ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠰᠦᠨ ᠵᠢᠨ ᠯᠦᠩ᠄ ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2024-12-20

      2024 ᠣᠨ᠎ᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ 11 ᠰᠠᠷ᠎ᠠ ᠵᠢᠨ 29᠎ᠤ ᠡᠳᠦᠷ ᠪᠡᠭᠡᠵᠢᠩ᠎ᠳᠤ ᠬᠤᠷᠠᠯᠳᠤᠪᠠ᠃ ᠰᠤᠳᠤᠯᠤᠨ ᠶᠠᠷᠢᠯᠴᠠᠬᠤ ᠬᠤᠷᠠᠯ᠎ᠨᠢ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠶ᠎ᠠ》 ᠭᠡᠬᠦ ᠭᠣᠣᠯ ᠰᠡᠳᠦᠪ ᠵᠶ᠋ᠠᠷ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠯ ᠎ᠲᠠᠢ᠎ᠪᠠᠷ ᠬᠠᠮᠲᠤ ᠣᠷᠣᠰᠢᠬᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠲᠦᠭᠡᠨ ᠪᠠᠢ᠌ᠭᠤᠯᠬᠤ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠵᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠰᠤᠳᠤᠯᠤᠨ ᠶᠠᠷᠢᠯᠴᠠᠬᠤ ᠬᠤᠷᠠᠯ᠎ᠤᠨ ᠭᠣᠣᠯ ᠶᠠᠷᠢᠶᠠᠨ᠎ᠤ ᠲᠠᠪᠴᠠᠩ᠎ᠳᠤ ᠣᠷᠣᠯᠴᠠᠵᠤ ᠶᠠᠷᠢᠶ᠎ᠠ ᠲᠠᠯᠪᠢᠵᠠᠢ᠃
      12 ᠰᠠᠷ᠎ᠠ ᠵᠢᠨ 5᠎ᠤ ᠡᠳᠦᠷ᠂ ᠭᠤᠸᠠᠩᠮᠢᠩ ᠡᠳᠦᠷ᠎ᠤᠨ ᠰᠣᠨᠢᠨ ᠰᠦᠨ ᠵᠢᠨ ᠯᠦᠩ ᠱᠦᠵᠢ ᠵᠢᠨ ᠶᠠᠷᠢᠶ᠎ᠠ ᠵᠢ ᠰᠣᠩᠭᠣᠨ ᠨᠡᠢ᠌ᠲᠡᠯᠡᠪᠡ᠃
      ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ
      ᠰᠢᠨ᠎ᠡ ᠴᠠᠭ ᠦᠶ᠎ᠡ᠎ᠳᠤ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠯᠤᠲᠤ ᠶᠡᠬᠡ ᠠᠮᠵᠢᠯᠲᠠ ᠪᠦᠲᠦᠮᠵᠢ ᠣᠯᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠢ ᠠᠬᠤᠢ ᠵᠢᠨ ᠭᠠᠶ᠋ᠢᠬᠠᠮᠰᠢᠭ ᠪᠣᠯᠣᠨ ᠪᠣᠬᠢᠷᠲᠤᠯ ᠦᠭᠡᠢ ᠬᠥᠭᠵᠢᠯᠲᠡ ᠵᠢᠨ ᠭᠠᠶ᠋ᠢᠬᠠᠮᠰᠢᠭ᠎ᠢ ᠡᠭᠦᠳᠦᠭᠰᠡᠨ᠎ᠤ ᠦᠨᠳᠦᠰᠦ᠎ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠣᠨᠴᠠᠭ᠋ᠠᠢ᠌ᠯᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠳᠣᠣᠷᠠᠬᠢ ᠪᠦᠬᠦ ᠨᠠᠮ ᠪᠦᠬᠦ ᠠᠷᠠᠳ ᠲᠦᠮᠡᠨ᠎ᠤ ᠲᠡᠮᠡᠴᠡᠯ ᠪᠠ ᠡᠭᠦᠳᠦᠯᠲᠡ᠎ᠳᠤ ᠪᠠᠢ᠌ᠨ᠎ᠠ᠂ ᠮᠥᠨ ᠴᠤ᠌ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠬᠦᠴᠦᠲᠡᠢ ᠲᠤᠯᠭ᠋ᠠᠭᠤᠷᠢᠯᠠᠯ ᠪᠣᠯᠣᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ ᠶᠤᠮ᠃
      ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠥᠭᠡᠷᠡᠴᠢᠯᠡᠯᠲᠡ ᠵᠢ ᠪᠦᠬᠦ ᠲᠠᠯ᠎ᠠ ᠎ᠪᠠᠷ ᠭᠦᠨᠵᠡᠭᠡᠢ᠌ᠷᠡᠭᠦᠯᠬᠦ ᠵᠢᠨ ᠴᠢᠬᠤᠯᠠ ᠠᠭᠤᠯᠭ᠎ᠠ ᠪᠣᠯᠭ᠋ᠠᠵᠤ᠂ ᠠᠯᠢ ᠤᠯᠠᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠯᠢ ᠤᠯᠠᠨ ᠬᠤᠪᠢᠰᠤᠯᠲᠠ ᠵᠢᠨ ᠴᠢᠨᠠᠷᠲᠠᠢ ᠦᠢ᠍ᠯᠡᠳᠦᠯᠭᠡ ᠵᠢ ᠠᠬᠢᠭᠤᠯᠵᠤ᠂ ᠠᠯᠢ ᠤᠯᠠᠨ ᠰᠢᠪᠲᠤᠯᠤᠯᠲᠠ ᠵᠢᠨ ᠴᠢᠨᠠᠷᠲᠠᠢ ᠠᠬᠢᠴᠠ ᠵᠢ ᠪᠡᠶᠡᠯᠡᠭᠦᠯᠦᠨ᠂ ᠠᠯᠢ ᠤᠯᠠᠨ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠣᠯᠵᠤ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠲᠣᠭᠲᠠᠴᠠ ᠵᠢ ᠰᠢᠰᠲ᠋ᠧᠮ᠎ᠤᠨ ᠴᠢᠨᠠᠷᠲᠠᠢ ᠲᠠᠬᠢᠨ ᠴᠣᠭᠴᠠᠯᠠᠬᠤ ᠵᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠢ᠌ᠷᠡᠵᠦ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠶᠠᠪᠤᠴᠠ᠎ᠳᠠᠬᠢ ᠦᠵᠡᠰᠬᠦᠯᠡᠩᠲᠦ ᠰᠠᠢ᠌ᠬᠠᠨ ᠬᠠᠭᠤᠳᠠᠰᠤ ᠵᠢ ᠪᠢᠴᠢᠭᠯᠡᠪᠡ᠃
      ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠦᠢ᠍ᠯᠡᠳᠦᠯᠭᠡ ᠵᠢ ᠳ᠋ᠦᠩᠨᠡᠬᠦ᠎ᠳᠤ ᠮᠠᠰᠢ ᠤᠯᠠᠨ ᠴᠢᠬᠤᠯᠠ ᠲᠤᠷᠰᠢᠯᠭ᠎ᠠ ᠰᠡᠩᠬᠡᠷᠡᠭᠦᠯᠦᠯ ᠪᠤᠢ᠃ ᠥᠭᠡᠷᠡᠴᠢᠯᠡᠯᠲᠡ ᠵᠢᠨ ᠤᠳᠤᠷᠢᠳᠤᠮᠵᠢ ᠵᠢ ᠳᠤᠪᠤᠢ᠍ᠢ᠍ᠯᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠭᠦᠨ ᠳᠠᠪᠬᠤᠷᠭ᠎ᠠ ᠵᠢᠨ ᠠᠰᠠᠭᠤᠳᠠᠯ ᠵᠢᠴᠢ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠡᠷᠡᠰ ᠠᠷᠢᠯᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠬᠦᠷᠢᠶ᠎ᠡ ᠪᠣᠯᠣᠨ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ ᠦᠨᠡᠨ ᠬᠦ᠌ ᠠᠳᠬᠤᠨ ᠪᠣᠳᠠᠲᠠᠢ ᠥᠭᠡᠷᠡᠴᠢᠯᠡᠵᠦ᠂ ᠬᠠᠮᠢᠶ᠎ᠠ ᠪᠦᠬᠦᠢ ᠳᠦᠷᠢᠮ ᠲᠣᠭᠲᠠᠴᠠ ᠵᠢ ᠳᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠡᠢ᠃ ᠥᠭᠡᠷᠡᠴᠢᠯᠡᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠳᠬᠠᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠣᠷᠢᠨ᠎ᠤ ᠪᠤᠶᠠᠨ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠮᠢ ᠠᠬᠤᠢ᠎ᠪᠠᠷ ᠠᠷᠠᠳ᠎ᠲᠤ ᠦᠢ᠍ᠯᠡᠴᠢᠯᠡᠬᠦ᠂ ᠠᠮᠢ ᠠᠬᠤᠢ᠎ᠪᠠᠷ ᠠᠷᠠᠳ᠎ᠲᠤ ᠲᠤᠰᠠᠯᠠᠬᠤ᠂ ᠠᠮᠢ ᠠᠬᠤᠢ᠎ᠪᠠᠷ ᠠᠷᠠᠳ᠎ᠲᠤ ᠠᠰᠢᠭ ᠬᠦᠷᠲᠡᠭᠡᠬᠦ ᠵᠢ ᠪᠠᠷᠢᠮᠲᠠᠯᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠤᠯᠠᠨ ᠨᠡᠩ ᠭᠣᠣᠯᠴᠢ᠎ᠪᠠᠷ ᠡᠳ᠋ᠯᠡᠭᠦᠯᠪᠡ᠃ ᠥᠭᠡᠷᠡᠴᠢᠯᠡᠯᠲᠡ ᠵᠢᠨ ᠭᠣᠣᠯᠳᠠᠯᠭ᠎ᠠ ᠵᠢ ᠣᠨᠣᠪᠴᠢᠲᠠᠢ ᠡᠷᠢᠨ ᠣᠯᠵᠤ᠂ ᠰᠢᠰᠲ᠋ᠧᠮ᠎ᠤᠨ ᠴᠤᠭᠯᠠᠷᠠᠯ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠪᠠᠢ᠌ᠭᠤᠯᠵᠤ᠂ ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠠᠢ᠃ ᠥᠭᠡᠷᠡᠴᠢᠯᠡᠯᠲᠡ ᠵᠢᠨ ᠠᠷᠭ᠎ᠠ ᠵᠢ ᠰᠠᠶ᠋ᠢᠲᠤᠷ ᠬᠡᠷᠡᠭᠯᠡᠵᠦ᠂ ᠰᠢᠰᠲ᠋ᠧᠮᠲᠦ ᠦᠵᠡᠯᠲᠡ᠎ᠪᠠᠷ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠰᠦᠪᠡᠭᠴᠢᠯᠡᠨ ᠠᠬᠢᠭᠤᠯᠵᠤ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠠᠵᠤ ᠠᠬᠤᠢ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠪᠤᠰᠤᠳ ᠡᠯ᠎ᠡ ᠬᠦᠷᠢᠶᠡᠨ᠎ᠤ ᠥᠭᠡᠷᠡᠴᠢᠯᠡᠯᠲᠡ᠎ᠲᠠᠢ ᠠᠳᠠᠯᠢ ᠴᠢᠭᠯᠡᠯ ᠵᠶ᠋ᠡᠷ ᠬᠦᠴᠦᠯᠡᠬᠦ᠂ ᠬᠠᠮᠵᠢᠯᠴᠠᠨ ᠥᠨᠳᠥᠷ ᠪᠦᠲᠦᠮᠵᠢᠲᠡᠢ ᠪᠠᠶ᠋ᠢᠬᠤ ᠵᠢ ᠠᠬᠢᠭᠤᠯᠤᠭᠰᠠᠨ ᠪᠠᠢ᠌ᠨ᠎ᠠ᠃
      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ ᠶᠠᠪᠤᠳᠠᠯ᠎ᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠶᠡᠷᠦᠩᠬᠡᠢ ᠬᠠᠷᠠᠯᠲᠠ ᠵᠢᠨ ᠴᠢᠬᠤᠯᠠ ᠲᠠᠯ᠎ᠠ ᠪᠣᠯᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠭᠣᠣᠯᠳᠠᠯᠭ᠎ᠠ᠎ᠲᠠᠢ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠪᠠᠢ᠌ᠷᠢᠯᠠᠭᠤᠯᠤᠭᠰᠠᠨ᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠪᠠ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ ᠵᠢ ᠭᠦᠢ᠍ᠴᠡᠳ ᠢᠯᠡᠷᠡᠭᠦᠯᠵᠡᠢ᠃
      ᠪᠢᠳᠡ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ᠎ᠪᠠᠨ ᠲᠣᠭᠲᠠᠭ᠋ᠠᠵᠤ᠂ ᠠᠮᠢ ᠠᠬᠤᠢ ᠵᠢᠨ ᠪᠣᠯᠪᠠᠰᠤᠨ᠎ᠤ ᠰᠠᠭᠤᠷᠢ ᠪᠠᠢ᠌ᠭᠤᠯᠤᠮᠵᠢ ᠵᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠪᠠᠢ᠌ᠷᠢᠰᠢᠯ᠎ᠢ ᠲᠦᠷᠭᠡᠨ ᠪᠠᠢ᠌ᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠵᠶ᠋ᠡᠷ ᠠᠵᠢᠯ ᠣᠯᠭᠣᠯᠲᠠ ᠵᠢᠨ 《ᠠᠯᠲᠠᠨ ᠫᠠᠢ᠌ᠰᠠ》 ᠵᠢ ᠡᠭᠦᠳᠦᠨ᠎ᠡ
ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ
ᠰᠢ ᠵᠢᠨ ᠫᠢᠩ᠄ ᠠᠵᠤ ᠠᠬᠤᠢ ᠵᠢᠨ ᠠᠵᠢᠯ᠎ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠶ
ᠰᠢ ᠵᠢᠨ ᠫᠢᠩ᠄ ᠦᠨᠳᠦᠰᠦᠲᠡᠨ᠎ᠤ ᠣᠨᠴᠠᠯᠢᠭ᠂ ᠮᠠᠰᠢ ᠪᠣᠷᠣᠭᠵᠢᠭᠤᠨ ᠮᠥᠷᠲᠡᠭᠡᠨ ᠮᠣᠣᠳ᠋ ᠶᠤᠮ
 
             蒙ICP备05000248号