ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠨ᠎ᠦ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠭᠤᠯᠵᠤ ᠬᠣᠶᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ ᠪᠠ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ ᠪᠠᠶ᠋ᠢᠴᠠᠭᠠᠬᠤ ᠬᠣᠷᠢᠶ᠎ᠠ᠎ᠶᠢ ᠰᠣᠩᠭᠣᠨ ᠭᠠᠷᠭᠠᠪᠠ
ᠨᠡᠶ᠋ᠢᠲᠡᠯᠡᠭᠰᠡᠨ ᠴᠠᠭ᠄ 2025-10-22

      7 ᠰᠠᠷ᠎ᠠ᠎ᠶᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠭᠤᠯᠵᠤ᠂ ᠬᠣᠶᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ ᠪᠠ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ ᠪᠠᠶ᠋ᠢᠴᠠᠭᠠᠬᠤ ᠬᠣᠷᠢᠶ᠎ᠠ᠎ᠶᠢ ᠰᠣᠩᠭᠣᠪᠠ᠃
      ᠬᠤᠷᠠᠯ ᠨᠢ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶᠢᠨ ᠠᠶᠠᠰ ᠳᠤᠮᠳᠠ ᠬᠥᠰᠢᠭᠡ᠎ᠪᠡᠨ ᠰᠡᠬᠦᠪᠡ᠃ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠠᠩᠬᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠠᠵᠢᠯ᠎ᠤᠨ ᠢᠯᠡᠳᠭᠡᠯ᠎ᠢ ᠬᠢᠨᠠᠨ ᠵᠥᠪᠯᠡᠵᠦ ᠪᠠᠲᠤᠯᠠᠪᠠ᠃ ᠢᠯᠡᠳᠬᠡᠯ᠎ᠳᠦ ᠠᠩᠬᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ ᠪᠠ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ ᠪᠠᠶ᠋ᠢᠴᠠᠭᠠᠬᠤ ᠬᠣᠷᠢᠶ᠎ᠠ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠪᠠᠶ᠋ᠢᠭᠤᠯᠤᠯᠲᠠ᠎ᠶᠢ ᠴᠢᠩᠭᠠᠳᠬᠠᠬᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠵᠢᠷᠤᠮᠵᠢᠭᠤᠯᠤᠯᠲᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠶ᠋ᠢᠭᠤᠯᠤᠯᠲᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠣᠯᠤᠭᠰᠠᠨ ᠠᠮᠵᠢᠯᠲᠠ᠎ᠶᠢ ᠪᠦᠬᠦ ᠲᠠᠯ᠎ᠠ᠎ᠪᠠᠷ ᠡᠷᠭᠢᠴᠡᠭᠦᠯᠦᠨ ᠳ᠋ᠦᠩᠨᠡᠵᠦ᠂ ᠣᠷᠣᠰᠢᠵᠤ ᠪᠠᠶ᠋ᠢᠭ᠎ᠠ ᠠᠰᠠᠭᠤᠳᠠᠯ᠎ᠢ ᠪᠤᠰᠤᠳᠴᠢ᠎ᠪᠠᠷ ᠵᠠᠳᠠᠯᠬᠤ᠎ᠶᠢᠨ ᠬᠠᠮᠲᠤ ᠬᠣᠶ᠋ᠢᠰᠢᠳᠠ᠎ᠶᠢᠨ ᠠᠵᠢᠯ᠎ᠳᠤ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠭᠡ ᠬᠢᠵᠦ᠂ ᠬᠠᠷᠠᠯᠲᠠ᠎ᠪᠠᠨ ᠲᠣᠳᠣᠷᠬᠠᠶ ᠪᠣᠯᠭᠠᠪᠠ᠃ ᠬᠤᠷᠠᠯ᠎ᠠᠴᠠ ᠪᠠᠰᠠ ᠠᠩᠬᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠦᠢᠳᠬᠡᠯ᠎ᠢ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶ᠋ᠢᠳᠠᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠵᠦ ᠪᠠᠲᠤᠯᠠᠪᠠ᠃
      ᠶᠡᠬᠡ ᠬᠤᠷᠠᠯ᠎ᠠᠴᠠ ᠰᠣᠩᠭᠣᠭᠤᠯᠢ᠎ᠶᠢᠨ ᠲᠡᠰ ᠳᠠᠷᠠᠭᠠᠯᠠᠯ᠎ᠢ ᠴᠢᠩᠭ᠎ᠠ ᠵᠢᠷᠤᠮᠯᠠᠨ᠂ ᠨᠡᠷ᠎ᠡ ᠪᠢᠴᠢᠬᠦ ᠦᠭᠡᠢ᠎ᠪᠡᠷ ᠪᠢᠯᠧᠲ ᠥᠭᠬᠦ ᠪᠠ ᠲᠣᠭᠠᠨ᠎ᠤ ᠵᠥᠷᠢᠶᠡᠲᠦ ᠰᠣᠩᠭᠣᠭᠤᠯᠢ᠎ᠶᠢᠨ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠣᠶᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ ᠪᠠ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ ᠪᠠᠶ᠋ᠢᠴᠠᠭᠠᠬᠤ ᠬᠣᠷᠢᠶ᠎ᠠ᠎ᠶᠢᠨ ᠭᠡᠰᠢᠭᠦᠨ᠎ᠢ ᠰᠣᠩᠭᠣᠨ ᠭᠠᠷᠭᠠᠪᠠ᠃ ᠰᠣᠩᠭᠣᠭᠤᠯᠢ᠎ᠶᠢᠨ ᠶᠠᠪᠤᠴᠠ ᠨᠢ ᠢᠯᠡ ᠲᠣᠳᠣ᠌᠂ ᠴᠢᠩᠭ᠎ᠠ ᠨᠢᠮᠪᠠᠢ ᠡᠮᠬᠢ ᠵᠢᠷᠤᠮ᠎ᠲᠠᠢ ᠪᠠᠶ᠋ᠢᠵᠤ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠢ ᠭᠦᠢᠴᠡᠳ ᠢᠯᠡᠷᠡᠭᠦᠯᠵᠦ᠂ ᠨᠠᠮ᠎ᠤᠨ ᠭᠡᠰᠢᠭᠦᠨ ᠲᠥᠯᠥᠭᠡᠯᠡᠭᠴᠢ᠎ᠶᠢᠨ ᠰᠣᠩᠭᠣᠬᠤ ᠡᠷᠬᠡ ᠪᠠ ᠰᠣᠩᠭᠣᠭᠳᠠᠬᠤ ᠡᠷᠬᠡ᠎ᠶᠢ ᠪᠠᠲᠤᠯᠠᠪᠠ᠃
      ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠴᠢ ᠹᠸᠢ ᠶᠦᠨ ᠶᠠᠷᠢᠶᠠᠨ᠎ᠳᠠᠭᠠᠨ᠂ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠴᠢᠩᠭᠠᠳᠬᠠᠬᠤ ᠲᠤᠬᠠᠶ ᠲᠦᠷᠪᠡᠨ ᠱᠠᠭᠠᠷᠳᠠᠯᠭ᠎ᠠ ᠳᠤᠷᠠᠳᠴᠠᠶ᠄ ᠨᠢᠭᠡ᠎ᠳᠦ᠂ ᠲᠤᠭ ᠲᠡᠮᠳᠡᠭ ᠲᠣᠳᠣᠷᠬᠠᠶ᠎ᠪᠠᠷ ᠤᠯᠤᠰ ᠲᠦᠷᠦ᠎ᠶᠢ ᠡᠷᠬᠢᠮᠯᠡᠵᠦ᠂ ᠤᠯᠤᠰ ᠲᠦᠷᠦ᠎ᠶᠢᠨ ᠪᠠᠶ᠋ᠢᠭᠤᠯᠤᠯᠲᠠ᠎ᠶᠢ ᠲᠡᠷᠢᠭᠦᠨ ᠪᠠᠶ᠋ᠢᠷᠢᠨ᠎ᠳᠤ ᠲᠠᠯᠪᠢᠵᠤ᠂ 《 ᠬᠣᠶᠠᠷ᠎ᠢ ᠲᠣᠭᠲᠠᠭᠠᠬᠤ 》᠎ᠶᠢᠨ ᠰᠢᠶ᠋ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《 ᠲᠦᠷᠪᠡᠨ ᠤᠬᠠᠮᠰᠠᠷ 》᠎ᠢᠶᠠᠨ ᠴᠢᠩᠭᠠᠳᠬᠠᠨ᠂ 《 ᠲᠦᠷᠪᠡᠨ ᠢᠲᠡᠭᠡᠯ 》᠎ᠢᠶᠡᠨ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》᠎ᠶᠢ ᠪᠡᠶᠡᠯᠡᠭᠦᠯᠵᠦ᠂ ᠦᠵᠡᠯ ᠰᠠᠨᠠᠭᠠᠨ᠎ᠤ ᠲᠠᠯ᠎ᠠ᠎ᠪᠠᠷ ᠤᠯᠤᠰ ᠲᠦᠷᠦ᠎ᠶᠢᠨ ᠲᠠᠯ᠎ᠠ᠎ᠪᠠᠷ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠶ᠋ᠢᠬᠤ ᠬᠡᠷᠡᠭᠲᠡᠶ᠃ ᠬᠣᠶᠠᠷ᠎ᠲᠤ᠂ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ᠎ᠶᠢᠨ ᠠᠭᠤᠰᠤᠯᠴᠠᠯ᠎ᠤᠨ ᠴᠡᠭ᠎ᠢ ᠣᠨᠣᠪᠴᠢᠲᠠᠢ ᠡᠵᠡᠮᠳᠡᠵᠦ ᠪᠠᠶ᠋ᠢᠭᠠᠳ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠲᠥᠯᠥᠪᠵᠢᠭᠦᠯᠦᠨ ᠠᠬᠢᠭᠤᠯᠵᠤ᠂ 《 ᠲᠠᠪᠤᠨ ᠶᠡᠬᠡ ᠡᠭᠦᠷᠭᠡ 》᠂《 ᠵᠢᠷᠭᠤᠭᠠᠨ ᠢᠨᠵᠧᠨᠧᠷᠢᠩ 》᠂ 《 ᠵᠢᠷᠭᠤᠭᠠᠨ ᠠᠵᠢᠯᠯᠠᠭ᠎ᠠ 》 ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠦᠳᠦᠬᠡᠨ ᠪᠠᠶ᠋ᠢᠭᠤᠯᠬᠤ᠎ᠶᠢᠨ ᠲᠣᠭᠣᠷᠢᠨ᠎ᠳᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢᠨ ᠦᠢᠯᠡᠳᠦᠯ ᠪᠣᠯᠤᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠷᠪᠠ᠎ᠳᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠶ᠋ᠢᠭᠤᠯᠤᠯᠲᠠ᠎ᠶᠢᠨ 《 ᠬᠣᠶᠠᠷ ᠬᠠᠷᠢᠭᠤᠴᠠᠯᠭ᠎ᠠ 》 ᠪᠣᠯᠤᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶᠢᠨ ᠬᠢᠨᠠᠯᠲᠠ᠎ᠶᠢ ᠴᠢᠩᠭᠠᠳᠬᠠᠵᠤ᠂ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠬᠤ᠎ᠶᠢ ᠭᠦᠨᠵᠡᠭᠡᠶ᠋ᠢᠷᠡᠭᠦᠯᠵᠦ᠂ ᠰᠤᠷᠤᠯᠴᠠᠯᠭ᠎ᠠ ᠬᠥᠮᠦᠵᠢᠯ᠎ᠢ ᠴᠢᠩᠭ᠎ᠠ ᠪᠣᠳᠠᠲᠠᠢ ᠠᠬᠢᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠢ ᠲᠡᠮᠦᠷ ᠮᠡᠲᠦ ᠬᠠᠲᠠᠭᠤ ᠳᠦᠷᠢᠮ ᠲᠣᠭᠲᠠᠭᠠᠯ ᠪᠣᠯᠭᠠᠵᠤ᠂ ᠰᠤᠷᠤᠯᠴᠠᠯᠭ᠎ᠠ ᠬᠥᠮᠦᠵᠢᠯ᠎ᠢ ᠡᠳᠦᠷ ᠳᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠬᠥᠭᠵᠢᠯᠲᠡ᠎ᠶᠢᠨ ᠰᠤᠷᠲᠠᠯ ᠴᠢᠬᠡᠴᠢ ᠣᠪᠣᠷ ᠲᠥᠪ ᠰᠠᠢ᠍ᠢᠨ ᠰᠠᠶ᠋ᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠡᠬᠢᠵᠢᠭᠦᠯᠬᠦ ᠬᠡᠷᠡᠭᠲᠡᠢ᠃ ᠲᠦᠷᠪᠡ᠎ᠳᠦ᠂ ᠪᠠᠶ᠋ᠢᠭᠤᠯᠭ᠎ᠠ᠎ᠶᠢᠨ ᠨᠠᠮ᠎ᠤᠨ ᠬᠣᠷᠢᠵ᠎ᠠ᠎ᠶᠢᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠪᠠᠶ᠋ᠢᠭᠤᠯᠭ᠎ᠠ᠎ᠶᠢᠨ ᠨᠠᠮ᠎ᠤᠨ ᠬᠣᠷᠢᠵ᠎ᠠ᠎ᠶᠢᠨ ᠲᠤᠰ ᠪᠡᠶ᠎ᠡ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠠᠵᠢᠯ᠎ᠤᠨ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠂ ᠨᠠᠮ᠎ᠤᠨ ᠠᠵᠢᠯ᠎ᠤᠨ ᠺᠠᠳ᠋ᠷ᠎ᠢ ᠰᠣᠩᠭᠣᠨ ᠲᠤᠬᠢᠷᠠᠭᠤᠯᠵᠤ᠂ ᠪᠠᠶ᠋ᠢᠭᠤᠯᠭ᠎ᠠ᠎ᠶᠢᠨ ᠨᠠᠮ᠎ᠤᠨ ᠬᠣᠷᠢᠵ᠎ᠠ᠎ᠶᠢᠨ ᠠᠵᠢᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠠᠶ᠋ᠢᠭᠤᠯᠤᠭ᠎ᠠ᠎ᠶᠢᠨ ᠨᠠᠮ᠎ᠤᠨ ᠬᠣᠷᠢᠵ᠎ᠠ᠎ᠶᠢᠨ ᠠᠵᠢᠯ᠎ᠤᠨ ᠵᠢᠷᠤᠮᠵᠢᠯᠲᠠ᠂ ᠰᠢᠨᠵᠢᠯᠡᠬᠦ ᠤᠬᠠᠭᠠᠨᠴᠢᠯᠠᠯᠲᠠ᠎ᠶᠢᠨ ᠲᠦᠪᠰᠢᠨ᠎ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ᠃
      ᠶᠡᠬᠡ ᠬᠤᠷᠠᠯ ᠨᠢ ᠣᠷᠭᠢᠯᠤᠮ᠎ᠠ ᠬᠠᠯᠠᠭᠤᠨ 《 ᠢᠨᠲ᠋ᠧᠷᠨᠠᠼᠢᠣᠨᠠᠯ᠎ᠤᠨ ᠳᠠᠭᠤᠸ᠋ 》 ᠵᠢᠨ ᠲᠠᠭᠤᠨ᠎ᠤ ᠳᠤᠮᠳᠠ ᠲᠡᠭᠦᠰ ᠠᠮᠵᠢᠯᠲᠠ᠎ᠲᠠᠢ ᠥᠨᠳᠥᠷᠯᠡᠪᠡ᠃ ᠲᠤᠰ ᠤᠳᠠᠭ᠎ᠠ᠎ᠶᠢᠨ ᠨᠠᠮ᠎ᠤᠨ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠭᠰᠠᠨ ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠳᠤ ᠰᠢᠨ᠎ᠡ ᠠᠮᠢᠵᠢᠷᠠᠯ᠎ᠤᠨ ᠬᠦᠴᠦᠨ ᠣᠯᠭᠣᠵᠤ᠂ ᠰᠢᠨ᠎ᠡ ᠠᠶᠠᠨ᠎ᠢ ᠡᠬᠢᠯᠡᠬᠦᠯᠦᠭᠰᠡᠨ ᠪᠠᠢᠨ᠎ᠠ᠃ ᠰᠢᠨ᠎ᠡ ᠨᠢᠭᠡ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠵ᠎ᠠ ᠪᠣᠯᠤᠨ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ ᠪᠠᠶ᠋ᠢᠴᠠᠭᠠᠬᠤ ᠬᠣᠷᠢᠵ᠎ᠠ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠪᠦᠯᠬᠦᠮᠳᠡᠭᠦᠯᠦᠨ ᠳᠠᠭᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ᠎ᠢᠶᠠᠷ᠎ᠢᠶᠠᠨ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠦᠳᠦᠭᠡᠨ ᠪᠠᠶ᠋ᠢᠭᠤᠯᠬᠤ ᠪᠠ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠤᠨ᠎ᠠ᠃
      ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠵᠣᠣ ᠱᠢ ᠳᠧ ᠬᠤᠷᠠᠯ᠎ᠢ ᠡᠷᠭᠢᠯᠡᠵᠦ᠂ ᠲᠢᠩᠬᠢᠮ᠎ᠦᠨ ᠤᠳᠤᠷᠢᠳᠬᠤ ᠪᠠᠭ᠎ᠤᠨ ᠪᠥᠬᠥ ᠪᠦᠷᠢᠯᠳᠦᠬᠦᠨ ᠵᠢᠴᠢ ᠠᠬᠠᠮᠠᠳ ᠺᠠᠳ᠋ᠷᠴᠤᠳ᠎ᠤᠨ ᠲᠥᠯᠥᠭᠡᠯᠡᠭᠴᠢ᠎ᠶᠢ ᠪᠠᠭᠲᠠᠭᠠᠭᠰᠠᠨ 117 ᠨᠠᠮ᠎ᠤᠨ ᠭᠡᠰᠢᠭᠦᠨ ᠲᠥᠯᠥᠭᠡᠯᠡᠭᠴᠢ ᠬᠤᠷᠠᠯ᠎ᠳᠤ ᠣᠷᠣᠯᠴᠠᠵᠠᠶ᠃
      ᠶᠡᠬᠡ ᠬᠤᠷᠠᠯ ᠲᠡᠭᠦᠰᠦᠭᠰᠡᠨ᠎ᠦ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠬᠣᠶᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠵ᠎ᠠ᠂ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ ᠪᠠᠶ᠋ᠢᠴᠠᠭᠠᠬᠤ ᠬᠣᠷᠢᠵ᠎ᠠ ᠲᠤᠰ ᠲᠤᠰ ᠠᠩᠬᠠᠳᠤᠭᠠᠷ ᠤᠳᠠᠭ᠎ᠠ᠎ᠶᠢᠨ ᠬᠤᠷᠠᠯ ᠬᠤᠷᠠᠯᠳᠤᠭᠤᠯᠵᠤ᠂ ᠬᠣᠶᠠᠳᠤᠭᠠᠷ ᠬᠤᠭᠤᠴᠠᠭᠠᠨ᠎ᠤ ᠪᠠᠶ᠋ᠢᠭᠤᠯᠭ᠎ᠠ᠎ᠶᠢᠨ ᠨᠠᠮ᠎ᠤᠨ ᠬᠣᠷᠢᠵ᠎ᠠ᠎ᠶᠢᠨ ᠱᠦᠵᠢ᠂ ᠳᠡᠳ᠋ ᠱᠦᠵᠢ ᠵᠢᠴᠢ ᠰᠠᠬᠢᠯᠭ᠎ᠠ ᠪᠠᠲᠤ ᠪᠠᠶ᠋ᠢᠴᠠᠭᠠᠬᠤ ᠬᠣᠷᠢᠵ᠎ᠠ᠎ᠶᠢᠨ ᠱᠦᠵᠢ᠎ᠶᠢ ᠰᠣᠩᠭᠣᠨ ᠭᠠᠷᠭᠠᠭᠰᠠᠨ ᠪᠥᠭᠡᠳ ᠭᠡᠰᠢᠭᠦᠳ᠎ᠦᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号