10 ᠳ᠋ᠤᠭᠠᠷ ᠰᠠᠷ᠎ᠠ᠎ᠶᠢᠨ 8᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠲᠢᠩᠬᠢᠮ᠎ᠦᠨ ᠳᠠᠷᠤᠭ᠎ᠠ ᠴᠢ ᠹᠧᠢ ᠶᠦᠨ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠣᠢᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠡᠭᠡᠯᠵᠢ᠎ᠶᠢᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠭᠰᠠᠨ ᠮᠡᠳᠡᠭᠦᠯᠦᠯᠲᠡ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠴᠡᠭᠴᠡᠯᠡᠨ ᠰᠠᠢᠵᠢᠷᠠᠭᠤᠯᠬᠤ ᠲᠥᠰᠥᠯ᠎ᠦᠨ ᠬᠣᠯᠪᠣᠭᠳᠠᠯ ᠪᠦᠬᠦᠢ ᠵᠦᠢᠯᠡᠰ᠎ᠢ ᠰᠤᠳᠤᠯᠵᠠᠢ ᠃
ᠬᠤᠷᠠᠯ᠎ᠠᠴᠠ ᠂ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ ᠂ 《 ᠵᠢᠷᠭᠤᠭ᠎ᠠ᠎ᠶᠢ ᠪᠠᠷᠢᠮᠲᠠᠯᠠᠬᠤ 》 ᠴᠢᠬᠤᠯᠠ ᠶᠡᠬᠡ ᠱᠠᠭᠠᠷᠳᠠᠯᠭ᠎ᠠ᠎ᠶᠢ ᠣᠨᠣᠪᠴᠢᠲᠠᠶ ᠡᠵᠡᠮᠳᠡᠵᠦ ᠂ ᠴᠢᠨᠠᠷ ᠰᠠᠢᠲᠠᠢ ᠬᠥᠭᠵᠢᠯᠲᠡ᠎ᠶᠢᠨ ᠲᠡᠷᠢᠭᠦᠨ ᠴᠢᠬᠤᠯᠠ ᠡᠭᠦᠷᠭᠡ᠎ᠳᠦ ᠰᠠᠭᠤᠷᠢᠯᠠᠨ ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠵᠤ ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠯ᠎ᠡ ᠵᠦᠢᠯ᠎ᠦᠨ ᠠᠵᠢᠯ᠎ᠢ ᠭᠦᠨᠵᠡᠭᠡᠢ ᠲᠥᠯᠥᠪᠵᠢᠭᠦᠯᠵᠦ ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ᠵᠢᠴᠢ ᠡᠯ᠎ᠡ ᠲᠤᠰᠬᠠᠢ ᠵᠦᠢᠯ᠎ᠦᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠤᠨ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠷᠢᠯᠢᠭ᠋ ᠤᠨᠤᠪᠴᠢᠳᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶᠢ ᠲᠤᠪᠤᠢ᠍ᠢᠯᠭᠠᠵᠦ᠂ ᠬᠥᠭᠵᠢᠯᠲᠡ᠎ᠶᠢᠨ ᠠᠷᠭ᠎ᠠ ᠬᠡᠯᠪᠡᠷᠢ᠎ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠡᠯᠪᠡᠷᠢ᠎ᠶᠢ ᠬᠤᠪᠢᠷᠠᠭᠤᠯᠬᠤ᠎ᠶᠢ ᠲᠦᠷᠭᠡᠨ ᠠᠬᠢᠭᠤᠯᠵᠤ᠂ ᠴᠢᠨᠠᠷ ᠰᠠᠢᠲᠠᠢ ᠠᠮᠢ ᠠᠬᠤᠢ ᠣᠷᠴᠢᠨ ᠲᠣᠭᠣᠷᠢᠨ᠎ᠢᠶᠠᠷ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ ᠬᠡᠷᠡᠭᠲᠡᠢ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠭᠦᠨᠵᠡᠭᠡᠢᠷᠡᠭᠦᠯᠵᠦ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠪᠣᠳᠠᠲᠤ ᠦᠷ᠎ᠡ ᠪᠦᠲᠦᠮᠵᠢ᠎ᠪᠡᠷ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠢᠷᠠᠯᠠᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃
ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠤᠨ ᠰᠤᠷᠲᠠᠯ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠨᠢ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠨᠡᠩ ᠥᠨᠳᠥᠷ ᠤᠯᠤᠰ ᠲᠦᠷᠦ᠎ᠶᠢᠨ ᠵᠣᠭᠰᠣᠴᠠ᠎ᠪᠠᠷ ᠰᠤᠷᠲᠠᠯ᠎ᠤᠨ ᠪᠠᠢᠭᠤᠯᠤᠯᠲᠠ᠎ᠶᠢᠨ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠵᠤ ᠤᠷᠳᠤ ᠬᠤᠭᠤᠴᠠᠭᠠᠨ᠎ᠳᠤ ᠪᠦᠲᠦᠮᠵᠢᠲᠡᠢ ᠪᠠᠢᠯᠭᠠᠬᠤ ᠲᠣᠭᠲᠠᠴᠠ᠎ᠶᠢ ᠪᠦᠷᠢᠨᠰᠢᠭᠦᠯᠵᠦ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠬᠤᠬᠤ ᠪᠣᠯ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠵᠦ᠂ ᠡᠷᠡᠰ ᠨᠠᠢᠳᠠᠪᠤᠷᠢᠵᠢᠭᠤᠯᠬᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠣᠨ᠎ᠠ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠰᠢᠰᠲᠧᠮ ᠨᠢ ᠴᠡᠭᠴᠡᠯᠡᠨ ᠰᠠᠢᠵᠢᠷᠠᠭᠤᠯᠬᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠡᠯ᠎ᠡ ᠬᠠᠮᠢᠶ᠎ᠠ ᠪᠦᠬᠦᠢ ᠠᠢᠮᠠᠭ ᠬᠣᠲᠠ ᠂ ᠰᠠᠯᠠᠭ᠎ᠠ ᠮᠥᠴᠢᠷ᠎ᠦᠨ ᠴᠡᠭᠴᠡᠯᠡᠨ ᠰᠠᠢᠵᠢᠷᠠᠭᠤᠯᠬᠤ ᠲᠥᠰᠥᠯ᠎ᠢᠶᠡᠨ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠬᠦ᠎ᠶᠢ ᠨᠢᠭᠡᠳᠦᠯᠲᠡᠢ ᠲᠥᠯᠥᠪᠯᠡᠨ ᠂ ᠡᠭᠦᠷᠭᠡ ᠲᠣᠳᠣᠷᠬᠠᠢ ᠂ ᠬᠠᠷᠢᠭᠤᠴᠠᠯᠭ᠎ᠠ ᠲᠣᠳᠣᠷᠬᠠᠢ ᠂ ᠠᠷᠭ᠎ᠠ ᠬᠡᠮᠵᠢᠶ᠎ᠡ ᠪᠣᠳᠠᠲᠠᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠃ ᠨᠡᠪᠲᠡᠷᠡᠯᠴᠡᠨ ᠵᠣᠬᠢᠴᠠᠭᠤᠯᠬᠤ ᠂ ᠱᠠᠯᠠᠪᠳᠠᠭᠤᠯᠤᠨ ᠰᠢᠢᠳᠪᠦᠷᠢᠯᠡᠭᠦᠯᠬᠦ ᠪᠠ ᠬᠢᠨᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ᠎ᠢ ᠵᠡᠷᠭᠡ᠎ᠪᠡᠷ ᠰᠠᠢᠲᠤᠷ ᠬᠢᠵᠦ ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠴᠡᠭᠴᠡᠯᠡᠨ ᠰᠠᠢᠵᠢᠷᠠᠭᠤᠯᠬᠤ ᠠᠵᠢᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠪᠣᠳᠠᠲᠠᠢ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ᠎ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ᠃