ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠪᠣᠯ ᠢᠯᠡ ᠲᠣᠳᠣ ᠭᠠᠵᠠᠷ ᠣᠷᠣᠨ᠎ᠤ ᠲᠡᠮᠳᠡᠭ᠂ ᠠᠵᠢᠯ ᠲᠥᠷᠥᠯ᠎ᠤᠨ ᠣᠨᠴᠠᠯᠢᠭ ᠪᠠ ᠮᠡᠷᠭᠡᠵᠢᠯ ᠴᠢᠳᠠᠪᠤᠷᠢ ᠵᠢᠨ ᠣᠨᠴᠠᠯᠢᠭ᠎ᠢ ᠨᠢᠭᠡ ᠴᠣᠭᠴᠠᠵᠢᠭᠤᠯᠤᠭᠰᠠᠨ ᠠᠵᠢᠯ ᠣᠯᠭᠣᠯᠲᠠ ᠵᠢᠨ ᠴᠢᠨᠠᠷ ᠰᠠᠢ᠌ᠲᠠᠢ ᠠᠴᠢᠶᠠᠯᠠᠪᠤᠷᠢ ᠪᠣᠯᠣᠨ᠎ᠠ᠃ ᠣᠢ᠌ᠷ᠎ᠠ ᠵᠢᠨ ᠵᠢᠯ᠎ᠤᠳ᠎ᠲᠤ᠂ ᠡᠯ᠎ᠡ ᠭᠠᠵᠠᠷ᠎ᠤᠨ᠎ᠬᠢᠨ ᠨᠢᠭᠡ ᠪᠦᠯᠦᠭ ᠣᠨᠴᠠᠯᠢᠭ ᠵᠶ᠋ᠠᠷ ᠢᠯᠡ ᠲᠣᠳᠣ᠂ ᠮᠡᠷᠭᠡᠵᠢᠯ ᠴᠢᠳᠠᠪᠤᠷᠢ᠎ᠪᠠᠷ ᠴᠠᠭ᠋ᠠᠷᠠᠭᠰᠠᠨ᠂ ᠮᠠᠭᠲᠠᠭ᠋ᠠᠯ ᠰᠠᠢ᠌ᠰᠢᠶᠠᠯ ᠵᠶ᠋ᠠᠷ ᠰᠠᠶ᠋ᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠵᠤ᠂ ᠬᠥᠳᠡᠯᠮᠦᠷᠢ ᠬᠦᠴᠦᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠬᠦᠴᠦᠲᠡᠢ ᠠᠬᠢᠭᠤᠯᠤᠭᠰᠠᠨ ᠪᠠᠢ᠌ᠨ᠎ᠠ᠃ ᠬᠡᠷᠬᠢᠨ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠷᠠᠭ᠋ᠠᠯᠠᠨ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠢᠯᠡᠷᠡᠭᠦᠯᠦᠨ ᠪᠣᠢ᠌ᠵᠢᠭᠤᠯᠬᠤ᠂ ᠬᠥᠭᠵᠢᠭᠦᠯᠦᠨ ᠳᠡᠭᠡᠭᠰᠢᠯᠡᠭᠦᠯᠬᠦ᠂ ᠪᠤᠵᠠᠭ᠋ᠠᠢ᠌ᠷᠠᠭᠤᠯᠤᠨ ᠲᠠᠰ ᠳᠡᠪᠰᠢᠭᠦᠯᠬᠦ ᠵᠢ ᠰᠠᠶ᠋ᠢᠲᠤᠷ ᠠᠳᠬᠤᠵᠤ᠂ ᠲᠡᠭᠦᠨ᠎ᠤ ᠠᠵᠢᠯ ᠣᠯᠭᠣᠯᠲᠠ ᠵᠢ ᠳᠠᠢ᠌ᠴᠢᠯᠠᠬᠤ᠂ ᠠᠵᠤ ᠦᠢ᠍ᠯᠡᠰ᠎ᠢ ᠠᠬᠢᠭᠤᠯᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠪᠤᠢ? ᠰᠤᠷᠪᠤᠯᠵᠢᠯᠠᠭᠴᠢ ᠣᠢ᠌ᠷ᠎ᠠ᠎ᠳᠤ ᠰᠤᠷᠪᠤᠯᠵᠢᠯᠠᠨ ᠪᠠᠢ᠌ᠴᠠᠭ᠋ᠠᠨ ᠰᠤᠳᠤᠯᠤᠯᠲᠠ ᠬᠢᠵᠦ᠂ ᠡᠲᠡᠭᠡᠷ ᠠᠵᠢᠯ ᠣᠯᠭᠣᠯᠲᠠ ᠵᠢᠨ 《ᠠᠯᠲᠠᠨ ᠫᠠᠢ᠌ᠰᠠ》 ᠵᠢᠨ ᠠᠷᠤ᠎ᠳᠠᠬᠢ ᠨᠢᠭᠤᠴᠠ ᠨᠣᠮᠧᠷ᠎ᠢ ᠬᠠᠢ᠌ᠬᠤ᠎ᠪᠠᠷ ᠪᠣᠯᠣᠯ᠎ᠠ᠃
ᠳ᠋ᠦᠩᠭ᠋ᠠᠩᠤᠨ ᠭᠦᠵᠡᠯᠵᠡᠭᠡᠨ᠎ᠡ ᠵᠢᠨ ᠠᠵᠢᠯᠴᠢᠨ᠂ ᠰᠠᠨ᠎ᠲᠠᠢ ᠭᠤᠲᠤᠯᠴᠢᠨ᠂ ᠰᠢᠶᠠᠩᠲ᠋ᠠᠨᠤ 《ᠴᠠᠬᠢᠯᠭ᠋ᠠᠨ ᠬᠦᠴᠦᠨ᠎ᠤ ᠬᠤᠨᠠᠨ ᠴᠡᠷᠢᠭ》᠂ ᠬᠠᠢ ᠶᠤᠸᠠᠨ᠎ᠤ ᠵᠢᠯᠣᠭᠣᠴᠢ᠂ ᠴᠠᠩᠴᠦ᠋ᠨ᠎ᠤ ᠵᠢᠯᠣᠭᠣᠴᠢ ᠦᠭᠡᠢ ᠨᠢᠰᠬᠡᠯ᠎ᠤᠨ ᠡᠵᠡᠮᠳᠡᠭᠴᠢ᠂ ᠬᠠᠢ᠌ᠨᠠᠨ᠎ᠤ ᠰᠢᠨ᠎ᠡ ᠡᠨᠧᠷᠭᠢ ᠵᠢᠨ ᠮᠠᠰᠢᠨ ᠰᠡᠯᠪᠢᠭᠴᠢ᠂ ᠡᠮᠦᠨᠡᠲᠦ ᠣᠷᠣᠨ᠎ᠤ ᠰᠠᠷ᠎ᠠ᠎ᠳᠤ ᠰᠠᠭᠤᠭᠰᠠᠳ᠎ᠢ ᠠᠰᠠᠷᠠᠭᠴᠢ᠂ ᠬᠣᠩ ᠺᠧᠦ ᠵᠢᠨ ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ᠂ ᠯᠠᠨ ᠺᠣᠣ ᠵᠢᠨ ᠬᠥᠭᠵᠢᠮ᠎ᠤᠨ ᠠᠵᠢᠯᠴᠢᠨ ᠁ ᠵᠡᠷᠭᠡ ᠭᠠᠵᠠᠷ᠎ᠤᠨ ᠨᠡᠷ᠎ᠡ + ᠮᠡᠷᠭᠡᠵᠢᠯ᠎ᠤᠨ ᠳᠠᠭᠤᠳᠠᠯᠭ᠎ᠠ ᠵᠢ ᠦᠵᠡᠬᠦ᠎ᠳᠤ ᠲᠣᠪ ᠲᠣᠳᠣᠷᠬᠠᠢ ᠪᠣᠯᠪᠠᠴᠤ ᠰᠣᠨᠣᠰᠬᠤ᠎ᠳᠤ ᠲᠠᠨᠢᠯ ᠪᠤᠰᠤ ᠪᠠᠢ᠌ᠵᠤ ᠮᠡᠳᠡᠨ᠎ᠡ᠃ ᠦᠨᠡᠨ᠎ᠳᠡᠭᠡᠨ ᠡᠲᠡᠭᠡᠷ᠎ᠨᠢ ᠴᠥᠮ ᠡᠯ᠎ᠡ ᠭᠠᠵᠠᠷ᠎ᠤᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠪᠣᠯᠬᠤ ᠶᠤᠮ᠃
ᠶᠠᠭᠤ ᠵᠢ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠭᠡᠬᠦ ᠪᠤᠢ? ᠤᠯᠠᠨ ᠲᠦᠮᠡᠨ᠎ᠤ ᠰᠠᠶ᠋ᠢᠨ ᠮᠡᠳᠡᠳᠡᠭ ᠲᠠᠸᠠᠷ᠎ᠤᠨ ᠪᠡᠶ᠎ᠡ᠎ᠳᠤ ᠳᠠᠭ᠋ᠠᠯᠳᠤᠵᠤ ᠪᠠᠢ᠌ᠭ᠎ᠠ ᠨᠡᠷᠡᠲᠦ ᠲᠥᠷᠥᠯ ᠲᠡᠮᠳᠡᠭ᠎ᠲᠠᠢ ᠠᠳᠠᠯᠢ ᠦᠭᠡᠢ᠎ᠨᠢ ᠭᠡᠪᠡᠯ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠪᠣᠯ ᠬᠥᠳᠡᠯᠮᠦᠷᠢᠴᠢᠨ᠎ᠤ ᠲᠥᠷᠥᠯ ᠲᠡᠮᠳᠡᠭ ᠮᠥᠨ᠂ ᠨᠠᠩ ᠣᠨᠣᠪᠴᠢᠲᠠᠢ᠎ᠪᠠᠷ ᠬᠡᠯᠡᠪᠡᠯ᠂ ᠢᠯᠡ ᠲᠣᠳᠣ ᠭᠠᠵᠠᠷ ᠣᠷᠣᠨ᠎ᠤ ᠲᠡᠮᠳᠡᠭ᠎ᠲᠠᠢ᠂ ᠢᠯᠡ ᠲᠣᠳᠣ ᠠᠵᠢᠯ ᠲᠥᠷᠥᠯ᠎ᠤᠨ ᠣᠨᠴᠠᠯᠢᠭ᠎ᠲᠠᠢ᠂ ᠴᠠᠭ᠋ᠠᠷᠠᠭᠰᠠᠨ ᠤᠷ᠎ᠠ ᠮᠡᠷᠭᠡᠵᠢᠯ᠎ᠤᠨ ᠣᠨᠴᠠᠯᠢᠭ᠎ᠲᠠᠢ ᠪᠠ ᠬᠡᠷᠡᠭᠯᠡᠭᠴᠢᠳ᠎ᠤᠨ ᠮᠠᠭᠲᠠᠭ᠋ᠠᠯ ᠰᠠᠢ᠌ᠰᠢᠶᠠᠯ᠎ᠢ ᠣᠯᠣᠭᠰᠠᠨ ᠬᠥᠳᠡᠯᠮᠦᠷᠢᠴᠢᠨ᠎ᠤ ᠬᠥᠳᠡᠯᠮᠦᠷᠢ ᠦᠢ᠍ᠯᠡᠴᠢᠯᠡᠭᠡᠨ᠎ᠤ ᠪᠡᠶ᠎ᠡ ᠵᠢᠨ ᠬᠢᠷᠢ ᠬᠡᠮ ᠮᠥᠨ᠃
ᠣᠢ᠌ᠷ᠎ᠠ ᠵᠢᠨ ᠵᠢᠯ᠎ᠠᠴᠠ ᠨᠠᠭ᠋ᠠᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠪᠠ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠢ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ 2300 ᠭᠠᠷᠤᠢ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠢ ᠪᠣᠢ᠌ᠵᠢᠭᠤᠯᠵᠤ᠂ 6000 ᠲᠦᠮᠡ ᠰᠢᠬᠠᠮ ᠬᠥᠮᠥᠨ᠎ᠢ ᠳᠠᠢ᠍ᠢ᠍ᠴᠢᠯᠠᠨ ᠭᠠᠳᠠᠭᠰᠢ ᠭᠠᠷᠴᠤ ᠠᠵᠢᠯ ᠬᠢᠬᠦ᠂ ᠣᠢ᠌ᠷ᠎ᠠ ᠬᠠᠪᠢ᠎ᠳᠠᠭᠠᠨ ᠠᠵᠢᠯ ᠣᠯᠬᠤ ᠪᠠ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠵᠢ ᠪᠡᠶᠡᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠢᠯᠠᠯᠲᠠ ᠵᠢ ᠣᠯᠬᠤ᠂ ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ᠂ ᠬᠥᠳᠡᠭᠡ ᠲᠣᠰᠬᠤᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠵᠡᠢ᠃
ᠠᠵᠢᠯ ᠣᠯᠭᠣᠯᠲᠠ ᠵᠢᠨ ᠣᠷᠣᠨ ᠵᠠᠢ ᠵᠢ ᠥᠷᠭᠡᠳᠬᠡᠨ᠎ᠡ
ᠯᠠᠨᠵᠧᠦ ᠵᠢᠨ ᠬᠥᠮᠥᠰ᠎ᠤᠨ ᠨᠢᠭᠡ ᠡᠳᠦᠷ ᠪᠣᠯ ᠶᠡᠷᠦ᠎ᠨᠢ ᠨᠢᠭᠡ ᠠᠶᠠᠭ᠎ᠠ ᠦᠬᠡᠷ᠎ᠤᠨ ᠮᠢᠬᠠᠨ᠎ᠤ ᠲᠠᠲᠠᠮᠠᠯ ᠭᠤᠯᠢᠷ᠎ᠠᠴᠠ ᠡᠬᠢᠯᠡᠳᠡᠭ᠃
ᠶᠠᠭ᠋ᠠᠷᠠᠯᠲᠠᠢ ᠲᠣᠭᠣᠭ᠋ᠠᠨ ᠭᠡᠷ᠎ᠲᠤ᠂ ᠲᠣᠭᠣᠭ᠋ᠠᠴᠢ ᠨᠠᠷ ᠮᠢᠬ᠎ᠠ ᠴᠢᠨᠠᠬᠤ᠂ ᠱᠥᠯᠥ ᠨᠠᠢ᠌ᠷᠠᠭᠤᠯᠬᠤ᠂ ᠭᠤᠯᠢᠷ ᠵᠢᠭᠤᠷᠠᠬᠤ᠂ ᠭᠤᠯᠢᠷ ᠨᠤᠬᠤᠬᠤ᠂ ᠭᠤᠯᠢᠷ ᠴᠢᠩᠭ᠋ᠠᠭ᠋ᠠᠬᠤ᠂ ᠭᠤᠯᠢᠷ ᠲᠠᠲᠠᠬᠤ ᠵᠡᠷᠭᠡ ᠠᠵᠢᠯ᠎ᠳᠤ ᠶᠠᠭ᠋ᠠᠷᠠᠵᠤ᠂ ᠵᠣᠴᠢᠳ᠎ᠲᠤ ᠠᠶᠠᠭ᠎ᠠ ᠠᠶᠠᠭ᠎ᠠ ᠬᠠᠯᠠᠭᠤᠨ ᠠᠭᠤᠷ ᠰᠠᠪᠰᠠᠭᠰᠠᠨ ᠦᠬᠡᠷ᠎ᠤᠨ ᠮᠢᠬ᠎ᠠ᠎ᠲᠠᠢ ᠭᠤᠯᠢᠷ ᠠᠪᠴᠢᠷᠠᠵᠤ ᠥᠭᠭᠦᠨ᠎ᠡ᠃ ᠣᠳᠣᠬᠠᠨ᠎ᠳᠤ᠂ 《ᠯᠠᠨᠵᠧᠦ ᠵᠢᠨ ᠦᠬᠡᠷ᠎ᠤᠨ ᠮᠢᠬᠠᠨ᠎ᠤ ᠲᠠᠲᠠᠮᠠᠯ ᠭᠤᠯᠢᠷ》᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠨᠢᠭᠡ ᠪᠣᠯᠤᠭᠰᠠᠨ ᠪᠥᠭᠡᠳ ᠡᠨᠡ ᠨᠢᠭᠡ ᠠᠶᠠᠭ᠎ᠠ ᠭᠤᠯᠢᠷ ᠲᠠᠲᠠᠭᠴᠢᠳ᠎ᠨᠢ ᠪᠦᠷ ᠨᠢᠭᠡᠳᠦᠯᠲᠡᠢ ᠨᠡᠷ᠎ᠡ᠎ᠲᠠᠢ — ᠯᠠᠨᠵᠧᠦ ᠵᠢᠨ ᠲᠠᠲᠠᠮᠠᠯ ᠭᠤᠯᠢᠷ᠎ᠤᠨ ᠮᠡᠷᠭᠡᠵᠢᠯᠲᠡᠨ ᠭᠡᠳᠡᠭ ᠶᠤᠮ᠃
ᠣᠳᠣᠬᠠᠨ᠎ᠳᠤ᠂ ᠵᠥᠪᠬᠡᠨ ᠭᠠᠨᠰᠤ ᠮᠤᠵᠢ᠎ᠳᠤ 4000 ᠭᠠᠷᠤᠢ ᠯᠠᠨᠵᠧᠦ ᠵᠢᠨ ᠦᠬᠡᠷ᠎ᠤᠨ ᠮᠢᠬᠠᠨ᠎ᠤ ᠲᠠᠲᠠᠮᠠᠯ ᠭᠤᠯᠢᠷ᠎ᠤᠨ ᠬᠣᠭᠣᠯᠠᠨ ᠭᠡᠷ ᠪᠠᠢ᠌ᠵᠤ᠂ ᠵᠢᠯ᠎ᠤᠨ ᠡᠵᠡᠩᠨᠡᠯᠲᠡ ᠵᠢᠨ ᠨᠣᠷᠮ᠎ᠠ᠎ᠨᠢ ᠪᠠᠷᠤᠭ 120 ᠳ᠋ᠦᠩᠰᠢᠭᠤᠷ ᠲᠥᠭᠥᠷᠢᠭ᠎ᠲᠤ ᠬᠦᠷᠴᠦ᠂ ᠮᠤᠵᠢ ᠵᠢᠨ ᠳᠣᠲᠣᠨ᠎ᠠ ᠭᠠᠳᠠᠨᠠᠬᠢ ᠠᠵᠢᠯ ᠣᠯᠭᠣᠯᠲᠠ ᠵᠢ ᠳᠠᠢ᠌ᠴᠢᠯᠠᠭᠰᠠᠨ ᠬᠥᠮᠥᠨ᠎ᠤ ᠲᠣᠭ᠎ᠠ᠎ᠨᠢ 100 ᠲᠦᠮᠡ᠎ᠠᠴᠠ ᠳᠡᠭᠡᠭᠰᠢ ᠪᠣᠯᠵᠠᠢ᠃ ᠯᠠᠨᠵᠧᠦ ᠬᠣᠲᠠ ᠵᠢᠨ᠎ᠬᠢᠨ ᠲᠤᠬᠠᠢ ᠵᠢᠨ ᠭᠠᠵᠠᠷ᠎ᠤᠨ ᠦᠬᠡᠷ᠎ᠤᠨ ᠮᠢᠬᠠᠨ᠎ᠤ ᠲᠠᠲᠠᠮᠠᠯ ᠭᠤᠯᠢᠷ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠎ᠪᠠᠷ ᠲᠦᠰᠢᠭ ᠪᠣᠯᠭ᠋ᠠᠵᠤ᠂ 《ᠯᠠᠨᠵᠧᠦ ᠵᠢᠨ ᠲᠠᠲᠠᠮᠠᠯ ᠭᠤᠯᠢᠷ᠎ᠤᠨ ᠮᠡᠷᠭᠡᠵᠢᠯᠲᠡᠨ》᠎ᠤ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠵᠤ᠂ ᠲᠠᠲᠠᠮᠠᠯ ᠭᠤᠯᠢᠷ᠎ᠤᠨ ᠮᠡᠷᠭᠡᠵᠢᠯ᠎ᠤᠨ ᠴᠢᠳᠠᠪᠤᠷᠢᠲᠠᠨ᠎ᠢ ᠨᠠᠢ᠌ᠳᠠ 4 ᠲᠦᠮᠡ ᠭᠠᠷᠤᠢ ᠬᠥᠮᠥᠵᠢᠭᠦᠯᠵᠡᠢ᠃ ᠡᠲᠡᠭᠡᠷ ᠲᠤᠰᠬᠠᠢ ᠮᠡᠷᠭᠡᠵᠢᠯ᠎ᠤᠨ ᠪᠣᠯᠪᠠᠰᠤᠷᠠᠯ ᠭᠥᠷᠳᠡᠭᠰᠡᠨ ᠰᠤᠷᠤᠭᠴᠢᠳ ᠠᠵᠢᠯ ᠣᠯᠬᠤ ᠠᠷᠭ᠎ᠠ ᠵᠠᠮ᠎ᠲᠠᠢ ᠪᠣᠯᠣᠭᠰᠠᠨ ᠵᠶ᠋ᠠᠷ ᠪᠠᠷᠠᠬᠤ ᠦᠭᠡᠢ ᠪᠠᠰᠠ 10 ᠲᠦᠮᠡ ᠭᠠᠷᠤᠢ ᠲᠠᠲᠠᠮᠠᠯ ᠭᠤᠯᠢᠷ᠎ᠤᠨ ᠬᠣᠭᠣᠯᠠᠨ ᠭᠡᠷ ᠨᠡᠭᠡᠭᠡᠵᠡᠢ᠃
ᠣᠢ᠌ᠷ᠎ᠠ ᠵᠢᠨ ᠵᠢᠯ᠎ᠤᠳ᠎ᠲᠤ ᠰᠠᠶᠢ ᠠᠭ᠋ᠠᠵᠢᠮ ᠠᠭ᠋ᠠᠵᠢᠮ ᠵᠶ᠋ᠠᠷ ᠬᠥᠮᠥᠰ᠎ᠲᠤ ᠲᠠᠨᠢᠭᠳᠠᠬᠤ ᠪᠣᠯᠤᠭᠰᠠᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠨᠢ ᠦᠨᠡᠨ᠎ᠳᠡᠭᠡᠨ ᠡᠷᠲᠡᠨ᠎ᠠᠴᠠ ᠡᠬᠢᠯᠡᠭᠡᠳ ᠪᠠᠢ᠌ᠭᠰᠠᠭ᠋ᠠᠷ ᠢᠷᠡᠭᠰᠡᠨ ᠶᠤᠮ᠃ ᠵᠢᠱ᠌ᠢᠶᠡᠯᠡᠪᠡᠯ᠂ ᠵᠥᠪᠬᠡᠨ ᠭᠠᠷ ᠤᠷᠠᠯᠠᠯ᠎ᠳᠠᠭᠠᠨ ᠲᠦᠰᠢᠭᠯᠡᠨ ᠠᠮᠢᠳᠤᠷᠠᠵᠤ 1300 ᠭᠠᠷᠤᠢ ᠵᠢᠯ ᠤᠯᠠᠮᠵᠢᠯᠠᠭᠳᠠᠭᠰᠠᠨ ᠴᠦᠩᠴᠢᠩ᠎ᠤᠨ 《ᠳ᠋ᠠ ᠽᠦ᠍ ᠵᠢᠨ ᠱᠤᠭᠤᠮᠠᠯᠴᠢᠨ》᠂ ᠲᠠᠩ ᠤᠯᠤᠰ᠎ᠤᠨ ᠦᠶ᠎ᠡ᠎ᠠᠴᠠ ᠢᠷᠡᠯᠲᠡᠢ 《ᠶᠠᠩᠵᠸᠦ ᠵᠢᠨ ᠭᠤᠷᠪᠠᠨ ᠬᠢᠳᠤᠭ᠎ᠠ》 ᠁ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠳ᠎ᠤᠨ ᠥᠯᠢᠭᠡᠷ᠎ᠤᠨ ᠡᠬᠢ ᠡᠭᠦᠰᠦᠯ᠎ᠢ ᠮᠥᠰᠬᠢᠪᠡᠯ᠂ ᠲᠡᠳᠡᠨ᠎ᠤ ᠠᠴᠢᠶᠠᠯᠠᠭᠰᠠᠨ ᠣᠷᠳᠣ ᠬᠤᠭᠤᠴᠠᠭ᠋ᠠᠨ᠎ᠤ ᠦᠵᠡᠯ᠎ᠤᠨ ᠵᠣᠷᠢᠭ ᠰᠠᠨᠠᠭ᠎ᠠ᠎ᠳᠤ ᠠᠶᠠᠨᠳᠠᠭ᠋ᠠᠨ ᠲᠠᠲᠠᠭᠳᠠᠬᠤ ᠪᠣᠯᠣᠨ᠎ᠠ᠃
ᠾᠧᠨᠠᠨ ᠮᠤᠵᠢ ᠵᠢᠨ ᠺᠠᠢ᠌ᠹᠧᠩ ᠬᠤᠳᠠ ᠵᠢᠨ ᠯᠠᠨ ᠺᠣᠣ ᠰᠢᠶᠠᠨ᠎ᠳᠤ᠂ ᠲᠤᠬᠠᠢ ᠵᠢᠨ ᠵᠢᠯ᠎ᠳᠤ ᠵᠢᠶᠣᠣ ᠢᠦᠢ ᠯᠦ᠍ ᠲᠤᠬᠠᠢ ᠵᠢᠨ ᠭᠠᠵᠠᠷ᠎ᠤᠨ ᠤᠯᠠᠨ ᠲᠦᠮᠡᠨ᠎ᠢ ᠳᠠᠭ᠋ᠠᠭᠤᠯᠤᠨ ᠤᠰᠤ ᠡᠯᠡᠰᠦ ᠬᠤᠵᠢᠷ᠎ᠤᠨ 《ᠭᠤᠷᠪᠠᠨ ᠬᠣᠣᠷ》᠎ᠢ ᠵᠠᠰᠠᠵᠤ᠂ ᠨᠢᠭᠡᠨ ᠰᠡᠪᠠ᠎ᠬᠢ ᠤᠶᠠᠩᠭ᠋ᠠᠲᠤ ᠮᠣᠳᠣ ᠳᠠᠷᠢᠵᠠᠢ᠃ ᠡᠮᠦᠨᠡᠬᠢ ᠬᠥᠮᠥᠨ᠎ᠨᠢ ᠮᠣᠳᠣ ᠵᠠᠢ᠌ᠯᠠᠵᠤ᠂ ᠬᠣᠢ᠌ᠨᠠᠬᠢ ᠬᠥᠮᠥᠨ᠎ᠨᠢ ᠰᠡᠷᠢᠭᠦᠴᠡᠳᠡᠭ᠂ ᠡᠲᠡᠭᠡᠷ ᠬᠦᠳᠡᠷ ᠪᠦᠳᠦᠭᠦᠨ ᠰᠠᠬᠤᠯᠠᠭ ᠤᠶᠠᠩᠭ᠋ᠠᠲᠤ ᠮᠣᠳᠣᠨ᠎ᠤ ᠴᠢᠨᠠᠷ᠎ᠨᠢ ᠨᠡᠯᠢᠶᠡᠳ ᠰᠡᠢ᠌ᠷᠡᠭ᠂ ᠲᠠᠭᠤ ᠳᠠᠮᠵᠢᠭᠤᠯᠬᠤ ᠴᠢᠨᠠᠷ ᠵᠶ᠋ᠠᠷ ᠴᠢᠩᠭ᠎ᠠ ᠪᠠᠢ᠌ᠵᠤ᠂ ᠰᠠᠯᠬᠢ ᠡᠯᠡᠰᠦ ᠵᠢ ᠬᠣᠷᠢᠭᠯᠠᠵᠤ ᠳᠡᠢ᠌ᠯᠬᠦ᠎ᠪᠠᠷ ᠪᠠᠷᠠᠬᠤ ᠦᠭᠡᠢ᠂ ᠪᠠᠰᠠ ᠰᠠᠨᠠᠭ᠋ᠠᠨ᠎ᠳᠤ ᠳᠠᠭ᠋ᠠᠷᠠᠭᠰᠠᠨ ᠲᠠᠭᠤᠨ ᠬᠠᠪᠲᠠᠰᠤ ᠵᠢᠨ ᠮᠠᠲ᠋ᠧᠷᠢᠶᠠᠯ᠎ᠤᠨ ᠡᠳ᠋ ᠪᠣᠯᠣᠨ᠎ᠠ᠃ ᠡᠢ᠌ᠮᠦᠷᠬᠦᠦ ᠯᠠᠨ ᠺᠣᠣ ᠵᠢᠨ ᠬᠥᠭᠵᠢᠮᠳᠡᠭᠦᠷ᠎ᠤᠨ ᠠᠵᠢᠯᠴᠢᠨ᠎ᠤ ᠠᠵᠢᠯ ᠲᠥᠷᠥᠯ ᠡᠬᠢᠯᠡᠨ ᠪᠤᠢ ᠪᠣᠯᠵᠤ᠂ ᠣᠳᠣᠬᠠᠨ᠎ᠳᠤ ᠨᠠᠢ᠌ᠳᠠ 1.5 ᠲᠦᠮᠡᠨ ᠬᠥᠮᠥᠨ ᠠᠵᠢᠯ᠎ᠳᠤ ᠣᠷᠣᠵᠤ᠂ ᠦᠢ᠍ᠯᠡᠳᠬᠦᠨ᠎ᠨᠢ ᠪᠥᠬᠥ ᠤᠯᠤᠰ᠎ᠲᠤ ᠪᠣᠷᠣᠯᠠᠭᠤᠯᠭ᠎ᠠ ᠰᠠᠢ᠌ᠲᠠᠢ ᠪᠥᠭᠡᠳ ᠭᠠᠳᠠᠭ᠋ᠠᠳᠤ᠎ᠳᠤ 40 ᠭᠠᠷᠤᠢ ᠤᠯᠤᠰ᠎ᠲᠤ ᠪᠣᠷᠣᠯᠠᠭᠤᠯᠤᠭᠳᠠᠵᠤ ᠪᠤᠢ᠃ ᠰᠡᠪᠠ᠎ᠬᠢ ᠤᠶᠠᠩᠭ᠋ᠠᠲᠤ ᠮᠣᠳᠣᠨ᠎ᠤ ᠪᠡᠶ᠎ᠡ᠎ᠳᠤ ᠠᠴᠢᠶᠠᠯᠠᠭᠳᠠᠵᠤ ᠪᠠᠢ᠌ᠭ᠎ᠠ ᠠᠯᠪᠠᠨ ᠲᠤᠰᠢᠶᠠᠯᠲᠠᠨ᠎ᠤ ᠰᠡᠳᠬᠢᠯ᠎ᠨᠢ ᠥᠨᠥᠳᠥᠷ ᠤᠯᠠᠨ ᠲᠦᠮᠡᠨ᠎ᠳᠤ ᠠᠵᠢᠯ ᠣᠯᠭᠣᠯᠲᠠ ᠵᠢᠨ ᠣᠷᠣᠯᠭ᠎ᠠ ᠵᠢᠨ ᠨᠡᠮᠡᠭᠳᠡᠯ᠎ᠢ ᠠᠪᠴᠢᠷᠠᠵᠤ᠂ ᠰᠢᠨ᠎ᠡ ᠥᠯᠢᠭᠡᠷ ᠦᠷᠭᠦᠯᠵᠢᠯᠡᠭᠰᠡᠭᠡᠷ ᠪᠠᠢ᠌ᠨ᠎ᠠ᠃
ᠡᠪᠦᠯ᠎ᠤᠨ ᠤᠯᠠᠷᠢᠯ᠎ᠳᠤ ᠬᠤᠨᠠᠨ᠎ᠤ᠎ᠬᠢᠨ ᠦᠷᠭᠦᠯᠵᠢ ᠴᠠᠰᠤ ᠪᠣᠷᠣᠭ᠋ᠠᠨ ᠮᠥᠰᠥᠲᠦᠯ᠎ᠤᠨ ᠴᠠᠭ ᠠᠭᠤᠷ᠎ᠤᠨ ᠭᠠᠴᠢᠭᠳᠠᠯ᠎ᠳᠤ ᠤᠴᠠᠷᠠᠵᠤ᠂ ᠴᠠᠬᠢᠯᠭ᠋ᠠᠨ ᠳᠠᠮᠵᠢᠭᠤᠯᠬᠤ ᠤᠲᠠᠰᠤᠨ ᠳᠡᠭᠡᠷ᠎ᠡ ᠬᠦᠨᠳᠦ ᠮᠥᠰᠥ ᠬᠤᠴᠢᠵᠤ᠂ ᠴᠠᠬᠢᠯᠭ᠋ᠠᠨ ᠲᠣᠣᠷ᠎ᠤᠨ ᠠᠮᠤᠷ ᠲᠦᠪᠰᠢᠨ ᠲᠣᠭᠲᠠᠭᠤᠨ ᠵᠶ᠋ᠠᠷ ᠠᠵᠢᠯᠯᠠᠬᠤ᠎ᠳᠤ ᠲᠤᠢ᠌ᠯ᠎ᠤᠨ ᠶᠡᠬᠡ ᠲᠦᠭᠰᠢᠭᠦᠷᠢ ᠵᠢ ᠠᠪᠴᠢᠷᠠᠳᠠᠭ᠃ ᠨᠢᠭᠡ ᠪᠦᠯᠦᠭ ᠴᠠᠬᠢᠯᠭ᠋ᠠᠨ᠎ᠤ ᠠᠵᠢᠯᠴᠢᠨ᠂ ᠭᠠᠩᠨᠠᠭᠤᠷᠴᠢᠨ᠂ ᠬᠦᠴᠦᠳᠡᠯ ᠥᠭᠡᠷᠡᠴᠢᠯᠡᠬᠦ ᠲᠥᠬᠦᠭᠡᠷᠦᠮᠵᠢ ᠤᠭᠰᠠᠷᠠᠬᠤ ᠠᠵᠢᠯᠴᠢᠨ ᠬᠠᠬᠢᠷ ᠬᠦᠢ᠍ᠲᠡᠨ᠎ᠤ ᠳᠤᠮᠳᠠ ᠠᠵᠢᠯ᠎ᠤᠨ ᠪᠠᠢ᠌ᠷᠢ᠎ᠪᠠᠨ ᠪᠠᠲᠤ ᠰᠠᠬᠢᠵᠤ᠂ ᠴᠠᠰᠤ ᠰᠢᠭᠤᠷᠭ᠋ᠠᠨ᠎ᠤ ᠳᠤᠮᠳᠠ ᠰᠢᠶᠠᠩᠲ᠋ᠠᠨᠤ 《ᠴᠠᠬᠢᠯᠭ᠋ᠠᠨ ᠬᠦᠴᠦᠨ᠎ᠤ ᠬᠤᠨᠠᠨ ᠴᠡᠷᠢᠭ》 ᠬᠡᠮᠡᠭᠳᠡᠬᠦ ᠡᠨᠡᠬᠦ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠢ ᠳᠠᠪᠲᠠᠨ ᠪᠣᠯᠪᠠᠰᠤᠷᠠᠭᠤᠯᠪᠠ᠃ ᠣᠳᠣᠬᠠᠨ᠎ᠳᠤ᠂ 《ᠴᠠᠬᠢᠯᠭ᠋ᠠᠨ ᠬᠦᠴᠦᠨ᠎ᠤ ᠬᠤᠨᠠᠨ ᠴᠡᠷᠢᠭ》 ᠨᠠᠢ᠌ᠳᠠ 20 ᠭᠠᠷᠤᠢ ᠲᠦᠮᠡᠨ ᠬᠥᠮᠥᠨ᠎ᠳᠤ ᠠᠵᠢᠯ ᠣᠯᠭᠣᠵᠤ᠂ ᠠᠵᠢᠯ ᠬᠥᠳᠡᠯᠮᠦᠷᠢ ᠬᠢᠭᠰᠡᠳ᠎ᠲᠤ ᠨᠠᠢ᠌ᠳᠠ 1000 ᠭᠠᠷᠤᠢ ᠳ᠋ᠦᠩᠰᠢᠭᠤᠷ ᠲᠥᠭᠥᠷᠢᠭ᠎ᠤᠨ ᠣᠷᠣᠯᠭ᠎ᠠ ᠨᠡᠮᠡᠭᠳᠡᠭᠦᠯᠦᠨ᠂ 100 ᠭᠠᠷᠤᠢ ᠳ᠋ᠦᠩᠰᠢᠭᠤᠷ ᠲᠥᠭᠥᠷᠢᠭ᠎ᠤᠨ ᠤᠯᠤᠰ᠎ᠤᠨ ᠭᠠᠢ᠌ᠯᠢ ᠲᠠᠲᠠᠪᠤᠷᠢ ᠲᠤᠰᠢᠶᠠᠭᠰᠠᠨ ᠪᠠᠢ᠌ᠨ᠎ᠠ᠃
ᠬᠡᠷᠪᠡ ᠣᠷᠳᠣ ᠬᠤᠭᠤᠴᠠᠭ᠋ᠠᠨ᠎ᠤ ᠦᠵᠡᠯ᠎ᠤᠨ ᠵᠣᠷᠢᠭ ᠰᠠᠨᠠᠭ᠎ᠠ᠎ᠨᠢ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠦᠲᠦᠭᠡᠭᠰᠡᠨ ᠭᠡᠵᠦ ᠬᠡᠯᠡᠬᠦ᠎ᠳᠤ ᠭᠦᠷᠪᠡᠯ᠂ ᠬᠥᠳᠡᠯᠮᠦᠷᠢ ᠦᠢ᠍ᠯᠡᠴᠢᠯᠡᠭᠡᠨ᠎ᠤ ᠭᠠᠷᠭ᠋ᠠᠯᠲᠠ᠎ᠨᠢ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠲᠠᠰᠤᠷᠠᠯᠲᠠ ᠦᠭᠡᠢ ᠴᠣᠯᠭᠣᠷᠠᠨ ᠭᠠᠷᠬᠤ᠎ᠳᠤ ᠲᠡᠦᠬᠡᠨ ᠠᠵᠠ ᠲᠣᠬᠢᠶᠠᠯ᠎ᠢ ᠡᠭᠦᠳᠴᠦ ᠥᠭᠭᠦᠭᠰᠡᠨ ᠪᠠᠢ᠌ᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢ᠂ ᠲᠦᠭ ᠲᠦᠮᠡᠨ ᠲᠠᠷᠢᠶᠠᠴᠢᠨ ᠭᠠᠳᠠᠭᠰᠢ ᠭᠠᠷᠴᠤ ᠬᠥᠯᠥᠰᠦᠨ ᠠᠵᠢᠯ ᠬᠢᠵᠦ᠂ ᠢᠯᠠᠩᠭᠤᠶ᠎ᠠ ᠣᠢ᠌ᠷ᠎ᠠ ᠵᠢᠨ ᠵᠢᠯ᠎ᠤᠳ᠎ᠲᠤ ᠬᠥᠯᠥᠰᠦᠨ ᠠᠵᠢᠯᠴᠢᠨ ᠭᠠᠭᠴᠠ ᠴᠢᠭᠯᠡᠯ ᠵᠶ᠋ᠡᠷ ᠭᠠᠳᠠᠭᠰᠢ ᠭᠠᠷᠴᠤ ᠪᠠᠢ᠌ᠭᠰᠠᠨ᠎ᠠᠴᠠ᠎ᠪᠠᠨ ᠠᠯᠬᠤᠮ ᠠᠯᠬᠤᠮ ᠵᠶ᠋ᠠᠷ ᠬᠣᠲᠠ ᠬᠥᠳᠡᠭᠡ ᠵᠢᠨ ᠬᠣᠣᠰ ᠴᠢᠭᠯᠡᠯ ᠵᠶ᠋ᠡᠷ ᠰᠢᠯᠵᠢᠬᠦ ᠪᠣᠯᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠬᠥᠭᠵᠢᠭᠡᠳ ᠠᠵᠢᠯ ᠣᠯᠭᠣᠯᠲᠠ ᠵᠢ ᠠᠬᠢᠭᠤᠯᠬᠤ᠂ ᠬᠥᠭᠵᠢᠯᠲᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠶᠡᠷᠦᠩᠬᠡᠢ᠌ᠯᠡᠭᠰᠡᠨ ᠠᠴᠢᠶᠠᠯᠠᠪᠤᠷᠢ ᠪᠣᠯᠤᠭᠰᠠᠨ ᠪᠠᠢ᠌ᠨ᠎ᠠ᠃
ᠭᠡᠷ ᠠᠬᠤᠢ ᠵᠢᠨ ᠦᠢ᠍ᠯᠡᠴᠢᠯᠡᠭᠡᠨ᠎ᠤ ᠠᠵᠢᠯᠲᠠᠨ ᠪᠣᠯ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠳᠣᠲᠣᠷᠠᠬᠢ ᠨᠢᠭᠡ ᠶᠡᠬᠡ ᠲᠥᠷᠥᠯ ᠪᠠᠢ᠌ᠵᠤ᠂ ᠴᠥᠭᠡᠨ ᠪᠤᠰᠤ ᠭᠠᠵᠠᠷ ᠣᠷᠣᠨ᠎ᠤ᠎ᠬᠢᠨ ᠬᠠᠮᠢᠶ᠎ᠠ ᠪᠦᠬᠦᠢ ᠨᠡᠷᠡᠲᠦ ᠲᠥᠷᠥᠯ ᠲᠡᠮᠳᠡᠭ᠎ᠢ ᠭᠣᠣᠯᠳᠠᠯᠭ᠎ᠠ᠎ᠲᠠᠢ ᠡᠭᠦᠳᠦᠭᠰᠡᠨ ᠪᠠᠢ᠌ᠨ᠎ᠠ᠃ 2006 ᠣᠨ᠎ᠳᠤ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠨᠠᠨᠨᠢᠩ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ 《ᠡᠮᠦᠨᠡᠲᠦ ᠣᠷᠣᠨ᠎ᠤ ᠰᠠᠷ᠎ᠠ᠎ᠳᠤ ᠰᠠᠭᠤᠭᠰᠠᠳ᠎ᠢ ᠠᠰᠠᠷᠠᠭᠴᠢ》 ᠵᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠡᠭᠦᠳᠦᠨ ᠪᠠᠢ᠌ᠭᠤᠯᠵᠤ᠂ ᠠᠳᠠᠯᠢ ᠪᠤᠰᠤ ᠪᠠᠶ᠋ᠢᠳᠠᠯ᠎ᠢ ᠦᠨᠳᠦᠰᠦᠯᠡᠨ ᠬᠣᠲᠠ ᠣᠷᠣᠵᠤ ᠠᠵᠢᠯ ᠬᠢᠵᠦ ᠪᠠᠢ᠌ᠭ᠎ᠠ ᠡᠮᠡᠭᠲᠡᠶ᠋ᠢᠴᠦᠳ ᠪᠠ ᠬᠣᠲᠠ ᠪᠠᠯᠭ᠋ᠠᠰᠤᠨ᠎ᠤ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠭᠰᠠᠳ᠎ᠲᠤ ᠠᠵᠢᠯ ᠮᠡᠷᠭᠡᠵᠢᠯ᠎ᠤᠨ ᠪᠣᠯᠪᠠᠰᠤᠷᠠᠯ ᠬᠦᠷᠲᠡᠭᠡᠵᠦ᠂ ᠮᠡᠷᠭᠡᠵᠢᠯ ᠴᠢᠳᠠᠪᠤᠷᠢ ᠦᠭᠡᠢ᠂ ᠠᠵᠢᠯ ᠣᠯᠬᠤ᠎ᠳᠤ ᠬᠦᠴᠢᠷ ᠠᠰᠠᠭᠤᠳᠠᠯ᠎ᠢ᠎ᠨᠢ ᠬᠠᠪᠰᠤᠷᠤᠨ ᠰᠢᠢ᠍ᠳᠪᠦᠷᠢᠯᠡᠵᠡᠢ᠃ ᠡᠨᠡ ᠵᠢᠯ᠎ᠤᠨ 6 ᠰᠠᠷ᠎ᠠ ᠪᠣᠯᠲᠠᠯ᠎ᠠ᠂ 《ᠡᠮᠦᠨᠡᠲᠦ ᠣᠷᠣᠨ᠎ᠤ ᠰᠠᠷ᠎ᠠ᠎ᠳᠤ ᠰᠠᠭᠤᠭᠰᠠᠳ᠎ᠢ ᠠᠰᠠᠷᠠᠭᠴᠢ》 ᠨᠠᠢ᠌ᠳᠠ 15 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠠᠢ᠂ ᠡᠭᠦᠨ᠎ᠤ ᠳᠣᠲᠣᠷ᠎ᠠ ᠬᠣᠲᠠ᠎ᠳᠤ ᠣᠷᠣᠵᠤ ᠠᠵᠢᠯ ᠬᠥᠳᠡᠯᠮᠦᠷᠢ ᠬᠢᠵᠦ ᠪᠠᠢ᠌ᠭ᠎ᠠ ᠬᠥᠮᠥᠰ᠎ᠤᠨ ᠡᠵᠡᠯᠡᠬᠦ ᠬᠠᠷᠢᠴᠠᠯ 90% ᠠᠴᠠ ᠳᠡᠭᠡᠭᠰᠢ ᠪᠣᠯᠵᠤ᠂ ᠠᠵᠢᠯ ᠣᠯᠣᠭᠰᠠᠨ ᠶᠡᠷᠦᠩᠬᠡᠢ ᠨᠣᠷᠮ᠎ᠠ᠎ᠨᠢ 100%᠎ᠳᠤ ᠬᠦᠷᠴᠡᠢ᠃
ᠣᠢ᠌ᠷ᠎ᠠ ᠵᠢᠨ ᠵᠢᠯ᠎ᠠᠴᠠ ᠨᠠᠭ᠋ᠠᠰᠢ᠂ ᠣᠨᠴᠠᠯᠢᠭᠲᠤ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠪᠠᠷᠠᠭ᠋ᠠᠨ᠎ᠤ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠬᠡᠪᠴᠢᠶ᠎ᠡ ᠪᠠᠭ᠎ᠠ᠂ ᠲᠡᠭᠡᠭᠡᠪᠦᠷᠢ ᠵᠢᠨ ᠵᠣᠬᠢᠶᠠᠨ ᠪᠠᠢ᠌ᠭᠤᠯᠤᠯᠲᠠ ᠰᠤᠯᠠ ᠵᠠᠳᠠᠭ᠋ᠠᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠵᠥᠩ ᠸᠧᠢ ᠬᠣᠲᠠ ᠵᠢᠨ ᠬᠠᠢ ᠶᠤᠸᠠᠨ ᠰᠢᠶᠠᠨ 2016 ᠣᠨ᠎ᠳᠤ ᠳᠡᠮᠵᠢᠬᠦ ᠲᠥᠷᠥ ᠵᠢᠨ ᠪᠣᠳᠣᠯᠭ᠎ᠠ ᠨᠡᠢ᠌ᠲᠡᠯᠡᠵᠦ᠂ ᠵᠢᠯᠣᠭᠣᠴᠢ ᠵᠢᠨ ᠦᠨᠡᠮᠯᠡᠯ᠎ᠤᠨ B ᠳᠡᠪᠲᠡᠷ ᠣᠯᠣᠭᠰᠠᠨ ᠶᠠᠳᠠᠭᠤ᠎ᠠᠴᠠ ᠠᠩᠭᠢᠵᠢᠷᠠᠭᠰᠠᠳ᠂ ᠶᠠᠳᠠᠭᠤ᠎ᠠᠴᠠ ᠦᠯᠦ ᠠᠩᠭᠢᠵᠢᠷᠠᠭᠰᠠᠳ᠎ᠲᠤ ᠲᠣᠰ ᠲᠣᠰ 6500 ᠲᠥᠭᠥᠷᠢᠭ᠂ 4000 ᠲᠥᠭᠥᠷᠢᠭ᠎ᠤᠨ ᠪᠣᠯᠪᠠᠰᠤᠷᠠᠯ᠎ᠤᠨ ᠨᠥᠬᠥᠪᠦᠷᠢ ᠣᠯᠭᠣᠪᠠ᠃ ᠲᠤᠬᠠᠢ ᠵᠢᠨ ᠵᠢᠯ᠎ᠤᠨ ᠠᠷᠭ᠎ᠠ ᠬᠡᠮᠵᠢᠶ᠎ᠡ᠎ᠨᠢ ᠬᠠᠢ ᠶᠤᠸᠠᠨ᠎ᠢ ᠨᠢᠩᠰᠢᠶᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠨᠢᠭᠡᠳᠦᠭᠡᠷ ᠰᠢᠶᠠᠨ ᠪᠣᠯᠭ᠋ᠠᠨ ᠬᠥᠭᠵᠢᠭᠦᠯᠵᠦ᠂ ᠣᠲᠣ ᠪᠠᠷᠠᠭ᠋ᠠᠨ᠎ᠤ ᠲᠡᠭᠡᠭᠡᠪᠦᠷᠢ ᠵᠢᠨ ᠬᠥᠳᠡᠯᠮᠦᠷᠢ ᠦᠢ᠍ᠯᠡᠴᠢᠯᠡᠭᠡ ᠵᠢᠨ ᠣᠷᠣᠯᠭ᠎ᠠ᠎ᠨᠢ ᠪᠥᠬᠥ ᠰᠢᠶᠠᠨ᠎ᠤ ᠬᠥᠳᠡᠯᠮᠦᠷᠢ ᠦᠢ᠍ᠯᠡᠴᠢᠯᠡᠭᠡ ᠵᠢᠨ ᠣᠷᠣᠯᠭ᠎ᠠ ᠵᠢᠨ 25%᠎ᠠᠴᠠ ᠳᠡᠭᠡᠭᠰᠢᠬᠢ ᠵᠢ ᠡᠵᠡᠯᠡᠵᠦ᠂ 《ᠬᠠᠢ ᠶᠤᠸᠠᠨ᠎ᠤ ᠵᠢᠯᠣᠭᠣᠴᠢ》 ᠲᠦᠷᠭᠡᠨ᠎ᠤ ᠵᠠᠰᠠᠮᠠᠯ ᠵᠠᠮ᠎ᠤᠨ ᠨᠡᠷ᠎ᠡ ᠴᠤᠤᠲᠠᠢ ᠨᠡᠷᠡᠲᠦ ᠲᠥᠷᠥᠯ ᠲᠡᠮᠳᠡᠭ ᠪᠣᠯᠤᠭᠰᠠᠨ ᠪᠠᠢ᠌ᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠶᠠᠮᠤᠨ᠎ᠤ ᠬᠠᠪᠰᠤᠷᠤᠨ ᠲᠡᠳᠬᠦᠬᠦ ᠵᠤᠷᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ ᠶᠠᠩ ᠯᠢᠶᠠᠨ᠄ 《ᠪᠣᠳᠠᠲᠠᠢ ᠪᠠᠶ᠋ᠢᠳᠠᠯ᠎ᠠᠴᠠ ᠦᠵᠡᠪᠡᠯ᠂ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ ᠵᠶ᠋ᠡᠷ ᠠᠵᠢᠯ ᠣᠯᠭᠣᠯᠲᠠ ᠵᠢ ᠳᠠᠢ᠌ᠴᠢᠯᠠᠭᠰᠠᠨ ᠬᠥᠳᠡᠭᠡ ᠲᠣᠰᠬᠤᠨ᠎ᠤ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠤ ᠴᠠᠯᠢᠩ᠎ᠤᠨ ᠣᠷᠣᠯᠭ᠎ᠠ᠎ᠨᠢ ᠡᠩ᠎ᠤᠨ ᠬᠥᠯᠥᠰᠦᠨ ᠠᠵᠢᠯ ᠬᠢᠵᠦ ᠪᠠᠢ᠌ᠭ᠎ᠠ ᠬᠥᠮᠥᠰ᠎ᠠᠴᠠ ᠨᠡᠯᠢᠶᠡᠳ ᠥᠨᠳᠥᠷ ᠪᠠᠢ᠌ᠵᠤ᠂ ᠵᠠᠷᠢᠮ᠎ᠨᠢ ᠴᠢᠨᠠᠭᠰᠢᠯᠠᠭ᠋ᠠᠳ ᠬᠣᠶᠠᠷ ᠲᠠᠬᠢᠨ ᠢᠯᠡᠭᠦᠦ ᠪᠠᠢ᠌ᠨ᠎ᠠ》 ᠭᠡᠪᠡ᠃
ᠨᠡᠷᠡᠲᠦ ᠲᠥᠷᠥᠯ ᠲᠡᠮᠳᠡᠭ᠎ᠤᠨ ᠬᠢᠷᠢ ᠲᠦᠪᠰᠢᠨ᠎ᠢ ᠲᠡᠭᠡᠭᠰᠢᠯᠡᠬᠦᠯᠦᠨ᠎ᠡ
ᠨᠢᠭᠡ ᠨᠡᠷ᠎ᠡ ᠵᠢᠨ ᠬᠠᠭᠤᠳᠠᠰᠤ᠎ᠪᠠᠷ ᠨᠢᠭᠡ ᠬᠡᠰᠡᠭ᠎ᠤᠨ ᠠᠵᠢᠯ ᠣᠯᠭᠣᠨ᠎ᠠ᠃ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠤᠯᠠᠮ ᠨᠢᠭᠡ ᠠᠯᠬᠤᠮ ᠥᠷᠭᠡᠳᠬᠡᠬᠦ ᠵᠢ ᠬᠡᠷᠬᠢᠨ ᠠᠬᠢᠭᠤᠯᠵᠤ᠂ ᠠᠵᠢᠯᠯᠠᠵᠤ ᠪᠠᠢ᠌ᠭ᠎ᠠ ᠬᠥᠮᠥᠰ᠎ᠤᠨ ᠠᠵᠢᠯ ᠣᠯᠭᠣᠯᠲᠠ ᠵᠢ ᠨᠠᠩ ᠲᠣᠭᠲᠠᠪᠤᠷᠢᠲᠠᠢ᠂ ᠣᠷᠣᠯᠭ᠎ᠠ ᠵᠢᠨ ᠬᠢᠷᠢ ᠲᠦᠪᠰᠢᠨ᠎ᠢ ᠨᠠᠩ ᠥᠨᠳᠥᠷ ᠪᠣᠯᠭ᠋ᠠᠵᠤ᠂ ᠡᠷᠬᠡ ᠠᠰᠢᠭ᠎ᠢ ᠨᠠᠩ ᠪᠠᠲᠤᠯᠠᠭ᠎ᠠ᠎ᠲᠠᠢ ᠪᠣᠯᠭ᠋ᠠᠬᠤ ᠪᠣᠢ?
《ᠭᠤᠷᠪᠠᠨ ᠵᠦᠢ᠍ᠯ᠎ᠤᠨ ᠡᠭᠦᠷᠭᠡ ᠵᠢ ᠰᠠᠶ᠋ᠢᠲᠤᠷ ᠠᠳᠬᠤᠬᠤ ᠬᠡᠷᠡᠭᠲᠡᠶ》 ᠭᠡᠵᠦ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠣᠯᠲᠠ ᠵᠢ ᠠᠬᠢᠭᠤᠯᠬᠤ ᠵᠤᠷᠭ᠋ᠠᠨ᠎ᠤ ᠳᠡᠳ᠋ ᠳᠠᠷᠤᠭ᠎ᠠ ᠶᠦᠨ ᠳ᠋ᠦᠩ ᠯᠠᠢ ᠲᠠᠨᠢᠯᠴᠠᠭᠤᠯᠬᠤ᠎ᠳᠠᠭᠠᠨ᠂ ᠡᠩ ᠲᠡᠷᠢᠭᠦᠨ᠎ᠳᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠢᠯᠡᠷᠡᠭᠦᠯᠵᠦ ᠪᠣᠢ᠌ᠵᠢᠭᠤᠯᠬᠤ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠪᠣᠢ᠌ᠵᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠡᠬᠢ ᠪᠠᠶᠠᠯᠢᠭ᠎ᠤᠨ ᠬᠥᠮᠥᠷᠭᠡ ᠵᠢ ᠪᠠᠢ᠌ᠭᠤᠯᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠬᠡᠪᠴᠢᠶ᠎ᠡ ᠵᠢ ᠥᠷᠭᠡᠳᠬᠡᠨ᠎ᠡ; ᠳᠠᠷᠠᠭ᠋ᠠᠯᠠᠪᠠᠯ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠬᠥᠭᠵᠢᠯᠲᠡ ᠳᠡᠭᠡᠭᠰᠢᠯᠡᠯᠲᠡ ᠵᠢ ᠲᠦᠷᠭᠡᠳᠬᠡᠵᠦ᠂ ᠤᠷ᠎ᠠ ᠴᠢᠳᠠᠪᠤᠷᠢ ᠵᠢᠨ ᠪᠣᠯᠪᠠᠰᠤᠷᠠᠯ ᠥᠷᠨᠢᠭᠦᠯᠬᠦ᠂ ᠠᠵᠢᠯ ᠣᠯᠭᠣᠯᠲᠠ ᠵᠢᠨ ᠲᠠᠨᠢᠯᠴᠠᠭᠤᠯᠭ᠎ᠠ ᠵᠢ ᠴᠢᠩᠭ᠋ᠠᠳᠬᠠᠬᠤ᠂ ᠨᠡᠷᠡᠲᠦ ᠲᠥᠷᠥᠯ ᠲᠡᠮᠳᠡᠭ᠎ᠤᠨ ᠪᠠᠷᠢᠮᠵᠢᠶ᠎ᠠ ᠵᠢ ᠲᠣᠭᠲᠠᠭ᠋ᠠᠬᠤ᠂ ᠨᠡᠷᠡᠲᠦ ᠲᠥᠷᠥᠯ ᠲᠡᠮᠳᠡᠭ᠎ᠤᠨ ᠢᠲᠡᠭᠡᠯ ᠬᠦᠨᠳᠦ ᠵᠢ ᠨᠡᠮᠡᠭᠳᠡᠭᠦᠯᠬᠦ ᠵᠡᠷᠭᠡ᠎ᠪᠠᠷ ᠳᠠᠮᠵᠢᠭᠤᠯᠤᠨ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ; ᠳᠠᠬᠢᠪᠠᠯ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠪᠤᠵᠠᠭ᠋ᠠᠢ᠌ᠷᠠᠨ ᠲᠠᠰ ᠳᠡᠪᠰᠢᠬᠦ ᠵᠢ ᠲᠦᠷᠭᠡᠳᠬᠡᠵᠦ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠵᠢᠯ ᠡᠷᠬᠢᠯᠡᠭᠰᠡᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠵᠢ ᠵᠣᠷᠢᠭᠵᠢᠭᠤᠯᠤᠨ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠵᠤ᠂ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠵᠢ ᠳᠡᠮᠵᠢᠬᠦ᠎ᠪᠠᠷ ᠳᠠᠮᠵᠢᠭᠤᠯᠤᠨ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠣᠨᠴᠠᠯᠢᠭᠲᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠬᠥᠲᠥᠴᠢ ᠠᠵᠤ ᠠᠬᠤᠢ᠌ᠯᠠᠯ᠎ᠢ ᠪᠣᠢ ᠪᠣᠯᠭ᠋ᠠᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠵᠤ ᠦᠢ᠍ᠯᠡᠰᠵᠢᠭᠦᠯᠬᠦ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠤᠨ᠎ᠠ᠃
ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠪᠠᠢ᠌ᠭᠤᠯᠤᠯᠲᠠ ᠬᠥᠭᠵᠢᠯᠲᠡ᠎ᠨᠢ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠃ ᠡᠨᠡ ᠵᠢᠯ᠎ᠤᠨ 9 ᠰᠠᠷ᠎ᠠ᠎ᠳᠤ ᠳᠠᠷᠤᠮᠠᠯᠯᠠᠨ ᠲᠠᠷᠬᠠᠭ᠋ᠠᠭᠰᠠᠨ 《ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ᠂ ᠣᠷᠣᠨ ᠪᠦᠰᠡ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠬᠣᠯᠪᠣᠭ᠎ᠠ ᠵᠢ ᠪᠠᠢ᠌ᠭᠤᠯᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠮᠠᠭ᠋ᠠᠳᠯᠠᠨ ᠲᠣᠭᠲᠠᠭ᠋ᠠᠵᠤ ᠪᠣᠢ᠌ᠵᠢᠭᠤᠯᠬᠤ ᠠᠵᠢᠯ᠎ᠢ ᠥᠷᠨᠢᠭᠦᠯᠵᠦ᠂ ᠠᠵᠢᠯ ᠣᠯᠭᠣᠬᠤ ᠦᠢ᠍ᠯᠡᠴᠢᠯᠡᠭᠡ᠂ ᠠᠵᠢᠯ ᠮᠡᠷᠭᠡᠵᠢᠯ᠎ᠤᠨ ᠪᠣᠯᠪᠠᠰᠤᠷᠠᠯ᠂ ᠡᠷᠬᠡ ᠠᠰᠢᠭ᠎ᠤᠨ ᠬᠠᠮᠠᠭ᠋ᠠᠯᠠᠯᠲᠠ ᠵᠢ ᠨᠢᠭᠡ ᠴᠣᠭᠴᠠᠵᠢᠭᠤᠯᠤᠭᠰᠠᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠦᠨ᠎ᠡ ᠭᠡᠵᠦ ᠳᠤᠷᠠᠳᠴᠠᠢ᠃
ᠣᠢ᠌ᠷ᠎ᠠ ᠵᠢᠨ ᠵᠢᠯ᠎ᠤᠳ᠎ᠲᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠪᠠᠢ᠌ᠭᠤᠯᠤᠯᠲᠠ ᠵᠢᠨ ᠠᠵᠢᠯ᠎ᠢ ᠢᠳᠡᠪᠬᠢᠲᠡᠢ ᠲᠦᠯᠬᠢᠨ ᠠᠬᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 2021 ᠣᠨ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ 20 ᠰᠠᠯᠠᠭ᠎ᠠ ᠮᠥᠴᠢᠷ ᠵᠢᠯᠤᠭᠣᠳᠬᠤ ᠰᠠᠨᠠᠯ ᠳᠠᠷᠤᠮᠠᠯᠯᠠᠨ ᠲᠠᠷᠬᠠᠭ᠋ᠠᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠢᠯᠡᠷᠡᠭᠦᠯᠦᠨ ᠪᠣᠢ᠌ᠵᠢᠭᠤᠯᠬᠤ᠂ ᠬᠥᠭᠵᠢᠭᠦᠯᠦᠨ ᠳᠡᠭᠡᠭᠰᠢᠯᠡᠭᠦᠯᠬᠦ᠂ ᠪᠤᠵᠠᠭ᠋ᠠᠢ᠌ᠷᠠᠭᠤᠯᠤᠨ ᠲᠠᠰ ᠳᠡᠪᠰᠢᠭᠦᠯᠬᠦ ᠲᠤᠬᠠᠢ ᠰᠢᠰᠲ᠋ᠧᠮ᠎ᠲᠠᠢ ᠪᠠᠢ᠌ᠷᠢᠯᠠᠭᠤᠯᠤᠯᠲᠠ ᠬᠢᠪᠡ᠃ ᠵᠠᠷᠢᠮ ᠭᠠᠵᠠᠷ ᠣᠷᠣᠨ᠎ᠤ᠎ᠬᠢᠨ ᠨᠡᠩ ᠬᠠᠨᠳᠤᠯᠭ᠋ᠠᠲᠤ ᠴᠢᠨᠠᠷᠲᠠᠢ ᠪᠣᠳᠠᠲᠠᠢ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠪᠡ᠂ ᠵᠢᠱ᠌ᠢᠶᠡᠯᠡᠪᠡᠯ ᠬᠢᠷᠢᠨᠤᠬᠢᠨ 《ᠬᠢᠷᠢᠨᠤ ᠲᠤᠲᠤᠷᠭ᠎ᠠ ᠵᠢᠨ ᠲᠠᠷᠢᠶᠠᠯᠠᠩ᠎ᠤᠨ ᠮᠡᠷᠭᠡᠵᠢᠯ᠎ᠤᠨ ᠠᠵᠢᠯᠴᠢᠨ》᠎ᠢ ᠪᠦᠬᠦ ᠮᠤᠵᠢ ᠵᠢᠨ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠪᠠᠷ ᠲᠣᠭᠲᠠᠭ᠋ᠠᠪᠠ; ᠾᠧᠪᠧᠢ᠂ ᠬᠤᠪᠧᠢ᠂ ᠰᠧᠴᠤᠸᠠᠨ᠂ ᠭᠠᠨᠰᠤ ᠵᠡᠷᠭᠡ ᠮᠤᠵᠢ ᠣᠷᠣᠨ ᠵᠢᠴᠢ ᠾᠧᠨᠠᠨ᠎ᠤ ᠯᠦ᠍ ᠢ᠂ ᠭᠦᠢ᠍ᠵᠧᠦ ᠵᠢᠨ ᠵᠧᠩ ᠠᠨ᠂ ᠶᠦᠨᠨᠠᠨ᠎ᠤ ᠵᠢᠶᠠᠨ ᠴᠤᠸᠠᠨ ᠲᠤᠰᠬᠠᠢ ᠪᠡᠯᠡ ᠮᠥᠩᠭᠥ ᠭᠠᠷᠭ᠋ᠠᠵᠤ᠂ ᠰᠢᠯᠭ᠋ᠠᠷᠠᠭᠤᠯᠵᠤ ᠮᠠᠭ᠋ᠠᠳᠯᠠᠨ ᠲᠣᠭᠲᠠᠭ᠋ᠠᠭᠰᠠᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠲᠤ ᠱᠠᠩᠨᠠᠯ ᠨᠥᠬᠥᠪᠦᠷᠢ ᠣᠯᠭᠣᠪᠠ; ᠱᠠᠨᠰᠢ ᠵᠢᠨ᠎ᠬᠢᠨ 《ᠰᠢ ᠴᠢ ᠵᠢᠨ ᠨᠡᠷᠡᠲᠦ ᠢᠳᠡᠭᠡᠨ》᠎ᠢ ᠭᠠᠵᠠᠷ ᠵᠦᠢ ᠵᠢᠨ ᠪᠡᠯᠭᠡ ᠲᠡᠮᠳᠡᠭ᠎ᠤᠨ ᠨᠡᠷᠡᠲᠦ ᠲᠥᠷᠥᠯ ᠲᠡᠮᠳᠡᠭ ᠵᠶ᠋ᠡᠷ ᠮᠠᠭ᠋ᠠᠳᠯᠠᠨ ᠲᠣᠭᠲᠠᠭ᠋ᠠᠪᠠ; ᠬᠤᠪᠧᠢ ᠵᠢᠨ ᠴᠢᠶᠠᠨᠵᠢᠶᠠᠩ ᠬᠤᠳᠠ᠎ᠳᠤ ᠠᠵᠢᠯ ᠳᠦᠷᠦᠯ᠎ᠤᠨ ᠵᠣᠬᠢᠶᠠᠨ ᠪᠠᠢ᠌ᠭᠤᠯᠤᠯᠲᠠ ᠪᠠᠢ᠌ᠭᠤᠯᠵᠤ᠂ 《ᠴᠢᠶᠠᠨᠵᠢᠶᠠᠩ ᠮᠥᠷᠡᠨ᠎ᠤ ᠣᠮᠠᠷ᠎ᠤᠨ ᠠᠵᠢᠯᠴᠢᠨ》᠎ᠤ ᠠᠵᠢᠯ ᠳᠦᠷᠦᠯ᠎ᠤᠨ ᠪᠠᠷᠢᠮᠵᠢᠶ᠎ᠠ ᠵᠢ ᠲᠣᠭᠲᠠᠭ᠋ᠠᠪᠠ᠃
ᠡᠯ᠎ᠡ ᠭᠠᠵᠠᠷ᠎ᠤᠨ᠎ᠬᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠪᠠᠢ᠌ᠭᠤᠯᠤᠯᠲᠠ ᠵᠢ ᠬᠠᠷᠢᠭᠤᠴᠠᠬᠤ ᠰᠠᠯᠠᠭ᠎ᠠ ᠮᠥᠴᠢᠷ᠎ᠢ ᠨᠡᠢ᠌ᠳᠡᠮ ᠪᠠᠢ᠌ᠭᠤᠯᠵᠤ᠂ ᠵᠠᠷᠢᠮ᠎ᠨᠢ ᠪᠠᠰᠠ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠠᠵᠢᠯ᠎ᠤᠨ ᠲᠤᠰᠬᠠᠢ ᠠᠩᠭᠢ ᠭᠠᠷᠭ᠋ᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ ᠠᠵᠢᠯ᠎ᠤᠨ ᠲᠣᠭᠲᠠᠴᠠ ᠵᠢ ᠠᠯᠬᠤᠮ ᠠᠯᠬᠤᠮ ᠵᠶ᠋ᠠᠷ ᠪᠤᠢ ᠪᠣᠯᠭ᠋ᠠᠪᠠ᠃ ᠭᠤᠸᠠᠩᠳᠦ᠋ᠩ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠱᠠᠨ ᠰᠢ ᠮᠤᠵᠢ ᠵᠢᠨ ᠯᠢᠦᠢ ᠯᠢᠶᠠᠩ ᠬᠤᠳᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ ᠵᠢᠴᠢ ᠥᠪᠥᠷ ᠮᠣᠩᠭᠣᠯ᠎ᠤᠨ ᠠᠤᠬᠠᠨ ᠬᠣᠰᠢᠭᠤᠨ᠎ᠤ ᠨᠠᠮ᠎ᠤᠨ ᠬᠣᠷᠢᠶ᠎ᠠ᠂ ᠬᠣᠰᠢᠭᠤᠨ᠎ᠤ ᠵᠠᠰᠠᠭ᠎ᠤᠨ ᠣᠷᠳᠣᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠭᠤᠸᠠᠩᠰᠢ᠎ᠳᠤ 《ᠪᠠ ᠬᠦᠢ ᠵᠢᠨ ᠰᠢᠷᠢᠰ》 ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠤᠨ ᠠᠵᠢᠯ᠎ᠤᠨ ᠲᠤᠰᠬᠠᠢ ᠠᠩᠭᠢ ᠪᠠᠢ᠌ᠭᠤᠯᠵᠤ᠂ ᠬᠥᠬᠡᠨᠠᠭᠤᠷ ᠮᠤᠵᠢ ᠵᠢᠨ ᠬᠠᠢ᠌ᠳᠦᠩ ᠬᠤᠳᠠ ᠪᠣᠯᠣᠨ ᠬᠤᠸᠠ ᠯᠦᠩ ᠰᠢᠶᠠᠨ᠎ᠳᠤ ᠣᠷᠣᠨ ᠨᠤᠲᠤᠭ᠎ᠤᠨ ᠳᠦᠷᠦᠯ ᠲᠡᠮᠳᠡᠭ᠎ᠤᠨ ᠠᠵᠤ ᠦᠢ᠍ᠯᠡᠰ᠎ᠢ ᠪᠣᠢ᠌ᠵᠢᠭᠤᠯᠤᠨ ᠠᠬᠢᠭᠤᠯᠬᠤ ᠲᠣᠪᠴᠢᠶ᠎ᠠ ᠪᠠᠢ᠌ᠭᠤᠯᠵᠤ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠤᠨ ᠪᠠᠢ᠌ᠭᠤᠯᠤᠯᠲᠠ ᠵᠢ ᠠᠬᠢᠭᠤᠯᠪᠠ ᠁
ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠢᠳᠡᠪᠬᠢᠲᠡᠢ ᠪᠣᠢ᠌ᠵᠢᠭᠤᠯᠤᠯᠲᠠ ᠪᠠ ᠪᠠᠢ᠌ᠭᠤᠯᠤᠯᠲᠠ᠎ᠨᠢ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠲᠤ ᠢᠯᠡ ᠲᠣᠳᠣ ᠣᠷᠣᠨ ᠪᠦᠰᠡ ᠵᠢᠨ ᠲᠡᠮᠳᠡᠭ ᠣᠯᠭᠣᠵᠤ᠂ ᠦᠢ ᠤᠯᠠᠨ ᠨᠡᠷᠡᠲᠦ ᠲᠥᠷᠥᠯ ᠲᠡᠮᠳᠡᠭ᠎ᠢ ᠭᠣᠢ᠌ᠳᠠ ᠰᠠᠢ᠌ᠬᠠᠨ ᠬᠠᠷᠠᠭᠤᠯᠪᠠ᠃ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠣᠷᠣᠨ ᠨᠤᠲᠤᠭ᠎ᠤᠨ ᠣᠨᠴᠠᠯᠢᠭᠲᠤ ᠠᠵᠤ ᠦᠢ᠍ᠯᠡᠰ᠎ᠲᠠᠢ ᠵᠡᠷᠭᠡ᠎ᠪᠠᠷ ᠪᠣᠢ᠌ᠵᠢᠭᠤᠯᠬᠤ᠎ᠨᠢ ᠨᠠᠩ ᠴᠤ᠌ ᠨᠡᠷᠡᠲᠦ ᠲᠥᠷᠥᠯ ᠲᠡᠮᠳᠡᠭ᠎ᠤᠨ ᠨᠡᠷ᠎ᠡ ᠴᠤᠤᠲᠠᠢ ᠪᠠᠶ᠋ᠢᠬᠤ ᠵᠢᠨ ᠵᠠᠩᠭᠢᠯᠠᠭ᠎ᠠ ᠪᠣᠯᠵᠤ ᠪᠠᠢ᠌ᠨ᠎ᠠ᠃
ᠱᠠᠨᠰᠢ ᠮᠤᠵᠢ ᠵᠢᠨ ᠰᠢ ᠠᠨ ᠬᠤᠳᠠ ᠵᠢᠨ ᠶᠠᠨ ᠯᠢᠶᠠᠩ ᠲᠣᠭᠣᠷᠢᠭ ᠪᠣᠯ ᠮᠠᠨ᠎ᠤ ᠤᠯᠤᠰ᠎ᠤᠨ ᠴᠤᠷ᠎ᠤᠨ ᠭᠠᠭᠴᠠ ᠠᠽᠢᠶ᠎ᠠ ᠲᠢᠪ᠎ᠤᠨ ᠬᠠᠮᠤᠭ᠎ᠤᠨ ᠲᠣᠮᠣ ᠨᠢᠰᠬᠡᠯ᠎ᠤᠨ ᠵᠢᠷᠤᠭ ᠲᠥᠯᠥᠪᠯᠡᠭᠡ ᠵᠢᠨ ᠰᠤᠳᠤᠯᠭ᠋ᠠᠨ᠂ ᠦᠢ᠍ᠯᠡᠳᠪᠦᠷᠢᠯᠡᠨ ᠦᠢ᠍ᠯᠡᠳᠬᠦ᠂ ᠲᠤᠷᠰᠢᠨ ᠨᠢᠰᠬᠦ ᠵᠢ ᠬᠢᠨᠠᠨ ᠲᠣᠭᠲᠠᠭ᠋ᠠᠬᠤ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠢᠭ᠋ᠠᠨ ᠰᠤᠷᠭ᠋ᠠᠯᠲᠠ ᠵᠢ ᠨᠢᠭᠡ ᠴᠣᠭᠴᠠᠵᠢᠭᠤᠯᠤᠭᠰᠠᠨ ᠠᠭ᠋ᠠᠷ᠎ᠤᠨ ᠠᠶᠠᠯᠠᠯ᠎ᠤᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ ᠪᠣᠯᠣᠨ᠎ᠠ᠃ ᠠᠲᠠ ᠶᠠᠨ ᠯᠢᠶᠠᠩ᠎ᠤᠨ ᠠᠭ᠋ᠠᠷ᠎ᠤᠨ ᠳᠠᠷᠬᠠᠳ ᠮᠠᠰᠢ ᠤᠯᠠᠨ ᠪᠠᠢ᠍ᠨ᠎ᠠ᠃
《ᠨᠢᠰᠬᠡᠯ ᠦᠢ᠍ᠯᠡᠳᠬᠦ ᠪᠣᠯ ᠮᠡᠷᠭᠡᠵᠢᠯ ᠬᠤᠷᠠᠭᠰᠠᠨ ᠬᠡᠯᠪᠡᠷᠢ ᠵᠢᠨ ᠠᠵᠤ ᠦᠢ᠍ᠯᠡᠰ ᠮᠥᠨ ᠪᠣᠯᠬᠣᠷ ᠤᠷᠠᠨ ᠳᠠᠷᠬᠠᠴᠤᠳ ᠤᠷᠠᠨ ᠨᠠᠷᠢᠯᠢᠭ ᠤᠷ᠎ᠠ ᠮᠡᠷᠭᠡᠵᠢᠯ ᠵᠶ᠋ᠡᠷ ᠵᠶ᠋ᠡᠨ ᠵᠢᠷᠤᠭ ᠲᠥᠯᠥᠪᠯᠡᠭᠡ ᠵᠢᠨ ᠵᠢᠷᠤᠭ᠎ᠢ ᠥᠴᠥᠬᠡᠨ ᠴᠦ᠍ ᠵᠥᠷᠢᠬᠦ ᠦᠭᠡᠢ᠎ᠪᠠᠷ ᠢᠯᠡᠷᠡᠭᠦᠯᠬᠦ ᠬᠡᠷᠡᠭᠲᠡᠶ ᠪᠠᠢ᠌ᠳᠠᠭ》 ᠰᠢ ᠠᠨ ᠬᠣᠲᠠ ᠵᠢᠨ ᠶᠠᠨ ᠯᠢᠶᠠᠩ ᠲᠣᠭᠣᠷᠢᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ ᠵᠣᠣ ᠷᠦᠩ᠂ 《ᠶᠠᠨ ᠯᠢᠶᠠᠩ ᠠᠭ᠋ᠠᠷ᠎ᠤᠨ ᠠᠶᠠᠯᠠᠯ᠎ᠤᠨ ᠳᠠᠷᠬᠠᠨ》᠎ᠤ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠣᠨᠴᠠᠯᠢᠭ ᠭᠡᠪᠡᠯ᠂ ᠠᠭ᠋ᠠᠷ᠎ᠤᠨ ᠠᠶᠠᠯᠠᠯ᠎ᠤᠨ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢᠨ ᠲᠣᠭᠣᠷᠢᠨ᠎ᠳᠤ᠂ ᠰᠢ ᠠᠨ᠎ᠤ ᠠᠭ᠋ᠠᠷ᠎ᠤᠨ ᠠᠶᠠᠯᠠᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠷ ᠭᠣᠣᠯ ᠠᠴᠢᠶᠠᠯᠠᠪᠤᠷᠢ ᠪᠣᠯᠭ᠋ᠠᠵᠤ᠂ 《ᠵᠢᠭ᠋ᠠᠨ ᠰᠤᠷᠭ᠋ᠠᠬᠤ ᠪᠠ ᠪᠣᠯᠪᠠᠰᠤᠷᠠᠭᠤᠯᠬᠤ ᠵᠢ ᠵᠡᠷᠭᠡ᠎ᠪᠠᠷ ᠴᠢᠬᠤᠯᠠᠴᠢᠯᠠᠬᠤ᠂ ᠣᠷᠣᠨ ᠪᠦᠰᠡ ᠵᠢ ᠠᠭᠤᠰᠤᠯᠴᠠᠭᠤᠯᠬᠤ》 ᠵᠠᠭᠪᠤᠷ ᠵᠶ᠋ᠠᠷ ᠳᠠᠮᠵᠢᠭᠤᠯᠤᠨ᠂ ᠬᠥᠳᠡᠯᠮᠦᠷᠢᠴᠢᠳ᠎ᠢ ᠲᠠᠩ ᠭᠠᠭᠴᠠ ᠪᠡᠶ᠎ᠡ ᠵᠢᠨ ᠴᠢᠳᠠᠪᠤᠷᠢ ᠵᠢᠨ ᠬᠡᠯᠪᠡᠷᠢ᠎ᠠᠴᠠ ᠲᠤᠰᠬᠠᠢ ᠮᠡᠷᠭᠡᠵᠢᠯ᠎ᠤᠨ ᠬᠡᠯᠪᠡᠷᠢ᠂ ᠮᠡᠷᠭᠡᠵᠢᠯ᠎ᠤᠨ ᠬᠡᠯᠪᠡᠷᠢ᠂ ᠣᠨᠴᠠ ᠴᠢᠳᠠᠪᠤᠷᠢ ᠵᠢᠨ ᠬᠡᠯᠪᠡᠷᠢ ᠲᠡᠢ᠌ᠰᠢ ᠬᠤᠪᠢᠷᠠᠭᠤᠯᠵᠤ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠢ ᠳᠠᠶ᠋ᠢᠴᠢᠯᠠᠨ᠎ᠠ ᠭᠡᠵᠦ ᠲᠠᠨᠢᠯᠴᠠᠭᠤᠯᠪᠠ᠃
《ᠪᠢᠳᠡᠨ᠎ᠳᠤ ᠨᠢᠰᠬᠡᠯ᠎ᠤᠨ ᠮᠠᠰᠢᠨ ᠴᠠᠬᠢᠯᠭ᠋ᠠᠨ᠎ᠤ ᠲᠥᠬᠦᠭᠡᠷᠦᠮᠵᠢ ᠵᠢ ᠰᠡᠯᠪᠢᠨ ᠵᠠᠰᠠᠬᠤ᠂ ᠵᠢᠯᠣᠭᠣᠴᠢ ᠦᠭᠡᠢ ᠨᠢᠰᠬᠡᠯ᠎ᠤᠨ ᠬᠡᠷᠡᠭᠯᠡᠭᠡᠨ᠎ᠤ ᠮᠡᠷᠭᠡᠵᠢᠯ᠂ ᠠᠭ᠋ᠠᠷ᠎ᠤᠨ ᠠᠶᠠᠯᠠᠯ᠎ᠤᠨ ᠬᠥᠳᠡᠯᠭᠡᠭᠦᠷ ᠮᠠᠰᠢᠨ ᠦᠢ᠍ᠯᠡᠳᠬᠦ ᠮᠡᠷᠭᠡᠵᠢᠯ ᠵᠡᠷᠭᠡ ᠠᠷᠪᠠᠨ ᠶᠡᠬᠡ ᠲᠥᠷᠥᠯ᠎ᠤᠨ 148 ᠥᠨᠳᠥᠷ ᠶᠠᠰᠤ ᠴᠢᠨᠠᠷ᠎ᠤᠨ ᠪᠣᠯᠪᠠᠰᠤᠷᠠᠯ᠎ᠤᠨ ᠲᠥᠷᠥᠯ ᠵᠦᠢ᠍ᠯ ᠪᠤᠢ᠂ ᠰᠤᠷᠤᠭᠴᠢᠳ 1 ᠵᠢᠯ ᠴᠢᠨᠠᠭᠰᠢᠯᠠᠪᠠᠯ ᠨᠠᠩ ᠣᠷᠳᠣ ᠬᠤᠭᠤᠴᠠᠭ᠋ᠠᠨ᠎ᠤ ᠲᠤᠰᠬᠠᠢ ᠮᠡᠷᠭᠡᠵᠢᠯ᠎ᠤᠨ ᠪᠣᠯᠪᠠᠰᠤᠷᠠᠯ ᠵᠶ᠋ᠠᠷ ᠳᠡᠮᠵᠢᠨ ᠰᠠᠶᠢ ᠬᠢᠨᠠᠨ ᠰᠢᠯᠭ᠋ᠠᠯᠲᠠ᠎ᠳᠤ ᠬᠢᠷᠢ ᠲᠡᠩᠴᠡᠵᠦ ᠠᠵᠢᠯ᠎ᠤᠨ ᠪᠠᠶ᠋ᠢᠷᠢ᠎ᠳᠤ ᠭᠠᠷᠴᠤ᠂ ᠠᠭ᠋ᠠᠷ᠎ᠤᠨ ᠠᠶᠠᠯᠠᠯ᠎ᠤᠨ ᠦᠢ᠍ᠯᠡᠳᠬᠦ ᠦᠢ᠍ᠯᠡᠰ᠎ᠤᠨ ᠠᠵᠢᠯᠴᠢᠨ ᠬᠡᠷᠡᠭᠯᠡᠬᠦ ᠬᠡᠷᠡᠭᠴᠡᠭᠡ᠎ᠳᠤ ᠵᠣᠬᠢᠴᠠᠵᠤ ᠴᠢᠳᠠᠨ᠎ᠠ》 ᠭᠡᠵᠦ ᠵᠤᠤ ᠷᠥᠩ ᠬᠡᠯᠡᠪᠡ᠃
ᠵᠧᠵᠢᠶᠠᠩ ᠮᠤᠵᠢ ᠵᠢᠨ ᠬᠤᠵᠸᠦ ᠬᠤᠳᠠ ᠵᠢᠨ ᠳ᠋ᠧ ᠴᠢᠩ ᠰᠢᠶᠠᠨ᠎ᠤ ᠮᠦᠸᠸ᠋ ᠭᠠᠨ ᠱᠠᠨ ᠪᠠᠯᠭ᠋ᠠᠰᠤᠨ᠎ᠤ ᠦ᠋ ᠰᠧ ᠲᠣᠰᠬᠤᠨ᠎ᠳᠤ᠂ 《ᠮᠦᠸᠸ᠋ ᠭᠠᠨ ᠱᠠᠨ ᠠᠭᠤᠯᠠᠨ᠎ᠤ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠭᠴᠢ》 ᠵᠢᠨ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠨᠢ ᠮᠦᠸᠸ᠋ ᠭᠠᠨ ᠱᠠᠨ ᠠᠭᠤᠯᠠᠨ᠎ᠤ ᠠᠷᠠᠳ᠎ᠤᠨ ᠣᠷᠣᠨ ᠰᠠᠭᠤᠴᠠ᠎ᠲᠠᠢ ᠬᠠᠮᠲᠤ᠎ᠪᠠᠷ ᠪᠦᠬᠦ ᠤᠯᠤᠰ᠎ᠲᠤ ᠠᠯᠳᠠᠷᠰᠢᠪᠠ᠃ ᠳ᠋ᠧ ᠴᠢᠩ ᠰᠢᠶᠠᠨ ᠪᠦᠬᠦ ᠤᠯᠤᠰ᠎ᠤᠨ ᠠᠩᠬᠠᠳᠠᠭᠴᠢ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠭᠴᠢ ᠵᠢᠨ ᠪᠣᠯᠪᠠᠰᠤᠷᠠᠯ᠎ᠤᠨ ᠰᠤᠷᠭ᠋ᠠᠭᠤᠯᠢ ᠵᠢ ᠪᠠᠢ᠌ᠭᠤᠯᠵᠤ᠂ ᠵᠣᠴᠢᠳ᠎ᠤᠨ ᠦᠷᠦᠭᠡ ᠵᠢᠨ ᠦᠢ᠍ᠯᠡᠴᠢᠯᠡᠭᠡ᠂ ᠬᠣᠭᠣᠯᠠᠨ ᠭᠡᠷ᠎ᠤᠨ ᠦᠢ᠍ᠯᠡᠴᠢᠯᠡᠭᠡ᠂ ᠴᠠᠢ ᠵᠢᠨ ᠤᠷᠠᠯᠢᠭ ᠵᠡᠷᠭᠡ ᠲᠠᠯ᠎ᠠ ᠵᠢᠨ ᠬᠢᠴᠢᠶᠡᠯ᠎ᠢ ᠨᠡᠭᠡᠭᠡᠵᠦ᠂ ᠠᠷᠠᠳ᠎ᠤᠨ ᠣᠷᠣᠨ ᠰᠠᠭᠤᠴᠠ ᠵᠢᠨ ᠠᠵᠢᠯᠲᠠᠳ᠎ᠲᠤ ᠪᠦᠬᠦ ᠲᠠᠯ᠎ᠠ ᠵᠢᠨ ᠪᠣᠯᠪᠠᠰᠤᠷᠠᠯ ᠬᠦᠷᠲᠡᠭᠡᠵᠡᠢ᠃
《ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠦᠨ᠎ᠡ ᠥᠷᠲᠡᠭ ᠪᠣᠯ ᠠᠵᠢᠯ ᠡᠷᠬᠢᠯᠡᠭᠰᠡᠳ᠎ᠤᠨ ᠵᠣᠭᠣᠰ᠎ᠤᠨ ᠬᠠᠷᠮ᠎ᠠ᠎ᠨᠢ ᠭᠦᠳᠦᠢ᠌ᠯᠭᠡᠵᠦ᠂ ᠨᠢᠷᠤᠭᠤ ᠵᠢ᠎ᠨᠢ ᠲᠡᠨᠢᠢ᠍ᠯᠭᠡᠬᠦ ᠶᠠᠪᠤᠳᠠᠯ ᠪᠣᠯᠣᠨ᠎ᠠ᠂ ᠵᠥᠪᠬᠡᠨ ᠨᠡᠷᠡᠲᠦ ᠲᠥᠷᠥᠯ ᠲᠡᠮᠳᠡᠭ᠎ᠢ ᠪᠤᠢ ᠪᠣᠯᠭ᠋ᠠᠭ᠋ᠠᠳ ᠪᠣᠯᠬᠤ ᠦᠭᠡᠢ᠂ ᠪᠠᠰᠠ ᠪᠠᠷᠢᠮᠵᠢᠶ᠎ᠠ᠎ᠲᠠᠢ ᠪᠠᠶ᠋ᠢᠬᠤ ᠬᠡᠷᠡᠭᠲᠡᠶ᠃ 》 ᠬᠤᠵᠸᠦ ᠬᠣᠲᠠ ᠵᠢᠨ ᠮᠦᠸᠸ᠋ ᠭᠠᠨ ᠱᠠᠨ᠎ᠤ ᠮᠦ᠍ ᠶᠠ ᠰᠣᠶᠣᠯ ᠵᠢᠭᠤᠯᠴᠢᠯᠠᠯ᠎ᠤᠨ ᠡᠭᠦᠰᠬᠡᠨ ᠪᠠᠢ᠌ᠭᠤᠯᠤᠭᠴᠢ ᠯᠢᠦ ᠵᠢᠶᠧ᠄ 《ᠠᠷᠠᠳ᠎ᠤᠨ ᠣᠷᠣᠨ ᠰᠠᠭᠤᠴᠠ ᠵᠢᠨ ᠠᠵᠢᠯ ᠳᠦᠷᠦᠯ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ᠎ᠨᠢ ᠠᠷᠠᠳ᠎ᠤᠨ ᠣᠷᠣᠨ ᠰᠠᠭᠤᠴᠠ ᠵᠢᠨ ᠠᠵᠢᠯ ᠳᠦᠷᠦᠯ᠎ᠤᠨ ᠡᠷᠡᠭᠦᠯ ᠵᠶ᠋ᠡᠷ ᠬᠥᠭᠵᠢᠬᠦ᠎ᠳᠤ ᠰᠠᠭᠤᠷᠢ ᠲᠠᠯᠪᠢᠵᠤ ᠥᠭᠬᠦ᠎ᠪᠠᠷ ᠪᠠᠷᠠᠬᠤ ᠦᠭᠡᠢ ᠪᠠᠰᠠ ᠠᠵᠢᠯᠯᠠᠵᠤ ᠪᠠᠢ᠌ᠭ᠎ᠠ ᠬᠥᠮᠥᠰ᠎ᠲᠤ ᠰᠠᠢ᠍ᠢ᠍ᠨ ᠰᠠᠢ᠌ᠬᠠᠨ ᠦᠰᠦᠨ ᠪᠣᠶ᠋ᠢᠵᠢᠬᠤ ᠣᠷᠴᠢᠨ ᠲᠣᠭᠣᠷᠢᠨ᠎ᠢ ᠬᠠᠩᠭ᠋ᠠᠵᠤ ᠴᠢᠳᠠᠨ᠎ᠠ》 ᠭᠡᠪᠡ᠃ ᠲᠤᠰ ᠭᠠᠵᠠᠷ᠎ᠤᠨ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠭᠴᠢ ᠵᠢ ᠪᠠᠷᠢᠮᠵᠢᠶ᠎ᠠ᠎ᠲᠠᠢ᠂ ᠵᠢᠷᠤᠮᠯᠠᠯ᠎ᠲᠠᠢ ᠪᠣᠯᠭ᠋ᠠᠬᠤ ᠵᠢᠨ ᠲᠥᠯᠥᠭᠡ᠂ ᠳ᠋ᠧ ᠴᠢᠩ ᠬᠠᠮᠤᠭ᠎ᠤᠨ ᠲᠦᠷᠦᠭᠦᠨ᠎ᠳᠤ ᠤᠯᠤᠰ᠎ᠤᠨ ᠳᠣᠲᠣᠭ᠋ᠠᠳᠤ᠎ᠳᠤ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠭᠴᠢ ᠵᠢᠨ ᠠᠵᠢᠯ ᠮᠡᠷᠭᠡᠵᠢᠯ᠎ᠢ ᠮᠠᠭ᠋ᠠᠳᠯᠠᠨ ᠲᠣᠭᠲᠠᠭ᠋ᠠᠬᠤ᠂ ᠪᠣᠯᠪᠠᠰᠤᠷᠠᠭᠤᠯᠬᠤ᠂ ᠬᠢᠨᠠᠨ ᠰᠢᠯᠭ᠋ᠠᠬᠤ ᠲᠣᠭᠲᠠᠴᠠ ᠵᠢ ᠲᠡᠭᠦᠯᠳᠡᠷᠵᠢᠭᠦᠯᠦᠭᠰᠡᠨ ᠪᠥᠭᠡᠳ 《ᠳ᠋ᠧ ᠴᠢᠩ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠯᠲᠠ ᠵᠢᠨ ᠠᠷᠭ᠎ᠠ》 《ᠬᠥᠳᠡᠭᠡ ᠲᠣᠰᠬᠤᠨ᠎ᠤ ᠠᠷᠠᠳ᠎ᠤᠨ ᠣᠷᠣᠨ ᠰᠠᠭᠤᠴᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠵᠡᠷᠭᠡ ᠳᠡᠰ᠎ᠢ ᠬᠤᠪᠢᠶᠠᠷᠢᠯᠠᠬᠤ ᠪᠠ ᠦᠨᠡᠯᠡᠨ ᠲᠣᠭᠲᠠᠭ᠋ᠠᠬᠤ》 《ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠵᠢᠷᠤᠮᠵᠢᠯ》 ᠵᠡᠷᠭᠡ ᠵᠢ ᠵᠠᠯᠭ᠋ᠠᠭ᠎ᠠ᠎ᠪᠠᠷ ᠲᠣᠭᠲᠠᠭ᠋ᠠᠵᠤ᠂ ᠰᠢᠶᠠᠨ᠎ᠤ ᠬᠡᠪᠴᠢᠶᠡᠨ᠎ᠳᠤ ᠮᠥᠩᠭᠥᠨ ᠮᠧᠳᠠᠯ᠂ ᠠᠯᠲᠠᠨ ᠮᠧᠳᠠᠯ᠂ ᠴᠠᠭ᠋ᠠᠨ ᠠᠯᠲᠠᠨ ᠮᠧᠳᠠᠯ᠎ᠤᠨ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠭᠴᠢ ᠵᠢ ᠮᠠᠭ᠋ᠠᠳᠯᠠᠨ ᠲᠣᠭᠲᠠᠭ᠋ᠠᠬᠤ ᠵᠢ ᠪᠡᠶᠡᠯᠡᠭᠦᠯᠪᠡ᠃
ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠭᠦᠨᠵᠡᠭᠡᠢ᠌ᠷᠡᠭᠦᠯᠦᠨ᠎ᠡ
ᠬᠥᠳᠡᠯᠮᠦᠷᠢ ᠦᠢ᠍ᠯᠡᠴᠢᠯᠡᠭᠡᠨ᠎ᠤ ᠲᠠᠯ᠎ᠠ᠎ᠪᠠᠷ ᠬᠠᠮᠵᠢᠯᠴᠠᠬᠤ ᠪᠣᠯ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠠᠵᠢᠯ ᠣᠯᠬᠤ᠂ ᠣᠷᠣᠯᠭ᠎ᠠ᠎ᠪᠠᠨ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠪᠠ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ ᠭᠠᠷ ᠬᠣᠯᠪᠣᠯᠴᠠᠨ᠂ ᠬᠠᠮᠵᠢᠯᠴᠠᠭ᠎ᠠ᠎ᠪᠠᠷ ᠳᠦᠷᠦᠯ ᠲᠡᠮᠳᠡᠭ᠎ᠤᠨ ᠬᠦᠷᠢᠶ᠎ᠡ ᠵᠢ ᠥᠷᠭᠡᠳᠬᠡᠵᠦ᠂ ᠳᠦᠷᠦᠯ ᠲᠡᠮᠳᠡᠭ ᠵᠶ᠋ᠡᠷ ᠬᠠᠮᠵᠢᠯᠴᠠᠬᠤ ᠲᠦᠪᠰᠢᠨ᠎ᠢ ᠳᠡᠭᠡᠭᠰᠢᠯᠡᠭᠦᠯᠪᠡᠯ᠂ ᠳᠠᠷᠤᠢ 1+1>2᠎ᠤᠨ ᠦᠷ᠎ᠡ ᠪᠦᠲᠦᠮᠵᠢ ᠵᠢ ᠪᠤᠢ ᠪᠣᠯᠭ᠋ᠠᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠪᠦᠲᠦᠮᠵᠢᠲᠡᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠣᠷᠣᠨ ᠪᠦᠰᠡ ᠵᠢᠨ ᠬᠥᠭᠵᠢᠯᠲᠡ ᠵᠢ ᠠᠬᠢᠭᠤᠯᠵᠤ ᠴᠢᠳᠠᠨ᠎ᠠ᠃
ᠣᠢ᠌ᠷ᠎ᠠ ᠵᠢᠨ ᠵᠢᠯ᠎ᠤᠨ ᠲᠤᠷᠰᠢ᠂ 《ᠬᠣᠲᠠ ᠵᠢᠨ ᠲᠣᠭᠣᠷᠢᠭ》᠎ᠤᠨ ᠪᠦᠲᠦᠭᠡᠨ ᠪᠠᠢ᠌ᠭᠤᠯᠤᠯᠲᠠ ᠪᠠ 《ᠠᠵᠤ ᠠᠬᠤᠢ ᠵᠢᠨ ᠲᠣᠭᠣᠷᠢᠭ》᠎ᠤᠨ ᠬᠥᠭᠵᠢᠯᠲᠡ ᠵᠢᠨ ᠲᠣᠭᠣᠷᠢᠨ᠎ᠳᠤ᠂ ᠵᠠᠷᠢᠮ ᠭᠠᠵᠠᠷ ᠵᠦᠢ ᠵᠢᠨ ᠲᠠᠯ᠎ᠠ᠎ᠪᠠᠷ ᠬᠥᠷᠰᠢ ᠵᠡᠷᠭᠡᠯᠡᠳᠡᠭᠡ᠂ ᠬᠥᠮᠥᠰ᠎ᠤᠨ ᠶᠠᠪᠤᠯᠴᠠᠭ᠎ᠠ ᠨᠢᠭᠲᠠ ᠪᠠᠢ᠌ᠭ᠎ᠠ ᠮᠤᠵᠢ ᠣᠷᠣᠨ᠎ᠨᠢ ᠨᠢᠭᠡ ᠪᠦᠯᠦᠭ ᠣᠷᠣᠨ ᠪᠦᠰᠡ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠬᠣᠯᠪᠣᠭ᠎ᠠ ᠵᠢ ᠠᠯᠬᠤᠮ ᠠᠯᠬᠤᠮ ᠵᠶ᠋ᠠᠷ ᠰᠦᠪᠡᠭᠴᠢᠯᠡᠨ ᠪᠠᠢ᠌ᠭᠤᠯᠵᠤ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠵᠤᠷᠪᠤᠰ ᠵᠤᠷᠪᠤᠰ ᠵᠶ᠋ᠠᠷ 《ᠲᠠᠩ ᠬᠣᠯᠪᠣᠯᠲᠠ ᠵᠢᠨ ᠱᠤᠭᠤᠮ》᠎ᠠᠴᠠ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭᠰᠡᠨ 《ᠢᠨᠲ᠋ᠧᠷ ᠰᠦᠯᠵᠢᠶ᠎ᠡ》 ᠪᠣᠯᠭ᠋ᠠᠨ ᠥᠷᠭᠡᠳᠬᠡᠵᠦ᠂ ᠬᠥᠳᠡᠯᠮᠦᠷᠢ ᠵᠢᠨ ᠬᠦᠴᠦᠨ᠎ᠤ ᠣᠷᠣᠨ ᠪᠦᠰᠡ ᠠᠯᠤᠰᠯᠠᠨ ᠡᠮᠬᠢ ᠵᠢᠷᠤᠮ᠎ᠲᠠᠢ᠎ᠪᠠᠷ ᠰᠢᠯᠵᠢᠬᠦ ᠵᠢ ᠲᠦᠷᠭᠡᠪᠴᠢᠯᠡᠨ ᠠᠬᠢᠭᠤᠯᠵᠤ᠂ ᠣᠷᠣᠨ ᠪᠦᠰᠡ ᠵᠢᠨ ᠬᠣᠭᠤᠷᠤᠨᠳᠤᠬᠢ ᠬᠥᠳᠡᠯᠮᠦᠷᠢ ᠵᠢᠨ ᠬᠦᠴᠦᠨ᠎ᠤ ᠡᠬᠢ ᠪᠠᠶᠠᠯᠢᠭ᠎ᠢ ᠣᠷᠣᠨ ᠪᠠᠶ᠋ᠢᠷᠢ ᠰᠣᠯᠪᠢᠴᠠᠭᠤᠯᠤᠨ ᠪᠤᠷᠤᠭᠤ ᠲᠣᠬᠢᠷᠠᠭᠤᠯᠬᠤ ᠠᠰᠠᠭᠤᠳᠠᠯ᠎ᠢ ᠪᠦᠲᠦᠮᠵᠢᠲᠡᠢ᠎ᠪᠠᠷ ᠰᠢᠢ᠍ᠳᠪᠦᠷᠢᠯᠡᠵᠦ᠂ ᠨᠡᠩ ᠶᠡᠬᠡ ᠣᠷᠣᠨ ᠪᠦᠰᠡ ᠵᠢᠨ ᠳᠣᠲᠣᠷᠠᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ᠂ ᠡᠬᠢ ᠪᠠᠶᠠᠯᠢᠭ᠎ᠢ ᠵᠣᠯᠭ᠋ᠠᠭᠤᠯᠬᠤ ᠵᠢ ᠪᠡᠶᠡᠯᠡᠭᠦᠯᠵᠡᠢ᠃
ᠡᠭᠦᠨ᠎ᠤ ᠵᠡᠷᠭᠡ᠎ᠳᠤ᠂ ᠤᠯᠠᠮᠵᠢᠯᠠᠯᠲᠤ ᠬᠥᠳᠡᠯᠮᠦᠷᠢ ᠬᠦᠴᠦᠨ᠎ᠤ ᠭᠠᠷᠭ᠋ᠠᠯᠭ᠎ᠠ ᠵᠢᠨ ᠰᠠᠭᠤᠷᠢᠨ ᠳᠡᠭᠡᠷ᠎ᠡ᠂ ᠡᠯ᠎ᠡ ᠭᠠᠵᠠᠷ᠎ᠤᠨ᠎ᠬᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠬᠤ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠪᠣᠯᠪᠠᠰᠤᠷᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠡᠷᠭᠡ ᠬᠠᠮᠲᠤᠷᠠᠯᠴᠠᠭ᠋ᠠᠨ᠎ᠤ ᠬᠦᠷᠢᠶ᠎ᠡ ᠵᠢ ᠨᠡᠢ᠌ᠳᠡᠮ ᠥᠷᠭᠡᠳᠬᠡᠵᠦ᠂ ᠬᠡᠰᠡᠭ ᠭᠠᠵᠠᠷ ᠣᠷᠣᠨ᠎ᠤ᠎ᠬᠢᠨ ᠪᠠᠰᠠ ᠦᠢ᠍ᠯᠡᠴᠢᠯᠡᠬᠦ ᠡᠲᠡᠭᠡᠳ ᠵᠶ᠋ᠡᠨ ᠬᠥᠳᠡᠭᠡ ᠲᠣᠰᠬᠤᠨ᠎ᠤ ᠬᠥᠳᠡᠯᠮᠦᠷᠢᠴᠢᠳ᠎ᠠᠴᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠬᠠᠮᠲᠤᠯᠢᠭ ᠬᠦᠷᠲᠡᠯ᠎ᠡ ᠥᠷᠭᠡᠳᠬᠡᠭᠰᠡᠨ ᠪᠠᠢ᠌ᠨ᠎ᠠ᠃ ᠣᠲᠣ ᠪᠣᠯᠲᠠᠯ᠎ᠠ᠂ ᠮᠤᠵᠢ ᠬᠣᠲᠠ ᠰᠢᠶᠠᠨ᠎ᠤ ᠡᠯ᠎ᠡ ᠲᠠᠰ ᠳᠠᠪᠬᠤᠷᠭ᠎ᠠ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠬᠡᠯᠡᠯᠴᠡᠭᠡᠷ᠎ᠢ ᠨᠠᠢ᠌ᠳᠠ 2000 ᠭᠠᠷᠤᠢ ᠬᠤᠪᠢ ᠲᠣᠭᠲᠠᠭ᠋ᠠᠵᠠᠢ᠃
ᠬᠤᠨᠠᠨ ᠪᠣᠯ ᠬᠥᠮᠥᠨ ᠠᠮᠠ᠎ᠪᠠᠷ ᠤᠯᠠᠨ ᠮᠤᠵᠢ ᠪᠣᠯᠬᠤ ᠪᠥᠭᠡᠳ ᠪᠠᠰᠠ ᠴᠤ᠌ ᠬᠥᠳᠡᠯᠮᠦᠷᠢ ᠵᠢᠨ ᠬᠦᠴᠦᠨ᠎ᠢ ᠭᠠᠳᠠᠭ᠋ᠠᠳᠤ᠎ᠳᠤ ᠭᠠᠷᠭ᠋ᠠᠬᠤ ᠲᠣᠮᠣ ᠮᠤᠵᠢ ᠪᠣᠯᠣᠨ᠎ᠠ᠃ ᠬᠤᠨᠠᠨ ᠮᠤᠵᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠢᠶᠣᠣ ᠬᠤᠸᠠ᠂ ᠬᠥᠳᠡᠯᠮᠦᠷᠢ ᠬᠦᠴᠦᠨ᠎ᠢ ᠵᠣᠬᠢᠶᠠᠨ ᠪᠠᠢ᠌ᠭᠤᠯᠤᠯᠲᠠ᠎ᠲᠠᠢ᠎ᠪᠠᠷ ᠭᠠᠳᠠᠭᠰᠢ ᠭᠠᠷᠭ᠋ᠠᠬᠤ ᠵᠢ ᠠᠬᠢᠭᠤᠯᠬᠤ ᠵᠢᠨ ᠲᠥᠯᠥᠭᠡ᠂ ᠣᠷᠣᠨ ᠪᠦᠰᠡ ᠵᠢᠨ ᠬᠣᠭᠤᠷᠤᠨᠳᠤᠬᠢ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠤᠨᠠᠨ ᠮᠤᠵᠢ ᠵᠢᠨ᠎ᠬᠢᠨ 1578 ᠮᠤᠵᠢ ᠵᠢᠨ ᠬᠣᠭᠤᠷᠤᠨᠳᠤᠬᠢ᠂ ᠮᠤᠵᠢ ᠵᠢᠨ ᠳᠣᠲᠣᠭ᠋ᠠᠳᠤᠬᠢ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠡᠷᠭᠡ ᠬᠦᠴᠢᠷᠳᠡᠯ᠎ᠲᠠᠢ ᠬᠠᠮᠲᠤᠯᠢᠭ᠎ᠢ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠭᠠᠳᠠᠭᠰᠢ ᠭᠠᠷᠭ᠋ᠠᠬᠤ᠎ᠳᠤ ᠤᠷᠢᠳᠠᠪᠠᠷ ᠦᠢ᠍ᠯᠡᠴᠢᠯᠡᠬᠦ ᠡᠲᠡᠭᠡᠳ ᠪᠣᠯᠭ᠋ᠠᠵᠤ᠂ ᠲᠡᠳᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠵᠤ ᠦᠢ᠍ᠯᠡᠰ᠎ᠤᠨ ᠠᠵᠢᠯ ᠳᠦᠷᠦᠯ᠎ᠳᠤ ᠰᠢᠯᠵᠢᠭᠦᠯᠦᠨ ᠠᠵᠢᠯ ᠣᠯᠭᠣᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠵᠢᠯ ᠣᠯᠭᠣᠯᠲᠠ ᠵᠢ ᠰᠢᠩᠭᠡᠬᠡᠨ ᠠᠪᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠠᠢ ᠭᠡᠵᠦ ᠲᠠᠨᠢᠯᠴᠠᠭᠤᠯᠪᠠ᠃
《ᠴᠢ ᠹᠧᠩ ᠳ᠋ᠦ᠋ ᠵᠢᠭ᠋ᠠᠰᠤᠨ ᠲᠠᠯᠬ᠎ᠠ ᠬᠢᠭᠴᠢ》 ᠪᠣᠯ ᠬᠤᠨᠠᠨ ᠮᠤᠵᠢ ᠵᠢᠨ ᠴᠸᠨᠵᠸᠤ ᠬᠣᠲᠠ ᠵᠢᠨ ᠰᠦ ᠰᠢᠶᠠᠨ ᠲᠣᠭᠣᠷᠢᠭ᠎ᠤᠨ ᠡᠭᠦᠳᠦᠭᠰᠡᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠮᠥᠨ᠂ ᠳᠤᠮᠳᠠᠳᠤ ᠮᠠᠶᠢᠭ᠎ᠤᠨ ᠬᠠᠭᠤᠷᠴᠤ ᠬᠠᠭ᠋ᠠᠷᠢᠬᠤ ᠵᠡᠷᠭᠡ ᠠᠵᠢᠯ ᠲᠥᠷᠥᠯ᠎ᠲᠠᠢ ᠤᠶᠠᠯᠳᠤᠭᠤᠯᠬᠤ᠎ᠪᠠᠷ ᠳᠡᠮᠵᠢᠨ᠂ 《ᠵᠠᠭᠤᠨ ᠬᠣᠲᠠ᠎ᠳᠤ ᠮᠢᠩᠭ᠋ᠠᠨ ᠳᠡᠯᠭᠡᠭᠦᠷ》᠎ᠤᠨ ᠲᠥᠷᠥᠯ ᠵᠦᠢ᠍ᠯ᠎ᠳᠤ ᠲᠦᠰᠢᠭᠯᠡᠨ ᠪᠣᠯᠪᠠᠰᠤᠷᠠᠯ ᠥᠷᠨᠢᠭᠦᠯᠵᠦ᠂ ᠵᠢᠯ ᠪᠦᠷᠢ ᠬᠤᠨᠠᠨ ᠮᠤᠵᠢ᠂ ᠭᠤᠸᠠᠩᠳᠦ᠋ᠩ ᠮᠤᠵᠢ ᠵᠡᠷᠭᠡ ᠭᠠᠵᠠᠷ᠎ᠲᠤ 1000 ᠭᠠᠷᠤᠢ ᠰᠢᠯᠢᠳᠡᠭ ᠵᠢᠭ᠋ᠠᠰᠤᠨ ᠲᠠᠯᠬ᠎ᠠ ᠬᠢᠭᠴᠢ ᠵᠢ ᠬᠦᠷᠭᠡᠵᠦ᠂ ᠪᠣᠯᠪᠠᠰᠤᠷᠠᠯ᠎ᠤᠨ ᠲᠠᠷᠠᠭ᠎ᠠ ᠠᠵᠢᠯ ᠣᠯᠣᠭᠰᠠᠨ ᠨᠣᠷᠮ᠎ᠠ᠎ᠨᠢ 96.8%᠎ᠳᠤ ᠬᠦᠷᠴᠡᠢ᠃
ᠣᠳᠣᠬᠠᠨ᠎ᠳᠤ᠂ ᠮᠠᠨ᠎ᠤ ᠤᠯᠤᠰ᠎ᠤᠨ ᠬᠥᠯᠥᠰᠦᠨ ᠠᠵᠢᠯᠴᠢᠨ᠎ᠤ ᠶᠡᠷᠦᠩᠬᠡᠢ ᠬᠡᠮᠵᠢᠶ᠎ᠡ 3 ᠳ᠋ᠦᠩᠰᠢᠭᠤᠷ ᠰᠢᠬᠠᠮ ᠬᠥᠮᠥᠨ ᠪᠠᠢ᠌ᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ 3000 ᠲᠦᠮᠡ᠎ᠠᠴᠠ ᠳᠡᠭᠡᠭᠰᠢ᠎ᠳᠤ ᠲᠣᠭᠲᠠᠪᠤᠷᠢᠵᠢᠬᠤ ᠵᠢᠨ ᠬᠠᠮᠲᠤ᠂ ᠪᠦᠬᠦ ᠤᠯᠤᠰ᠎ᠤᠨ ᠨᠤᠲᠤᠭ᠎ᠲᠠᠭᠠᠨ ᠪᠤᠴᠠᠵᠤ ᠦᠢ᠍ᠯᠡᠰ ᠪᠣᠰᠬᠠᠭᠴᠢ 1300 ᠲᠦᠮᠡ ᠰᠢᠬᠠᠮ ᠬᠥᠮᠥᠨ᠎ᠳᠤ ᠬᠦᠷᠴᠡᠢ᠃ ᠭᠠᠳᠠᠭᠰᠢ ᠭᠠᠷᠤᠭᠰᠠᠨ ᠴᠤ᠌ ᠲᠡᠷᠡ᠂ ᠪᠤᠴᠠᠵᠤ ᠢᠷᠡᠭᠰᠡᠨ ᠴᠦ᠍ ᠲᠡᠷᠡ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ᠎ᠨᠢ ᠬᠥᠳᠡᠭᠡ ᠲᠣᠰᠬᠤᠨ᠎ᠤ ᠬᠥᠳᠡᠯᠮᠦᠷᠢᠴᠢᠳ᠎ᠤᠨ ᠭᠠᠳᠠᠭᠰᠢ ᠭᠠᠷᠴᠤ ᠠᠵᠢᠯ ᠬᠢᠬᠦ ᠪᠠ ᠨᠤᠲᠤᠭ᠎ᠲᠠᠭᠠᠨ ᠪᠤᠴᠠᠵᠤ ᠠᠵᠢᠯ ᠣᠯᠬᠤ ᠵᠠᠮ᠎ᠢ ᠨᠡᠭᠡᠭᠡᠵᠦ᠂ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠠᠮ᠎ᠢ ᠥᠷᠭᠡᠳᠬᠡᠭᠰᠡᠨ ᠪᠠᠢ᠌ᠨ᠎ᠠ᠃ ᠶᠠᠭ ᠶᠦᠨ ᠳ᠋ᠦᠩ ᠯᠠᠢ ᠵᠢᠨ ᠬᠡᠯᠡᠭᠰᠡᠨᠴᠢᠯᠡᠨ᠄ 《ᠭᠠᠳᠠᠭᠰᠢ ᠭᠠᠷᠴᠤ ᠬᠥᠯᠥᠰᠦᠨ ᠠᠵᠢᠯ ᠬᠢᠬᠦ᠎ᠪᠠᠷ ᠳᠠᠮᠵᠢᠭ᠋ᠠᠳ ᠬᠥᠯᠥᠰᠦᠨ ᠠᠵᠢᠯᠴᠢᠳ ᠮᠡᠳᠡᠯᠭᠡ᠎ᠪᠠᠨ ᠨᠡᠮᠡᠭᠳᠡᠭᠦᠯᠦᠨ᠂ ᠨᠢᠳᠦ ᠨᠡᠭᠡᠭᠡᠵᠦ᠂ ᠦᠵᠡᠯ ᠰᠠᠨᠠᠭ᠎ᠠ ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠵᠤ᠂ ᠮᠠᠰᠢ ᠤᠯᠠᠨ ᠬᠥᠯᠥᠰᠦᠨ ᠠᠵᠢᠯᠴᠢᠳ ᠬᠣᠲᠠ᠎ᠳᠤ ᠨᠤᠲᠤᠭᠰᠢᠨ ᠰᠠᠭᠤᠷᠢᠰᠢᠵᠤ᠂ ᠰᠢᠨ᠎ᠡ ᠬᠣᠲᠠ ᠵᠢᠨ ᠠᠷᠠᠳ ᠪᠣᠯᠵᠤ᠂ ᠡᠭᠦᠨ᠎ᠤ ᠵᠡᠷᠭᠡ᠎ᠳᠤ ᠮᠠᠰᠢ ᠤᠯᠠᠨ ᠭᠠᠳᠠᠭᠰᠢ ᠭᠠᠷᠤᠭᠰᠠᠨ ᠬᠥᠯᠥᠰᠦᠨ ᠠᠵᠢᠯᠴᠢᠳ ᠨᠤᠲᠤᠭ᠎ᠲᠠᠭᠠᠨ ᠪᠤᠴᠠᠵᠤ ᠠᠵᠢᠯ ᠣᠯᠵᠤ ᠦᠢ᠍ᠯᠡᠰ ᠪᠣᠰᠬᠠᠨ᠂ ᠲᠡᠷᠢᠭᠦᠨ᠎ᠤ ᠮᠡᠷᠭᠡᠵᠢᠯ ᠪᠠ ᠡᠵᠡᠩᠨᠡᠯᠲᠡ ᠵᠢᠨ ᠣᠢ᠌ᠯᠠᠭ᠋ᠠᠭᠳᠠᠬᠤᠨ ᠵᠶ᠋ᠠᠨ ᠪᠤᠴᠠᠭ᠋ᠠᠨ ᠠᠪᠴᠢᠷᠠᠵᠤ᠂ ᠲᠤᠬᠠᠢ ᠵᠢᠨ ᠭᠠᠵᠠᠷ᠎ᠤᠨ ᠲᠠᠷᠢᠶᠠᠯᠠᠩ᠎ᠤᠨ ᠪᠤᠰᠤ ᠠᠵᠤ ᠦᠢ᠍ᠯᠡᠰ᠎ᠤᠨ ᠬᠥᠭᠵᠢᠯᠲᠡ ᠪᠠ ᠰᠢᠨ᠎ᠡ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠪᠠᠢ᠌ᠨ᠎ᠠ》 ᠭᠡᠰᠡᠨ ᠪᠠᠢ᠌ᠨ᠎ᠠ᠃
ᠣᠢ᠌ᠷ᠎ᠠ᠎ᠳᠤ ᠬᠤᠨᠠᠨ᠎ᠤ ᠴᠠᠩᠱ᠌ᠠ᠎ᠳᠤ ᠶᠠᠪᠤᠭᠳᠠᠭᠰᠠᠨ 2024 ᠣᠨ᠎ᠤ ᠪᠥᠬᠥ ᠤᠯᠤᠰ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠴᠢ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠬᠥᠭᠵᠢᠯᠲᠡ ᠵᠢᠨ ᠶᠡᠬᠡ ᠬᠤᠷᠠᠯ ᠳᠡᠭᠡᠷ᠎ᠡ᠂ ᠪᠡᠭᠡᠵᠢᠩ ᠲᠢᠶᠠᠨᠵᠢᠨ ᠾᠧᠪᠧᠢ ᠱᠠᠩᠬᠠᠢ ᠵᠧᠵᠢᠶᠠᠩ ᠹᠦᠵᠢᠶᠠᠨ ᠬᠤᠨᠠᠨ ᠬᠠᠢ᠌ᠨᠠᠨ ᠵᠡᠷᠭᠡ ᠤᠯᠠᠨ ᠮᠤᠵᠢ (ᠣᠷᠣᠨ᠂ ᠬᠣᠲᠠ) ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ ᠬᠣᠯᠪᠣᠭ᠎ᠠ ᠭᠡᠷ᠎ᠡ ᠲᠣᠭᠲᠠᠵᠤ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠮᠵᠢᠯᠴᠠᠬᠤ᠎ᠠᠴᠠ ᠬᠣᠯᠪᠣᠭ᠎ᠠ ᠵᠢᠨ ᠬᠠᠮᠵᠢᠯᠴᠠᠭ᠎ᠠ ᠲᠡᠢ᠌ᠰᠢ ᠥᠷᠭᠡᠳᠬᠡᠵᠦ᠂ ᠮᠤᠵᠢ ᠵᠢᠨ ᠬᠣᠭᠤᠷᠤᠨᠳᠤᠬᠢ ᠬᠠᠮᠵᠢᠯᠴᠠᠭ᠎ᠠ᠎ᠠᠴᠠ ᠣᠷᠣᠨ ᠪᠦᠰᠡ ᠵᠢᠨ ᠬᠠᠮᠵᠢᠯᠴᠠᠭ᠎ᠠ ᠲᠡᠢ᠌ᠰᠢ ᠥᠷᠭᠡᠳᠬᠡᠪᠡ᠃
ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ ᠵᠢᠨ ᠲᠠᠷᠢᠶᠠᠯᠠᠩ ᠬᠢᠭᠡᠳ ᠬᠥᠳᠡᠭᠡ ᠲᠣᠰᠬᠤᠨ᠎ᠤ ᠬᠥᠭᠵᠢᠯᠲᠡ ᠵᠢᠨ ᠳᠡᠭᠡᠳᠦ ᠰᠤᠷᠭ᠋ᠠᠭᠤᠯᠢ ᠵᠢᠨ ᠵᠠᠬᠢᠷᠤᠯ᠂ ᠫᠷᠣᠹᠧᠰᠰᠣᠷ ᠴᠢᠦ ᠬᠤᠸᠠᠨ ᠭᠤᠸᠠᠩ ᠢᠯᠡᠷᠬᠡᠢ᠌ᠯᠡᠬᠦ᠎ᠳᠡᠭᠡᠨ᠂ ᠵᠠᠬ᠎ᠠ ᠳᠡᠯᠭᠡᠭᠦᠷᠴᠢᠯᠡᠬᠦ᠂ ᠵᠣᠬᠢᠶᠠᠨ ᠪᠠᠢ᠌ᠭᠤᠯᠤᠯᠴᠠᠬᠤ᠂ ᠬᠡᠪᠴᠢᠶᠡᠵᠢᠭᠦᠯᠬᠦ ᠠᠷᠭ᠎ᠠ ᠮᠠᠶᠢᠭ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ᠎ᠪᠠᠷ ᠳᠠᠮᠵᠢᠭᠤᠯᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠵᠦᠢ ᠶᠣᠰᠣᠴᠢ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠪᠡ᠃ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ 《ᠨᠠᠢ᠌ᠵᠠ ᠵᠢᠨ ᠲᠣᠭᠣᠷᠢᠭ》᠎ᠢ ᠲᠠᠰᠤᠷᠠᠯᠳᠠ ᠦᠭᠡᠢ ᠥᠷᠭᠡᠳᠬᠡᠬᠦ᠎ᠨᠢ ᠲᠤᠰ ᠭᠠᠵᠠᠷ ᠣᠷᠣᠨ᠎ᠤ᠎ᠪᠠᠨ ᠬᠥᠳᠡᠯᠮᠦᠷᠢ ᠵᠢᠨ ᠬᠦᠴᠦᠨ᠎ᠲᠠᠢ ᠭᠡᠷ ᠪᠦᠯᠢ ᠵᠢ ᠬᠠᠪᠰᠤᠷᠤᠨ ᠴᠢᠨᠡᠭᠡᠯᠢᠭᠵᠢᠭᠦᠯᠵᠦ ᠴᠢᠳᠠᠬᠤ ᠮᠥᠷᠲᠡᠭᠡᠨ ᠪᠠᠰᠠ ᠭᠠᠵᠠᠷ ᠣᠷᠣᠨ ᠠᠯᠤᠰᠯᠠᠭᠰᠠᠨ ᠠᠵᠤ ᠠᠬᠤᠢ᠌ᠯᠠᠯ᠎ᠤᠨ ᠬᠥᠳᠡᠯᠮᠦᠷᠢ ᠵᠢᠨ ᠬᠦᠴᠦᠨ ᠳᠤᠲᠠᠭᠳᠠᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠬᠠᠮᠲᠤ᠎ᠪᠠᠷ ᠠᠰᠢᠭ ᠬᠦᠷᠲᠡᠬᠦ ᠵᠢ ᠪᠡᠶᠡᠯᠡᠭᠦᠯᠵᠦ ᠴᠢᠳᠠᠨ᠎ᠠ ᠭᠡᠪᠡ᠃
ᠰᠢᠨ᠎ᠡ᠎ᠪᠠᠷ ᠪᠤᠢ ᠪᠣᠯᠤᠭᠰᠠᠨ ᠠᠵᠠ ᠲᠣᠬᠢᠶᠠᠯ᠎ᠢ ᠠᠮᠵᠢᠨ᠎ᠠ
ᠮᠠᠨ᠎ᠤ ᠤᠯᠤᠰ᠎ᠤᠨ ᠠᠵᠤ ᠠᠬᠤᠢ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠳᠠᠭ᠋ᠠᠯᠳᠤᠨ᠂ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠲᠤ ᠰᠢᠨ᠎ᠡ ᠬᠤᠪᠢᠷᠠᠯᠲᠠ ᠭᠠᠷᠴᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠴᠢᠶᠠᠯᠠᠬᠤ ᠤᠷ᠎ᠠ ᠮᠡᠷᠭᠡᠵᠢᠯ᠎ᠤᠨ ᠰᠢᠨᠵᠢ ᠴᠢᠨᠠᠷ᠎ᠨᠢ ᠤᠯᠠᠮᠵᠢᠯᠠᠯᠲᠤ ᠬᠥᠮᠥᠨ᠎ᠤ ᠬᠦᠴᠦᠨ᠎ᠤ ᠠᠵᠢᠯᠯᠠᠭ᠎ᠠ᠎ᠠᠴᠠ ᠣᠶᠤᠨᠴᠢᠯᠠᠬᠤ᠂ ᠠᠦ᠋ᠲ᠋ᠣᠴᠢᠯᠠᠬᠤ ᠲᠡᠢ᠌ᠰᠢ ᠬᠤᠪᠢᠷᠠᠵᠤ ᠪᠠᠢ᠌ᠨ᠎ᠠ᠃
《ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠢ ᠪᠣᠢ᠌ᠵᠢᠭᠤᠯᠬᠤ ᠪᠣᠯ ᠰᠠᠶ᠋ᠢᠨ ᠶᠠᠪᠤᠳᠠᠯ ᠮᠥᠨ᠂ ᠭᠡᠬᠦ᠎ᠳᠡᠭᠡᠨ ᠬᠢᠵᠠᠭ᠋ᠠᠷ᠎ᠲᠠᠢ ᠲᠥᠰᠥᠪ᠎ᠤᠨ ᠳᠣᠣᠷ᠎ᠠ᠂ ᠲᠣᠭ᠎ᠠ ᠬᠡᠮᠵᠢᠶ᠎ᠡ ᠵᠢ ᠠᠷᠪᠢᠨ ᠪᠣᠯᠭ᠋ᠠᠬᠤ ᠶᠤᠮ ᠦᠦ᠂ ᠡᠰᠡᠬᠦᠯ᠎ᠡ ᠲᠤᠰᠬᠠᠢ ᠨᠠᠷᠢᠯᠢᠭ ᠪᠣᠯᠭ᠋ᠠᠬᠤ ᠵᠠᠮ ᠵᠶ᠋ᠠᠷ ᠶᠠᠪᠤᠬᠤ ᠶᠤᠮ ᠦᠦ?》 ᠡᠨᠡ ᠪᠣᠯ ᠣᠢ᠌ᠷ᠎ᠠ ᠵᠢᠨ ᠬᠡᠳᠦᠨ ᠵᠢᠯ᠎ᠳᠤ ᠴᠠᠩᠱ᠌ᠠ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶᠠᠨ᠎ᠤ ᠠᠵᠢᠯᠲᠠᠳ᠎ᠲᠤ ᠲᠤᠯᠭ᠋ᠠᠷᠠᠵᠤ ᠪᠠᠢ᠌ᠭ᠎ᠠ ᠨᠢᠭᠡ ᠲᠦᠪᠡᠭᠲᠡᠢ ᠠᠰᠠᠭᠤᠳᠠᠯ ᠪᠣᠯᠣᠨ᠎ᠠ᠃ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠴᠣᠬᠣᠮ ᠬᠡᠷᠬᠢᠨ ᠬᠥᠭᠵᠢᠭᠦᠯᠪᠡᠯ ᠨᠠᠩ ᠰᠠᠶ᠋ᠢᠨ ᠪᠤᠢ?
ᠬᠤᠸᠠ ᠸᠧᠢ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠴᠠᠩᠱ᠌ᠠ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢ ᠡᠷᠢᠵᠦ᠂ ᠲᠤᠬᠠᠢ ᠵᠢᠨ ᠭᠠᠵᠠᠷ᠎ᠲᠤ ᠪᠣᠯᠪᠠᠰᠤᠷᠠᠯ᠎ᠤᠨ ᠰᠠᠭᠤᠷᠢᠨ ᠭᠠᠵᠠᠷ ᠪᠠᠢ᠌ᠭᠤᠯᠬᠤ ᠭᠡᠰᠡᠨ ᠪᠣᠳᠣᠯ ᠵᠶ᠋ᠡᠨ ᠶᠠᠷᠢᠭᠰᠠᠨ᠎ᠨᠢ ᠡᠨᠡ ᠬᠦ᠌ ᠠᠰᠠᠭᠤᠳᠠᠯ᠎ᠳᠤ ᠰᠢᠨ᠎ᠡ ᠰᠡᠩᠬᠡᠷᠡᠭᠦᠯᠦᠯ ᠪᠣᠯᠤᠭᠰᠠᠨ ᠪᠠᠢ᠌ᠨ᠎ᠠ᠃ ᠤᠳᠠᠯ ᠦᠭᠡᠢ᠂ ᠬᠤᠸᠠ ᠸᠧᠢ ᠺᠣᠮᠫᠠᠨᠢ ᠪᠣᠯᠣᠨ ᠴᠠᠩᠱ᠌ᠠ ᠬᠤᠳᠠ ᠵᠢᠨ ᠶᠠᠩ ᠭᠤᠸᠠᠩ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠵᠢᠨ ᠬᠠᠮᠲᠤᠷᠠᠨ ᠪᠠᠢ᠌ᠭᠤᠯᠤᠭᠰᠠᠨ ᠴᠠᠩᠱ᠌ᠠ ᠬᠤᠳᠠ ᠵᠢᠨ ᠲᠣᠭ᠋ᠠᠴᠢᠯᠠᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠤᠯᠠᠨ ᠨᠠᠢ᠌ᠳᠠ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠢ ᠪᠠᠢ᠌ᠭᠤᠯᠤᠭᠰᠠᠨ ᠪᠥᠭᠡᠳ ᠲᠣᠰ ᠰᠠᠭᠤᠷᠢᠨ᠎ᠳᠤ ᠲᠦᠰᠢᠭᠯᠡᠨ 《ᠣᠶᠤᠨᠴᠢ ᠰᠢᠶᠣᠣ ᠰᠢᠶᠠᠩ》᠎ᠤᠨ ᠲᠣᠭ᠋ᠠᠴᠢᠯᠠᠭᠰᠠᠨ ᠴᠢᠳᠠᠪᠤᠷᠢᠲᠠᠨ᠎ᠤ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠢ ᠡᠭᠦᠳᠴᠦ᠂ ᠲᠣᠭ᠋ᠠᠴᠢᠯᠠᠭᠰᠠᠨ ᠠᠵᠤ ᠠᠬᠤᠢ ᠵᠢᠨ ᠠᠵᠤ ᠦᠢ᠍ᠯᠡᠰ᠎ᠲᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠪᠠ᠃
ᠲᠣᠰ ᠰᠠᠭᠤᠷᠢᠨ ᠭᠠᠵᠠᠷ᠎ᠤᠨ ᠳᠡᠳ᠋ ᠶᠡᠷᠦᠩᠬᠡᠢ ᠳᠠᠭ᠋ᠠᠭ᠋ᠠᠮᠠᠯ ᠴᠧᠨ ᠪᠥᠸᠧ ᠬᠡᠯᠡᠬᠦ᠎ᠳᠡᠭᠡᠨ᠄ 《ᠪᠢᠳᠡ ᠬᠤᠸᠠ ᠸᠧᠢ ᠵᠢᠨ ᠮᠡᠷᠭᠡᠵᠢᠯ᠎ᠤᠨ ᠰᠢᠰᠲ᠋ᠧᠮ᠎ᠠᠴᠠ ᠬᠢᠴᠢᠶᠡᠯ ᠬᠤᠳᠠᠯᠳᠤᠨ ᠠᠪᠴᠤ᠂ ᠠᠵᠤ ᠦᠢ᠍ᠯᠡᠰ᠎ᠤᠨ ᠲᠣᠭ᠋ᠠᠴᠢᠯᠠᠭᠰᠠᠨ ᠠᠵᠢᠯ᠎ᠤᠨ ᠪᠠᠶ᠋ᠢᠷᠢ ᠵᠢᠨ ᠴᠢᠳᠠᠪᠤᠷᠢ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠰᠢᠨ᠎ᠡ ᠵᠢ ᠡᠭᠦᠳᠬᠦ ᠬᠡᠷᠡᠭᠯᠡᠭᠡᠨ᠎ᠤ ᠬᠡᠯᠪᠡᠷᠢ ᠵᠢᠨ ᠴᠢᠳᠠᠪᠤᠷᠢᠲᠠᠨ᠎ᠢ ᠬᠥᠮᠥᠵᠢᠭᠦᠯᠦᠨ᠎ᠡ᠂ ᠣᠳᠣᠬᠠᠨ᠎ᠳᠤ ᠨᠢᠭᠡᠨᠲᠡ ᠵᠣᠬᠢᠶᠠᠮᠠᠯ ᠣᠶᠤᠨᠯᠢᠭ᠎ᠤᠨ ᠪᠣᠯᠪᠠᠰᠤᠷᠠᠭᠤᠯᠤᠭᠴᠢ (AI)᠂ ᠺᠣᠮᠫᠢᠦ᠋ᠲ᠋ᠧᠷ᠎ᠤᠨ ᠫᠷᠣᠭ᠌ᠷᠠᠮ᠎ᠤᠨ ᠲᠥᠯᠥᠪᠯᠡᠭᠴᠢ (ᠬᠣᠩ ᠮᠧᠩ)᠂ ᠮᠡᠳᠡᠭᠡ ᠵᠠᠩᠭᠢ ᠴᠢᠮᠡᠭᠡ ᠬᠣᠯᠪᠣᠭ᠎ᠠ ᠵᠢᠨ ᠰᠦᠯᠵᠢᠶᠡᠨ᠎ᠤ ᠠᠵᠢᠯᠯᠠᠭ᠋ᠠᠨ᠎ᠤ ᠬᠠᠮᠢᠶᠠᠷᠤᠭᠴᠢ (5G) ᠵᠡᠷᠭᠡ ᠣᠨᠴᠠᠯᠢᠭᠲᠤ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠨᠡᠭᠡᠭᠡᠵᠡᠢ》 ᠭᠡᠵᠡᠢ᠃
ᠰᠤᠷᠤᠭᠴᠢᠳ ᠲᠤᠰᠬᠠᠢ ᠮᠡᠷᠭᠡᠵᠢᠯ᠎ᠤᠨ ᠮᠡᠳᠡᠯᠭᠡ ᠵᠢ ᠡᠵᠡᠮᠰᠢᠴᠢᠪᠡᠯ ᠠᠵᠢᠯ ᠣᠯᠬᠤ ᠲᠠᠯ᠎ᠠ᠎ᠪᠠᠷ ᠡᠮᠬᠢ ᠵᠠᠮᠪᠠᠷᠠᠭ᠎ᠠ᠎ᠲᠠᠢ ᠪᠣᠯᠬᠤ ᠶᠤᠮ᠃ 《ᠮᠠᠨ᠎ᠤ ᠺᠣᠮᠫᠠᠨᠢ ᠬᠤᠸᠠ ᠸᠧᠢ᠎ᠲᠠᠢ ᠬᠠᠮᠲᠤᠷᠠᠨ ᠠᠵᠢᠯᠯᠠᠵᠤ ᠪᠠᠢ᠌ᠭ᠎ᠠ ᠪᠣᠯᠬᠣᠷ ᠡᠷᠬᠡᠪᠰᠢ ᠬᠤᠸᠠ ᠸᠧᠢ ᠵᠢᠨ ᠭᠡᠷᠡᠴᠢᠯᠡᠯ᠎ᠢ ᠳᠠᠮᠵᠢᠭᠰᠠᠨ ᠪᠣᠷᠣᠯᠠᠭᠤᠯᠭ᠎ᠠ ᠵᠢᠨ ᠢᠨᠵᠧᠨᠧᠷ᠎ᠢ ᠲᠣᠬᠢᠷᠠᠭᠤᠯᠬᠤ ᠬᠡᠷᠡᠭᠲᠡᠶ 》 ᠬᠤᠨᠠᠨ᠎ᠤ ᠶᠢᠨ ᠪᠥᠸᠧ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠲᠠᠩ ᠶᠦᠩ ᠬᠡᠯᠡᠬᠦ᠎ᠳᠡᠭᠡᠨ᠂ 《ᠣᠲᠣ ᠪᠢᠳᠡ ᠰᠠᠭᠤᠷᠢᠨ ᠭᠠᠵᠠᠷ᠎ᠠᠴᠠ ᠰᠢᠭᠤᠳ ᠬᠥᠮᠥᠨ ᠡᠯᠰᠡᠵᠦ ᠪᠠᠢ᠌ᠨ᠎ᠠ᠂ ᠰᠢᠨ᠎ᠡ ᠠᠵᠢᠯᠲᠠᠨ ᠠᠵᠢᠯᠴᠢᠨ᠎ᠳᠤ ᠠᠵᠢᠯ᠎ᠤᠨ ᠪᠠᠶ᠋ᠢᠷᠢ ᠵᠢᠨ ᠬᠡᠷᠡᠭᠴᠡᠭᠡ ᠪᠦᠬᠦᠢ ᠠᠵᠢᠯ ᠮᠡᠷᠭᠡᠵᠢᠯ᠎ᠤᠨ ᠭᠡᠷᠡᠴᠢᠯᠡᠯ ᠣᠯᠭᠣᠭᠰᠠᠨ ᠵᠶ᠋ᠠᠷ ᠪᠠᠷᠠᠬᠤ ᠦᠭᠡᠢ ᠪᠠᠰᠠ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢᠨ ᠠᠵᠢᠯᠯᠠᠭ᠋ᠠᠨ᠎ᠳᠤ ᠤᠷᠢᠳᠴᠢᠯᠠᠨ ᠳᠠᠳᠬᠠᠵᠠᠢ᠂ ᠡᠨᠡ᠎ᠨᠢ ᠪᠣᠯᠪᠠᠰᠤᠷᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠬᠤ᠎ᠳᠤ ᠠᠰᠢᠭᠲᠠᠢ ᠶᠤᠮ》 ᠭᠡᠵᠡᠢ᠃
ᠰᠢᠨ᠎ᠡ ᠠᠵᠢᠯ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠥᠷᠨᠢᠭᠦᠨ ᠬᠥᠭᠵᠢᠵᠦ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠬᠤ᠎ᠳᠤ ᠰᠢᠨ᠎ᠡ ᠠᠵᠠ ᠲᠣᠬᠢᠶᠠᠯ ᠣᠯᠭᠣᠪᠠ᠃ ᠵᠢᠱ᠌ᠢᠶᠡᠯᠡᠪᠡᠯ᠂ ᠵᠢᠯᠣᠭᠣᠴᠢ ᠦᠭᠡᠢ ᠨᠢᠰᠬᠡᠯ᠎ᠤᠨ ᠡᠵᠡᠮᠳᠡᠭᠴᠢ ᠪᠣᠯ ᠣᠳᠣᠬᠠᠨ᠎ᠤ ᠬᠠᠯᠠᠮᠰᠢᠯ ᠰᠢᠨ᠎ᠡ ᠠᠵᠢᠯ ᠲᠥᠷᠥᠯ᠎ᠤᠨ ᠨᠢᠭᠡ ᠮᠥᠨ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ 《ᠴᠠᠩᠴᠦ᠋ᠨ᠎ᠤ ᠵᠢᠯᠣᠭᠣᠴᠢ ᠦᠭᠡᠢ ᠨᠢᠰᠬᠡᠯ᠎ᠤᠨ ᠡᠵᠡᠮᠳᠡᠭᠴᠢ》᠎ᠨᠢ ᠳᠠᠷᠤᠢ ᠡᠭᠦᠨ᠎ᠤ ᠳᠠᠭ᠋ᠠᠤ᠎ᠳᠤ ᠰᠢᠨ᠎ᠡ᠎ᠪᠠᠷ ᠪᠤᠢ ᠪᠣᠯᠤᠭᠰᠠᠨ ᠪᠠᠢ᠌ᠨ᠎ᠠ᠃
《ᠴᠠᠩᠴᠦ᠋ᠨ᠎ᠤ ᠵᠢᠯᠣᠭᠣᠴᠢ ᠦᠭᠡᠢ ᠨᠢᠰᠬᠡᠯ᠎ᠤᠨ ᠡᠵᠡᠮᠳᠡᠭᠴᠢ ᠪᠣᠯ ᠨᠢᠰᠬᠡᠭᠴᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠲᠣᠭ᠎ᠠ ᠪᠠᠷᠢᠮᠲᠠ ᠵᠠᠳᠠᠯᠤᠭᠴᠢ ᠪᠠ ᠮᠡᠷᠭᠡᠵᠢᠯ᠎ᠤᠨ ᠬᠠᠮᠠᠭ᠋ᠠᠯᠠᠭᠴᠢ ᠮᠥᠨ》 ᠴᠠᠩᠴᠦ᠋ᠨ᠎ᠤ ᠵᠢᠯᠣᠭᠣᠴᠢ ᠦᠭᠡᠢ ᠨᠢᠰᠬᠡᠯ᠎ᠤᠨ ᠡᠵᠡᠮᠳᠡᠭᠴᠢ ᠵᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠲᠥᠯᠥᠭᠡᠯᠡᠭᠴᠢ ᠦ᠋ ᠴᠢᠶᠦ᠋ᠩ ᠬᠡᠯᠡᠬᠦ᠎ᠳᠡᠭᠡᠨ᠂ 《ᠮᠠᠨ᠎ᠤ ᠬᠥᠮᠥᠵᠢᠭᠦᠯᠦᠭᠰᠡᠨ ᠡᠵᠡᠮᠳᠡᠭᠴᠢ᠎ᠨᠢ ᠵᠢᠯᠣᠭᠣᠴᠢ ᠦᠭᠡᠢ ᠨᠢᠰᠬᠡᠯ᠎ᠤᠨ ᠵᠢᠯᠤᠭᠣᠳᠬᠤ ᠮᠡᠷᠭᠡᠵᠢᠯ᠎ᠢ ᠡᠵᠡᠮᠰᠢᠬᠦ᠎ᠪᠠᠷ ᠪᠠᠷᠠᠬᠤ ᠦᠭᠡᠢ᠂ ᠲᠣᠨᠣᠭ ᠲᠥᠬᠦᠭᠡᠷᠦᠮᠵᠢ ᠵᠢ ᠲᠤᠷᠰᠢᠨ ᠲᠣᠬᠢᠷᠠᠭᠤᠯᠬᠤ᠂ ᠲᠣᠭ᠎ᠠ ᠪᠠᠷᠢᠮᠲᠠ ᠵᠢ ᠴᠤᠭᠯᠠᠭᠤᠯᠬᠤ ᠵᠢᠴᠢ ᠠᠭ᠋ᠠᠷ᠎ᠠᠴᠠ ᠰᠡᠭᠦᠳᠡᠷᠯᠡᠬᠦ ᠵᠠᠳᠠᠯᠤᠯᠲᠠ ᠬᠢᠬᠦ ᠵᠡᠷᠭᠡ ᠪᠥᠬᠥ ᠶᠠᠪᠤᠴᠠ ᠵᠢᠨ ᠠᠵᠢᠯ᠎ᠢ ᠴᠤ᠌ ᠪᠡᠶᠡᠯᠡᠭᠦᠯᠵᠦ ᠴᠢᠳᠠᠨ᠎ᠠ》 ᠭᠡᠵᠡᠢ᠃ ᠣᠳᠣᠬᠠᠨ᠎ᠳᠤ᠂ ᠲᠣᠰ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠠᠵᠢᠯ ᠡᠷᠬᠢᠯᠡᠭᠰᠡᠳ᠎ᠤᠨ ᠵᠢᠯ᠎ᠤᠨ ᠬᠥᠮᠥᠨ ᠳᠤᠮᠳᠠᠴᠢ ᠵᠢᠨ ᠣᠷᠣᠯᠭ᠎ᠠ᠎ᠨᠢ 7 ᠲᠦᠮᠡ ᠭᠠᠷᠤᠢ ᠲᠥᠭᠥᠷᠢᠭ᠎ᠲᠤ ᠬᠦᠷᠴᠦ᠂ ᠨᠠᠢ᠌ᠳᠠ 30 ᠭᠠᠷᠤᠢ ᠳ᠋ᠦᠩᠰᠢᠭᠤᠷ ᠲᠥᠭᠥᠷᠢᠭ᠎ᠤᠨ ᠬᠥᠳᠡᠯᠮᠦᠷᠢ ᠦᠢ᠍ᠯᠡᠴᠢᠯᠡᠭᠡᠨ᠎ᠤ ᠣᠷᠣᠯᠭ᠎ᠠ ᠵᠢ ᠪᠡᠶᠡᠯᠡᠭᠦᠯᠵᠡᠢ᠃
ᠲᠡᠷᠢᠭᠦᠨ᠎ᠤ ᠦᠢ᠍ᠯᠡᠳᠬᠦ ᠦᠢ᠍ᠯᠡᠰ᠎ᠠᠴᠠ ᠭᠠᠳᠠᠨ᠎ᠠ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠴᠦ᠍ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠰᠢᠨ᠎ᠡ ᠵᠢ ᠡᠭᠦᠳᠦᠨ ᠪᠣᠢ᠌ᠵᠢᠭᠤᠯᠬᠤ᠎ᠳᠤ ᠠᠵᠠ ᠲᠣᠬᠢᠶᠠᠯ ᠣᠯᠭᠣᠵᠠᠢ᠃ ᠴᠠᠩᠱ᠌ᠠ᠎ᠳᠤ ᠰᠢᠨ᠎ᠡ ᠬᠡᠷᠡᠭᠯᠡᠭᠡᠨ᠎ᠤ ᠤᠷᠤᠯᠳᠤᠭ᠋ᠠᠨ᠎ᠤ ᠵᠠᠮ᠎ᠳᠤ ᠴᠠ ᠶᠠᠨ ᠶᠤᠸᠠᠢ ᠰᠧ᠂ ᠢ ᠡᠯ ᠺᠠᠩ ᠵᠡᠷᠭᠡ ᠤᠯᠠᠨ ᠰᠦᠯᠵᠢᠶᠡᠨ᠎ᠤ ᠨᠡᠷᠡᠲᠦ ᠲᠥᠷᠥᠯ ᠲᠡᠮᠳᠡᠭ ᠪᠤᠢ ᠪᠣᠯᠵᠠᠢ᠃ ᠬᠡᠷᠪᠡ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠬᠠᠷᠠᠭ᠋ᠠᠰᠤ᠎ᠠᠴᠠ ᠦᠵᠡᠪᠡᠯ᠂ ᠡᠲᠡᠭᠡᠷ ᠰᠦᠯᠵᠢᠶᠡᠨ᠎ᠤ ᠨᠡᠷᠡᠲᠦ ᠲᠥᠷᠥᠯ ᠲᠡᠮᠳᠡᠭ᠎ᠨᠢ 《ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ +》 ᠪᠣᠯᠵᠤ ᠬᠥᠭᠵᠢᠭᠰᠡᠨᠢ ᠮᠡᠳᠡᠵᠦ ᠪᠣᠯᠣᠨ᠎ᠠ᠃
ᠡᠷᠡᠭᠦᠯ ᠮᠠᠨᠳᠤ ᠵᠢ ᠬᠠᠮᠠᠭ᠋ᠠᠯᠠᠬᠤ ᠠᠵᠤ ᠦᠢ᠍ᠯᠡᠰ ᠪᠣᠯ ᠴᠠᠩᠱ᠌ᠠ ᠵᠢᠨ ᠰᠥᠨᠢ ᠵᠢᠨ ᠠᠵᠤ ᠠᠬᠤᠢ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠤᠬᠠᠢ ᠵᠢᠨ ᠭᠠᠵᠠᠷ᠎ᠲᠤ ᠢ ᠡᠯ ᠺᠠᠩ ᠡᠷᠡᠭᠦᠯ ᠮᠠᠨᠳᠤ ᠵᠢ ᠬᠠᠮᠠᠭ᠋ᠠᠯᠠᠬᠤ ᠢᠯᠢᠯᠭᠡ ᠪᠣᠯ ᠮᠠᠰᠢ ᠤᠯᠠᠨ ᠵᠠᠯᠠᠭᠤᠴᠤᠳ᠎ᠤᠨ ᠨᠢᠭᠡ ᠡᠳᠦᠷ᠎ᠤᠨ 《ᠣᠨᠴᠠ ᠲᠥᠷᠥᠯ᠎ᠤᠨ ᠴᠡᠷᠢᠭ》᠎ᠤᠨ ᠵᠢᠭᠤᠯᠴᠢᠯᠠᠯ᠎ᠤᠨ ᠬᠠᠮᠤᠭ ᠡᠴᠦᠰ᠎ᠤᠨ ᠥᠷᠲᠡᠭᠡ ᠪᠣᠯᠬᠤ ᠶᠤᠮ᠃ ᠢ ᠡᠯ ᠺᠠᠩ ᠪᠦᠯᠦᠭᠯᠡᠯ᠎ᠤᠨ ᠶᠡᠷᠦᠩᠬᠡᠢ ᠳᠠᠭ᠋ᠠᠭ᠋ᠠᠮᠠᠯ ᠵᠧᠦ ᠴᠦᠨ ᠭᠥᠸᠧ ᠬᠡᠯᠡᠬᠦ᠎ᠳᠡᠭᠡᠨ᠄ 《ᠡᠷᠡᠭᠦᠯ ᠮᠠᠨᠳᠤ ᠵᠢᠨ ᠢᠯᠢᠯᠭᠡ ᠵᠢᠨ ᠮᠡᠷᠭᠡᠵᠢᠯ ᠪᠣᠯ ᠢ ᠡᠯ ᠺᠠᠩ᠎ᠤᠨ ᠳᠠᠪᠠᠭᠤᠯᠢᠭ ᠲᠠᠯ᠎ᠠ ᠮᠥᠨ᠂ ᠠᠵᠢᠯ ᠲᠥᠷᠥᠯ᠎ᠨᠢ ᠶᠠᠭ᠋ᠠᠬᠢᠵᠤ ᠬᠤᠪᠢᠷᠠᠭᠰᠠᠨ ᠴᠤ᠌ ᠮᠡᠷᠭᠡᠵᠢᠯ᠎ᠨᠢ ᠴᠥᠮ ᠬᠠᠲᠠᠭᠤ ᠪᠠᠷᠢᠮᠵᠢᠶ᠎ᠠ ᠮᠥᠨ》 ᠭᠡᠵᠡᠢ᠃
ᠪᠥᠬᠥ ᠤᠯᠤᠰ᠎ᠤᠨ ᠪᠡᠶ᠎ᠡ ᠰᠤᠪᠢᠯᠠᠯᠲᠠ ᠡᠷᠡᠭᠦᠯᠵᠢᠯ᠎ᠤᠨ ᠠᠵᠢᠯ ᠲᠥᠷᠥᠯ᠎ᠤᠨ ᠠᠩᠬᠠᠳᠠᠭᠴᠢ ᠤᠯᠤᠰ᠎ᠤᠨ ᠲᠠᠰ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠨᠢᠭᠡᠴᠢ ᠪᠣᠯᠤᠭᠰᠠᠨ᠎ᠤ ᠬᠤᠪᠢ᠎ᠳᠤ᠂ ᠢ ᠡᠯ ᠺᠠᠩ ᠤᠷᠢᠳ ᠬᠣᠵᠢᠳ ᠬᠤᠨᠠᠨ ᠮᠤᠵᠢ ᠵᠢᠨ ᠤᠯᠠᠨ ᠠᠵᠢᠯ ᠲᠥᠷᠥᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠭᠰᠠᠨ ᠪᠠᠢ᠌ᠨ᠎ᠠ᠃ ᠲᠡᠭᠦᠨ᠎ᠤ ᠲᠦᠷᠦᠭᠦᠯᠡᠨ ᠲᠤᠭᠤᠷᠪᠢᠭᠰᠠᠨ 《ᠡᠷᠡᠭᠦᠯᠵᠢᠯ᠎ᠤᠨ ᠵᠣᠬᠢᠴᠠᠭᠤᠯᠬᠤ ᠢᠯᠢᠯᠭᠡ ᠵᠢᠨ ᠮᠡᠷᠭᠡᠵᠢᠯ᠎ᠤᠨ ᠠᠵᠢᠯᠯᠠᠭ᠋ᠠᠨ᠎ᠤ ᠵᠢᠷᠤᠮᠵᠢᠯ》᠎ᠤᠨ ᠤᠯᠤᠰ᠎ᠤᠨ ᠪᠠᠷᠢᠮᠵᠢᠶ᠎ᠠ᠎ᠨᠢ ᠴᠦ᠍ ᠠᠵᠢᠯ ᠲᠥᠷᠥᠯ᠎ᠤᠨ ᠳᠣᠲᠣᠷᠠᠬᠢ ᠠᠩᠬᠠᠳᠠᠭᠴᠢ 《ᠤᠯᠤᠰ᠎ᠤᠨ ᠪᠠᠷᠢᠮᠵᠢᠶ᠎ᠠ》 ᠪᠣᠯᠤᠭᠰᠠᠨ ᠪᠠᠢ᠌ᠨ᠎ᠠ᠃
ᠴᠠᠭ᠋ᠠᠷᠠᠭᠰᠠᠨ ᠠᠷᠭ᠎ᠠ ᠪᠠᠷᠢᠯ᠎ᠲᠠᠢ ᠪᠣᠯᠤᠭᠰᠠᠨ᠎ᠠᠴᠠ ᠢ ᠡᠯ ᠺᠠᠩ ᠡᠷᠡᠭᠦᠯ ᠮᠠᠨᠳᠤ ᠵᠢ ᠬᠠᠮᠠᠭ᠋ᠠᠯᠠᠬᠤ ᠢᠯᠢᠭᠴᠢ ᠵᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠴᠦ᠍ ᠳᠠᠭ᠋ᠠᠯᠳᠤᠨ ᠪᠤᠢ ᠪᠣᠯᠤᠭᠰᠠᠨ ᠪᠠᠢ᠌ᠨ᠎ᠠ᠃ ᠵᠧᠦ ᠴᠦᠨ ᠭᠥᠸᠧ ᠵᠢᠨ ᠲᠠᠨᠢᠯᠴᠠᠭᠤᠯᠤᠭᠰᠠᠨ ᠵᠶ᠋ᠠᠷ᠂ ᠢ ᠡᠯ ᠺᠠᠩ ᠡᠷᠡᠭᠦᠯᠵᠢᠯ᠎ᠤᠨ ᠢᠯᠢᠭᠴᠢ ᠵᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠨᠢ ᠳᠣᠣᠷ᠎ᠠ᠎ᠪᠠᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠨᠡᠷᠡᠲᠦ ᠲᠥᠷᠥᠯ ᠲᠡᠮᠳᠡᠭ᠎ᠤᠨ ᠰᠢᠭᠤᠳ ᠡᠵᠡᠩᠨᠡᠯᠲᠡ ᠵᠢᠨ ᠳᠡᠯᠭᠡᠭᠦᠷ ᠵᠡᠷᠭᠡ᠎ᠳᠤ ᠲᠦᠰᠢᠭᠯᠡᠨ᠂ 《ᠪᠣᠯᠪᠠᠰᠤᠷᠠᠯ + ᠬᠢᠨᠠᠨ ᠲᠣᠭᠲᠠᠭ᠋ᠠᠯᠲᠠ + ᠠᠵᠢᠯ ᠣᠯᠭᠣᠯᠲᠠ》 ᠵᠢᠨ ᠦᠢ᠍ᠯᠡᠴᠢᠯᠡᠭᠡᠨ᠎ᠤ ᠵᠠᠭᠪᠤᠷ᠎ᠢ ᠬᠦᠴᠦᠯᠡᠨ ᠪᠤᠢ ᠪᠣᠯᠭ᠋ᠠᠵᠤ᠂ ᠲᠣᠰ ᠪᠡᠶ᠎ᠡ ᠵᠢᠨ ᠠᠵᠢᠯ᠎ᠤᠨ ᠪᠠᠶ᠋ᠢᠷᠢ ᠵᠢᠨ ᠬᠡᠷᠡᠭᠴᠡᠭᠡ᠎ᠪᠠᠨ ᠬᠠᠩᠭ᠋ᠠᠭᠰᠠᠨ ᠵᠶ᠋ᠠᠷ ᠪᠠᠷᠠᠬᠤ ᠦᠭᠡᠢ᠂ ᠪᠠᠰᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠵᠣᠬᠢᠶᠠᠨ ᠪᠠᠢ᠌ᠭᠤᠯᠤᠭᠰᠠᠨ ᠠᠵᠤ ᠠᠬᠤᠢ᠌ᠯᠠᠯ᠎ᠤᠨ ᠪᠠᠭᠰᠢ ᠱᠠᠪᠢ ᠳᠠᠭ᠋ᠠᠭᠤᠯᠬᠤ ᠵᠦᠢ᠍ᠯᠡᠰ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠵᠡᠷᠭᠡ ᠵᠢ ᠳᠠᠭ᠋ᠠᠭ᠋ᠠᠨ ᠡᠷᠭᠢᠯᠡᠵᠦ᠂ 6200 ᠭᠠᠷᠤᠢ ᠬᠥᠮᠥᠨ᠎ᠢ ᠳᠠᠶ᠋ᠢᠴᠢᠯᠠᠨ ᠤᠷ᠎ᠠ ᠴᠢᠳᠠᠪᠤᠷᠢ ᠵᠢᠨ ᠠᠵᠢᠯ ᠣᠯᠭᠣᠯᠲᠠ ᠵᠢ ᠪᠡᠶᠡᠯᠡᠭᠦᠯᠵᠡᠢ᠃
ᠣᠳᠣᠬᠠᠨ᠎ᠳᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠨᠢ ᠨᠢᠭᠡᠨᠲᠡ ᠠᠶᠠᠨᠳᠠᠭ᠋ᠠᠨ ᠪᠤᠢ ᠪᠣᠯᠬᠤ᠎ᠠᠴᠠ ᠡᠮᠬᠢ ᠵᠢᠷᠤᠮ᠎ᠲᠠᠢ ᠪᠣᠯᠬᠤ᠂ ᠪᠠᠭᠲᠠᠭ᠋ᠠᠮᠵᠢ ᠵᠢ ᠥᠷᠭᠡᠳᠬᠡᠬᠦ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠭᠰᠠᠨ ᠪᠠᠢ᠌ᠨ᠎ᠠ᠃ ᠶᠦᠨ ᠳ᠋ᠦᠩ ᠯᠠᠢ ᠢᠯᠡᠷᠬᠡᠢ᠌ᠯᠡᠬᠦ᠎ᠳᠡᠭᠡᠨ᠂ ᠳᠠᠷᠠᠭ᠋ᠠᠴᠢ ᠵᠢᠨ ᠠᠯᠬᠤᠮ᠎ᠳᠤ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠢ ᠪᠠᠷᠢᠮᠲᠠᠯᠠᠵᠤ᠂ ᠵᠢᠷᠤᠮᠵᠢᠭᠤᠯᠤᠨ ᠪᠣᠢ᠌ᠵᠢᠭᠤᠯᠬᠤ ᠵᠢ ᠪᠠᠷᠢᠮᠲᠠᠯᠠᠵᠤ᠂ ᠤᠷ᠎ᠠ ᠮᠡᠷᠭᠡᠵᠢᠯ ᠵᠶ᠋ᠡᠷ ᠨᠡᠭᠡᠭᠡᠨ ᠬᠥᠭᠵᠢᠭᠦᠯᠬᠦ᠂ ᠬᠡᠪᠴᠢᠶᠡᠵᠢᠭᠦᠯᠦᠨ ᠭᠠᠳᠠᠭᠰᠢ ᠭᠠᠷᠭ᠋ᠠᠬᠤ ᠵᠢ ᠴᠢᠩᠭ᠋ᠠᠳᠬᠠᠵᠤ᠂ ᠳᠦᠷᠦᠯ ᠲᠡᠮᠳᠡᠭ ᠵᠶ᠋ᠡᠷ ᠳᠡᠯᠭᠡᠷᠡᠭᠦᠯᠬᠦ᠂ ᠠᠵᠤ ᠦᠢ᠍ᠯᠡᠰᠵᠢᠭᠦᠯᠦᠨ ᠬᠥᠭᠵᠢᠭᠦᠯᠬᠦ ᠵᠢ ᠪᠡᠶᠡᠯᠡᠭᠦᠯᠵᠦ᠂ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠤᠨ ᠪᠠᠢ᠌ᠭᠤᠯᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠤᠨ ᠣᠨᠴᠠᠯᠢᠭᠲᠤ ᠰᠣᠶᠣᠯ᠎ᠢ ᠪᠤᠢ ᠪᠣᠯᠭ᠋ᠠᠵᠤ᠂ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠤᠨ ᠠᠵᠢᠯ ᠣᠯᠭᠣᠯᠲᠠ ᠵᠢᠨ ᠬᠡᠪᠴᠢᠶ᠎ᠡ ᠪᠠ ᠠᠵᠤ ᠦᠢ᠍ᠯᠡᠰ᠎ᠤᠨ ᠪᠠᠭᠲᠠᠭ᠋ᠠᠮᠵᠢ ᠵᠢ ᠥᠷᠭᠡᠳᠬᠡᠵᠦ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠪᠡᠶᠡᠯᠡᠭᠦᠯᠬᠦ ᠵᠢ ᠠᠬᠢᠭᠤᠯᠵᠤ᠂ ᠠᠷᠠᠳ ᠤᠯᠠᠨ᠎ᠤ ᠴᠢᠨᠠᠷ ᠰᠠᠢ᠌ᠲᠠᠢ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠠᠵᠤ ᠠᠬᠤᠢ ᠵᠢ ᠴᠢᠨᠠᠷ ᠰᠠᠢ᠌ᠲᠠᠢ ᠬᠥᠭᠵᠢᠭᠦᠯᠬᠦ᠎ᠳᠤ ᠬᠦᠴᠦᠨ ᠨᠡᠮᠡᠷᠢᠯᠡᠨ᠎ᠡ ᠭᠡᠵᠡᠢ᠃ (ᠣᠣ ᠷᠥᠩ)