ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ )᠎ᠤᠨ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠪᠠ
ᠨᠡᠶ᠋ᠢᠲᠡᠯᠡᠭᠰᠡᠨ ᠴᠠᠭ᠄ 2025-11-06

 10 ᠳ᠋ᠤᠭᠠᠷ ᠰᠠᠷ᠎ᠠ᠎ᠶᠢᠨ 24᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ )᠎ᠤᠨ ᠬᠤᠷᠠᠯ ᠬᠤᠷᠠᠯᠳᠤᠭᠤᠯᠵᠤ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃

 ᠬᠤᠷᠠᠯ᠎ᠠᠴᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲᠧᠮ᠎ᠦᠨ ᠬᠢᠨ ᠡᠷᠬᠡᠪᠰᠢ ᠳᠡᠭᠡᠳᠦ ᠬᠡᠮᠵᠢᠶᠡᠨ᠎ᠦ ᠤᠯᠤᠰ ᠲᠥᠷᠥ᠎ᠶᠢᠨ ᠤᠬᠠᠮᠰᠠᠷ ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ᠎ᠢᠶᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ᠎ᠢ ᠪᠠᠲᠤ ᠪᠡᠬᠢ ᠪᠤᠶ ᠪᠣᠯᠭᠠᠨ ᠦᠢᠯᠡᠳᠦᠯᠭᠡᠵᠢᠭᠦᠯᠵᠦ ᠂ ᠠᠮᠢ ᠠᠬᠤᠢ᠎ᠶᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ᠎ᠪᠡᠷ ᠬᠥᠭᠵᠢᠭᠦᠯᠬᠦ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ ᠂ ᠪᠣᠬᠢᠷᠲᠤᠯ᠎ᠢ ᠪᠠᠭᠠᠰᠬᠠᠬᠤ ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠪᠠ ᠠᠮᠢ ᠠᠬᠤᠢ᠎ᠶᠢᠨ ᠰᠢᠰᠲᠧᠮ᠎ᠢ ᠰᠢᠯᠢᠳᠡᠭᠵᠢᠭᠦᠯᠬᠦ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠷᠡᠰ ᠪᠡᠬᠢᠵᠢᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

 ᠬᠤᠷᠠᠯ᠎ᠠᠴᠠ ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠬᠥᠭᠵᠢᠯᠲᠡ᠎ᠶᠢᠨ ᠲᠤᠬᠠᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠣᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶᠠᠨ᠎ᠤ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠰ᠎ᠦᠨ ᠬᠥᠭᠵᠢᠯᠲᠡ᠎ᠶᠢ ᠴᠢᠨᠠᠷ ᠰᠠᠢᠲᠠᠢ ᠥᠨᠳᠥᠷ ᠪᠦᠲᠦᠮᠵᠢᠲᠡᠢ᠎ᠪᠡᠷ ᠠᠬᠢᠭᠤᠯᠬᠤ ᠬᠡᠷᠡᠭᠲᠡᠢ᠃ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠰᠠᠪᠠ ᠭᠠᠵᠠᠷ᠂ ᠭᠣᠣᠯᠳᠠᠯᠭ᠎ᠠ᠎ᠲᠠᠢ ᠬᠦᠷᠢᠶ᠎ᠡ᠎ᠶᠢ ᠴᠢᠩᠭ᠎ᠠ ᠠᠩᠬᠠᠷᠴᠤ᠂ 2025 ᠣᠨ᠎ᠤ ᠡᠯ᠎ᠡ ᠵᠦᠢᠯ᠎ᠦᠨ ᠡᠭᠦᠷᠭᠡ᠎ᠶᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶᠢ ᠲᠦᠷᠭᠡᠪᠴᠢᠯᠡᠨ ᠠᠬᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠲᠡᠭᠦᠰ ᠠᠮᠵᠢᠯᠲᠠ᠎ᠲᠠᠢ ᠲᠡᠭᠦᠰᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ 2026 ᠣᠨ᠎ᠤ ᠠᠵᠢᠯ᠎ᠤᠨ ᠰᠡᠳᠬᠢᠴᠡ᠎ᠶᠢ ᠤᠷᠢᠳᠴᠢᠯᠠᠨ ᠪᠣᠳᠠᠲᠠᠢ᠎ᠪᠠᠷ ᠰᠦᠪᠡᠭᠴᠢᠯᠡᠵᠦ᠂ ᠭᠣᠣᠯᠳᠠᠯᠭ᠎ᠠ᠎ᠲᠠᠢ ᠡᠭᠦᠷᠭᠡ᠎ᠶᠢ ᠲᠣᠳᠣᠷᠬᠠᠢᠯᠠᠵᠤ᠂ ᠠᠵᠢᠯ᠎ᠤᠨ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠴᠢᠩᠭᠠᠳᠬᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠰᠠᠢᠨ ᠡᠬᠢᠯᠡᠯᠲᠡ᠎ᠶᠢ ᠪᠡᠶᠡᠯᠡᠭᠦᠯᠬᠦ᠎ᠳᠦ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃

 ᠬᠤᠷᠠᠯ᠎ᠠᠴᠠ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠠᠷᠤᠢ ᠲᠦᠷᠭᠡᠨ ᠬᠥᠳᠡᠯᠦᠯᠴᠡᠵᠦ᠂ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠦᠳᠲᠡᠷ ᠲᠦᠷᠭᠡᠨ ᠥᠷᠨᠢᠯᠲᠡ ᠭᠠᠷᠭᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠬᠤ᠎ᠶᠢ ᠥᠷᠭᠡᠨ ᠭᠦᠨᠵᠡᠭᠡᠢ ᠥᠷᠨᠢᠭᠦᠯᠵᠦ᠂ ᠬᠥᠮᠥᠰ᠎ᠦᠨ ᠰᠡᠳᠬᠢᠯ᠎ᠢ ᠬᠥᠭᠵᠢᠭᠡᠵᠦ᠂ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠤᠨ ᠪᠣᠳᠠᠲᠠᠢ᠎ᠳᠤ ᠲᠤᠭᠤᠰᠢᠯᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号