᠨᠡᠢ᠌ᠲᠡᠯᠢᠭ ᠬᠡᠷᠡᠭ᠎ᠤᠨ ᠵᠢᠱ᠌ᠢᠶ᠎ᠡ ᠲᠠᠪᠤ᠂ ᠠᠯᠠᠱ᠌ᠠ ᠠᠶ᠋ᠢᠮᠠᠭ᠎ᠤᠨ ᠨᠢᠭᠡᠨ ᠬᠢᠵᠠᠭ᠋ᠠᠷᠲᠤ ᠺᠣᠮᠫᠠᠨᠢ ᠵᠢᠨ ᠨᠡᠪᠴᠢᠮᠡᠯ ᠨᠦᠬᠡ ᠵᠢ ᠠᠰᠢᠭᠯᠠᠨ ᠬᠠᠶᠠᠭᠳᠠᠮᠠᠯ ᠤᠰᠤ ᠭᠠᠳᠠᠭᠰᠢᠯᠠᠭᠤᠯᠤᠭᠰᠠᠨ ᠬᠡᠷᠡᠭ
      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]
      2023 ᠣᠨ᠎ᠤ 5 ᠰᠠᠷ᠎ᠠ ᠵᠢᠨ 24᠎ᠤ ᠡᠳᠦᠷ᠂ ᠠᠯᠠᠱ᠌ᠠ ᠠᠶ᠋ᠢᠮᠠᠭ᠎ᠤᠨ ᠠᠯᠠᠱ᠌ᠠ ᠪᠠᠷᠠᠭᠤᠨ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠬᠡ ᠠᠩᠭᠢ ᠵᠢᠨ᠎ᠬᠢᠨ ᠨᠢᠭᠡᠨ ᠬᠢᠵᠠᠭ᠋ᠠᠷᠲᠤ ᠺᠣᠮᠫᠠᠨᠢ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠬᠦ ᠦᠶ᠎ᠡ᠎ᠳᠤ᠂ ᠲᠣᠰ ᠺᠣᠮᠫᠠᠨᠢ ᠵᠢᠨ ᠵᠡᠭᠦᠨ ᠲᠠᠯ᠎ᠠ ᠵᠢᠨ ᠬᠡᠷᠡᠮ᠎ᠤᠨ ᠭᠠᠳᠠᠨ᠎ᠠ ᠳ᠋ᠢᠶᠠᠮᠧᠲᠷ᠎ᠨᠢ 10.33 ᠮᠧᠲᠷ᠂ ᠭᠦᠨ᠎ᠨᠢ 3 ᠮᠧᠲᠷ᠎ᠤᠨ ᠨᠡᠪᠴᠢᠯᠲᠡ ᠵᠢᠨ ᠨᠦᠬᠡ ᠪᠠᠶ᠋ᠢᠬᠤ ᠵᠢᠨ ᠬᠠᠮᠲᠤ ᠳᠠᠯᠳᠠ ᠬᠣᠭᠣᠯᠠᠢ ᠵᠢᠨ ᠨᠡᠪᠴᠢᠯᠲᠡ ᠵᠢᠨ ᠨᠦᠬᠡ ᠪᠠᠢ᠌ᠵᠤ᠂ ᠪᠤᠳᠤᠭ ᠦᠢ᠍ᠯᠡᠳᠪᠦᠷᠢᠯᠡᠬᠦ ᠶᠠᠪᠤᠴᠠ᠎ᠳᠤ ᠡᠭᠦᠰᠦᠭᠰᠡᠨ ᠤᠰᠤᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ᠎ᠳᠤ ᠬᠡᠷᠡᠭᠯᠡᠵᠦ᠂ ᠭᠠᠵᠠᠷ᠎ᠤᠨ ᠭᠠᠳᠠᠷᠭᠤ᠎ᠳᠤ ᠬᠠᠶᠠᠭᠳᠠᠮᠠᠯ ᠤᠰᠤ ᠨᠡᠪᠴᠢᠵᠦ ᠪᠠᠢ᠌ᠬᠤ ᠵᠢ ᠣᠯᠵᠤ ᠮᠠᠲᠠᠵᠠᠢ᠃ PH ᠲᠤᠷᠰᠢᠯᠲᠠ ᠵᠢᠨ ᠴᠠᠭ᠋ᠠᠰᠤ᠎ᠪᠠᠷ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠨ ᠬᠡᠮᠵᠢᠭᠰᠡᠨ ᠲᠣᠭ᠎ᠠ ᠬᠡᠮᠵᠢᠭᠳᠡᠯ᠎ᠨᠢ 1 ᠪᠠᠢ᠌ᠵᠤ᠂ ᠴᠢᠩᠭ᠎ᠠ ᠬᠦᠴᠢᠯᠯᠢᠭ ᠴᠢᠨᠠᠷ᠎ᠲᠠᠢ᠃ ᠨᠡᠪᠴᠢᠯᠲᠡ ᠵᠢᠨ ᠨᠦᠬᠡᠨ᠎ᠳᠤ ᠭᠠᠳᠠᠭᠰᠢᠯᠠᠭᠤᠯᠤᠭᠰᠠᠨ ᠬᠠᠶᠠᠭᠳᠠᠮᠠᠯ ᠤᠰᠤ ᠵᠢ ᠰᠢᠯᠭ᠋ᠠᠨ ᠪᠠᠢ᠌ᠴᠠᠭ᠋ᠠᠭᠰᠠᠨ ᠳ᠋ᠦᠩ᠎ᠠᠴᠠ ᠦᠵᠡᠪᠡᠯ᠂ 13 ᠵᠦᠢ᠍ᠯ᠎ᠤᠨ ᠭᠦᠢ᠍ᠴᠡᠳᠬᠡᠯ ᠲᠣᠭ᠎ᠠ᠎ᠨᠢ 《ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶ᠎ᠠ》 (GB 3838 — 2002) ᠵᠢᠨ ᠬᠦᠰᠦᠨᠦᠭᠲᠦ ᠵᠢᠨ 1Ⅲ ᠲᠥᠷᠥᠯ᠎ᠤᠨ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠠᠴᠠ ᠳᠠᠪᠠᠭᠰᠠᠨ ᠪᠠᠢ᠌ᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠲᠠᠷᠠᠭ᠋ᠠᠴᠢ ᠵᠢᠨ ᠪᠠᠢ᠌ᠴᠠᠭ᠋ᠠᠯᠲᠠ ᠬᠢᠵᠦ ᠭᠡᠷᠡᠴᠢ ᠠᠪᠬᠤ ᠶᠠᠪᠤᠴᠠ᠎ᠳᠤ ᠪᠠᠰᠠ ᠲᠤᠰ ᠺᠣᠮᠫᠠᠨᠢ᠎ᠳᠤ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠠᠲᠠᠭ᠋ᠠᠯ᠎ᠳᠠᠬᠢ ᠬᠠᠶᠠᠭᠳᠠᠮᠠᠯ ᠤᠰᠤ ᠵᠢ ᠦᠢ᠍ᠯᠡᠳᠪᠦᠷᠢ ᠵᠢᠨ ᠲᠣᠭᠣᠷᠢᠭ᠎ᠤᠨ ᠭᠠᠳᠠᠨᠠᠬᠢ ᠡᠮᠦᠨ᠎ᠡ ᠲᠠᠯ᠎ᠠ ᠵᠢᠨ ᠬᠣᠭᠣᠰᠤᠨ ᠭᠠᠵᠠᠷ᠎ᠲᠤ ᠭᠠᠳᠠᠭᠰᠢᠯᠠᠭᠤᠯᠤᠭᠰᠠᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶ᠋ᠢᠬᠤ ᠵᠢ ᠣᠯᠵᠤ ᠮᠡᠳᠡᠵᠡᠢ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      ᠲᠤᠰ ᠺᠣᠮᠫᠠᠨᠢ ᠵᠢᠨ ᠳᠡᠭᠡᠷ᠎ᠡ ᠳᠤᠷᠠᠳᠤᠭᠰᠠᠨ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ ᠭᠤᠴᠢ ᠶᠢᠰᠦᠳᠦᠭᠡᠷ ᠵᠦᠢ᠍ᠯ᠎ᠢ ᠵᠥᠷᠢᠴᠡᠵᠦ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ ᠨᠠᠶᠠᠨ ᠭᠤᠷᠪᠠᠳᠤᠭ᠋ᠠᠷ ᠵᠦᠢ᠍ᠯ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠤᠨ ᠲᠣᠭᠲᠠᠭ᠋ᠠᠯ᠎ᠢ ᠦᠨᠳᠦᠰᠦᠯᠡᠨ᠂ ᠬᠠᠷᠢᠶ᠎ᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠲᠣᠰ ᠺᠣᠮᠫᠠᠨᠢ ᠵᠢ 100 ᠲᠦᠮᠡᠨ ᠲᠥᠭᠥᠷᠢᠭ ᠵᠶ᠋ᠡᠷ ᠲᠣᠷᠭ᠋ᠠᠬᠤ ᠵᠢᠨ ᠬᠠᠮᠲᠤ ᠲᠣᠰ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠵᠤ ᠤᠯᠠᠮ ᠨᠢᠭᠡ ᠠᠯᠬᠤᠮ ᠪᠠᠢ᠌ᠴᠠᠭ᠋ᠠᠨ ᠰᠢᠢ᠍ᠳᠪᠦᠷᠢᠯᠡᠭᠦᠯᠵᠡᠢ᠃
      [ᠰᠡᠩᠬᠡᠷᠡᠭᠦᠯᠦᠯ᠎ᠤᠨ ᠠᠴᠢ ᠬᠣᠯᠪᠣᠭᠳᠠᠯ]
      ᠲᠣᠰ ᠬᠡᠷᠡᠭ᠎ᠲᠤ᠂ ᠬᠠᠤᠯᠢ ᠬᠡᠷᠡᠭᠵᠢᠭᠦᠯᠬᠦ ᠠᠵᠢᠯᠲᠠᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠡᠷᠡᠭ᠎ᠤᠨ ᠰᠦᠪᠡᠭᠴᠢ ᠵᠢ ᠴᠠᠭ ᠲᠤᠬᠠᠢ᠎ᠳᠤᠨᠢ ᠬᠠᠩᠭ᠋ᠠᠬᠤ ᠵᠢᠨ ᠬᠠᠮᠲᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠢ ᠬᠠᠮᠠᠭ᠋ᠠᠯᠠᠨ ᠬᠠᠳᠠᠭ᠋ᠠᠯᠠᠵᠤ᠂ ᠲᠤᠬᠠᠢ ᠵᠢᠨ ᠲᠠᠯᠠᠪᠤᠷ᠎ᠤᠨ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠲᠣᠭᠲᠠᠪᠤᠷᠢᠵᠢᠭᠤᠯᠤᠨ᠂ ᠲᠠᠷᠠᠭ᠋ᠠᠴᠢ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠡᠷᠡᠭ᠎ᠢ ᠲᠠᠩᠨᠠᠨ ᠰᠢᠢ᠍ᠳᠪᠦᠷᠢᠯᠡᠬᠦ᠎ᠳᠤ ᠬᠦᠴᠦᠲᠡᠢ ᠪᠠᠲᠤᠯᠠᠭ᠎ᠠ ᠬᠠᠩᠭ᠋ᠠᠵᠠᠢ᠃ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ ᠠᠮᠢ ᠠᠬᠤᠢ ᠣᠷᠴᠢᠨ ᠲᠣᠭᠣᠷᠢᠨ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠬᠠᠮᠲᠤᠷᠠᠭᠰᠠᠨ ᠬᠠᠮᠵᠢᠯᠴᠠᠭ᠎ᠠ ᠵᠢ ᠴᠢᠩᠭ᠋ᠠᠳᠬᠠᠵᠤ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠬᠠᠲᠠᠭᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠵᠦ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠨᠡᠢ᠌ᠯᠡᠮᠡᠯ ᠬᠦᠴᠦᠨ᠎ᠢ ᠪᠤᠢ ᠪᠣᠯᠭ᠋ᠠᠵᠤ᠂ ᠬᠠᠮᠲᠤᠷᠠᠨ ᠬᠡᠷᠡᠭ ᠰᠢᠢ᠍ᠳᠪᠦᠷᠢᠯᠡᠬᠦ ᠬᠢᠷᠢ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠳᠡᠭᠡᠭᠰᠢᠯᠡᠭᠦᠯᠦᠨ᠂ ᠡᠯ᠎ᠡ ᠲᠥᠷᠥᠯ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠷᠢᠶ᠎ᠠ ᠣᠷᠣᠨ᠎ᠤ ᠣᠷᠴᠢᠨ ᠲᠣᠭᠣᠷᠢᠨ᠎ᠤ  ᠪᠣᠬᠢᠷᠲᠤᠯ᠎ᠤᠨ ᠦᠢ᠍ᠯᠡ ᠠᠵᠢᠯᠯᠠᠭ᠎ᠠ᠎ᠳᠤ ᠰᠦᠷᠳᠡᠭᠦᠯᠬᠦ ᠦᠢ᠍ᠯᠡᠳᠦᠯ ᠦᠵᠡᠭᠦᠯᠵᠦ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢ ᠠᠬᠢᠭᠤᠯᠤᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠤ ᠱᠤᠭᠤᠮ᠎ᠢ ᠪᠠᠲᠤ ᠪᠡᠬᠢᠵᠢᠭᠦᠯᠵᠡᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢ ᠣᠷᠣᠭᠤᠯᠤᠨ ᠠᠪᠴᠢᠷᠠᠵᠤ ᠬᠢᠨᠠᠨ ᠲᠣᠭᠲᠠᠭ᠋ᠠᠯᠲᠠ ᠵᠢᠨ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠭᠤᠷᠪᠠᠳᠠᠭᠢ ᠡᠲᠡᠭᠡᠳ᠎ᠤᠨ ᠪᠠᠢ᠌ᠴᠠᠭ᠋ᠠᠨ ᠰᠢᠯᠭ᠋ᠠᠬᠤ ᠺᠣᠮᠫᠠᠨᠢ᠎ᠳᠤ ᠨᠠᠶ᠋ᠢᠳᠠᠵᠤ ᠪᠠᠢ᠌ᠴᠠᠭ᠋ᠠᠨ ᠬᠡᠮᠵᠢᠯᠲᠡ ᠬᠢᠯᠭᠡᠵᠦ᠂ ᠵᠠᠩᠭᠢᠯᠠᠭ᠎ᠠ ᠵᠢᠨ ᠭᠡᠷᠡᠴᠢ ᠪᠠᠷᠢᠮᠲᠠ ᠵᠢ ᠬᠠᠤᠯᠢ ᠶᠣᠰᠣᠭ᠋ᠠᠷ ᠴᠤᠭᠯᠠᠭᠤᠯᠵᠤ᠂ ᠠᠮᠢ ᠠᠬᠤᠢ ᠵᠢ ᠡᠪᠳᠡᠭᠰᠡᠨ᠂ ᠪᠣᠬᠢᠷᠲᠤᠭᠤᠯᠤᠨ ᠬᠣᠬᠢᠷᠠᠭᠤᠯᠤᠭᠰᠠᠨ ᠬᠡᠷᠡᠭ᠎ᠲᠤ ᠬᠦᠴᠦᠲᠡᠢ ᠮᠡᠷᠭᠡᠵᠢᠯ᠎ᠤᠨ ᠳᠡᠮᠵᠢᠯᠭᠡ ᠪᠠ ᠭᠡᠷᠡᠴᠢ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠪᠠ᠃
      [ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠠᠯᠠᠱ᠌ᠠ ᠪᠠᠷᠠᠭᠤᠨ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠬᠡ ᠠᠩᠭᠢ
      ᠬᠡᠷᠡᠭ ᠭᠦᠢ᠍ᠴᠡᠳᠭᠡᠭᠴᠢ᠄ ᠼᠤᠤ ᠳ᠋ᠠ ᠬᠤᠢ ᠬᠤᠷᠴᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (3)
ᠰᠦᠨ ᠵᠢᠨ ᠯᠦᠩ᠄ ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠵᠶ᠋ᠡᠷ ᠠᠵᠢᠯ ᠣᠯᠭᠣᠯᠲᠠ ᠵᠢᠨ 《ᠠᠯᠲᠠᠨ ᠫᠠᠢ᠌ᠰᠠ》 ᠵᠢ ᠡᠭᠦᠳᠦᠨ᠎ᠡ
ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ
 
             蒙ICP备05000248号