ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ ᠵᠢᠴᠢ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-16

      9 ᠰᠠᠷ᠎ᠠ᠎ᠶᠢᠨ 15᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ ᠵᠢᠴᠢ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶᠢᠨ ᠬᠤᠷᠠᠯ ᠬᠤᠷᠠᠯᠳᠤᠭᠤᠯᠪᠠ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠂ ᠲᠢᠩᠬᠢᠮ᠎ᠦᠨ ᠳᠡᠳ᠋ ᠳᠠᠷᠤᠭ᠎ᠠ ᠵᠣᠣ ᠱᠢ ᠳᠧ ᠬᠤᠷᠠᠯ᠎ᠢ ᠡᠷᠭᠢᠯᠡᠵᠦ ᠂ ᠠᠵᠢᠯ ᠳᠡᠭᠡᠷ᠎ᠡ᠎ᠪᠡᠨ ᠪᠠᠢᠭ᠎ᠠ ᠲᠢᠩᠬᠢᠮ᠎ᠦᠨ ᠤᠳᠤᠷᠢᠳᠤᠯᠭ᠎ᠠ ᠪᠣᠯᠣᠨ ᠡᠯ᠎ᠡ ᠭᠠᠵᠠᠷ ᠭᠡᠷ ᠂ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠠᠢ᠃
      ᠬᠤᠷᠠᠯ᠎ᠠᠴᠠ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠲᠤᠬᠠᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ ᠵᠢᠴᠢ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠠᠢ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠢᠳᠠᠯ᠎ᠢ ᠳ᠋ᠦᠩᠨᠡᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠵᠤ ᠤᠷᠳᠤ ᠬᠤᠭᠤᠴᠠᠭᠠᠨ᠎ᠳᠤ ᠪᠦᠲᠦᠮᠵᠢᠲᠡᠢ ᠪᠠᠢᠯᠭᠠᠬᠤ ᠠᠵᠢᠯ᠎ᠢ ᠠᠬᠢᠭᠤᠯᠬᠤ ᠲᠤᠬᠠᠢ ᠰᠤᠳᠤᠯᠤᠨ ᠪᠠᠢᠷᠢᠯᠠᠭᠤᠯᠪᠠ᠃
      ᠬᠤᠷᠠᠯ᠎ᠠᠴᠠ ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠰᠤᠷᠤᠯᠴᠠᠯᠭ᠎ᠠ ᠬᠥᠮᠦᠵᠢᠯ᠎ᠦᠨ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠤᠬᠠᠮᠰᠠᠷ᠎ᠠᠴᠠ᠎ᠪᠠᠨ ᠣᠷᠭᠠᠨᠢᠭ᠋᠎ᠢᠶᠠᠷ ᠤᠶᠠᠯᠳᠤᠭᠤᠯᠵᠤ᠂ ᠭᠦᠨᠵᠡᠭᠡᠢ ᠠᠭᠤᠰᠤᠯᠴᠠᠭᠤᠯᠵᠤ᠂ 《 ᠰᠤᠷᠤᠯᠴᠠᠬᠤ ᠪᠠᠢᠴᠠᠭᠠᠬᠤ ᠥᠭᠡᠷᠡᠴᠢᠯᠡᠬᠦ 》 ᠶ᠋ᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ 《 ᠴᠢᠩᠭ᠎ᠠ ᠪᠣᠳᠠᠲᠠᠢ ᠨᠠᠷᠢᠯᠢᠭ᠋ 》᠎ᠢ ᠢᠮᠠᠭᠲᠠ ᠲᠤᠭᠤᠰᠢᠯᠠᠭᠤᠯᠵᠤ᠂ ᠥᠨᠳᠥᠷ ᠵᠣᠭᠰᠣᠴᠠ᠎ᠠᠴᠠ ᠰᠦᠪᠡᠭᠴᠢᠯᠡᠬᠦ᠂ ᠥᠨᠳᠥᠷ ᠪᠠᠷᠢᠮᠵᠢᠶ᠎ᠠ᠎ᠪᠠᠷ ᠵᠣᠬᠢᠶᠠᠨ ᠪᠠᠶ᠋ᠢᠭᠤᠯᠬᠤ᠂ ᠴᠢᠨᠠᠷ ᠰᠠᠢᠲᠠᠢ ᠨᠠᠢᠳᠠᠪᠤᠷᠢᠵᠢᠭᠤᠯᠬᠤ᠎ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ᠎ᠦᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠵᠤ᠂ ᠵᠢᠱ᠌ᠢᠭᠰᠡᠨ ᠬᠠᠷᠠᠯᠲᠠ᠎ᠳᠠᠭᠠᠨ ᠬᠦᠷᠬᠦ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠰᠤᠷᠤᠯᠴᠠᠯᠭ᠎ᠠ ᠬᠥᠮᠦᠵᠢᠯ᠎ᠦᠨ ᠳ᠋ᠦᠩᠨᠡᠯᠲᠡ᠎ᠶᠢᠨ ᠬᠤᠷᠠᠯ ᠨᠢ ᠰᠤᠷᠤᠯᠴᠠᠯᠭ᠎ᠠ ᠬᠥᠮᠦᠵᠢᠯ᠎ᠢ ᠪᠦᠬᠦ ᠲᠠᠯ᠎ᠠ᠎ᠪᠠᠷ ᠡᠮᠬᠢᠯᠡᠵᠦ ᠳ᠋ᠦᠩᠨᠡᠭᠰᠡᠨ ᠪᠥᠭᠡᠳ ᠨᠡᠩ ᠴᠤ᠌ ᠰᠢᠨ᠎ᠡ ᠴᠠᠭ ᠦᠶ᠎ᠡ᠎ᠶᠢᠨ ᠰᠤᠷᠲᠠᠯ᠎ᠤᠨ ᠪᠠᠢᠭᠤᠯᠤᠯᠲᠠ᠎ᠶᠢᠨ ᠲᠠᠬᠢᠨ ᠳᠠᠢᠴᠢᠯᠠᠯᠲᠠ᠂ ᠲᠠᠬᠢᠨ ᠪᠠᠢᠷᠢᠯᠠᠭᠤᠯᠤᠯᠲᠠ ᠪᠣᠯᠣᠨ᠎ᠠ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢᠶᠡᠨ ᠦᠷᠭᠦᠯᠵᠢᠯᠡᠨ ᠪᠡᠬᠢᠵᠢᠭᠦᠯᠵᠦ ᠂ ᠰᠤᠷᠲᠠᠯ᠎ᠤᠨ ᠪᠠᠢᠭᠤᠯᠤᠯᠲᠠ᠎ᠶᠢ ᠴᠥᠬᠥᠷᠡᠰᠢ ᠦᠭᠡᠢ ᠴᠢᠩᠭᠠᠳᠬᠠᠵᠤ᠂ ᠨᠡᠩ ᠥᠨᠳᠥᠷ ᠵᠣᠭᠰᠣᠴᠠ᠎ᠪᠠᠷ ᠤᠨᠤᠯ᠎ᠢᠶᠠᠷ ᠵᠡᠪᠰᠡᠭᠯᠡᠬᠦ᠎ᠶᠢ ᠭᠦᠨᠵᠡᠭᠡᠢᠷᠡᠭᠦᠯᠵᠦ᠂ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ᠎ᠶᠢᠨ ᠭᠣᠣᠯ ᠴᠢᠮᠦᠭᠡ ᠴᠢᠬᠤᠯᠠ ᠠᠭᠤᠯᠭ᠎ᠠ᠎ᠶᠢ ᠪᠦᠬᠦ ᠲᠠᠯ᠎ᠠ᠎ᠪᠠᠷ ᠰᠢᠰᠲᠸᠮ ᠲᠠᠢ ᠰᠤᠷᠤᠯᠴᠠᠨ ᠣᠢᠯᠠᠭᠠᠵᠤ᠂ ᠲᠥᠪ᠎ᠦᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠣᠯᠣᠨ ᠠᠵᠢᠯᠯᠠᠭ᠎ᠠ᠎ᠶᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠤᠷᠳᠤ ᠬᠤᠭᠤᠴᠠᠭᠠᠨ᠎ᠤ ᠪᠦᠲᠦᠮᠵᠢᠲᠡᠢ ᠵᠠᠰᠠᠯᠲᠠ᠎ᠶᠢ ᠠᠬᠢᠭᠤᠯᠵᠤ᠂ 《 ᠪᠠᠢᠩᠭᠤ ᠠᠳᠬᠤᠬᠤ᠂ ᠭᠦᠨᠵᠡᠭᠡᠢ ᠠᠳᠬᠤᠬᠤ᠂ ᠤᠳᠠᠭᠠᠨ ᠳᠠᠭᠠᠭᠠᠮᠠᠭᠠᠢ ᠠᠳᠬᠤᠬᠤ 》 ᠣᠢᠯᠠᠭᠠᠭᠳᠠᠬᠤᠨ᠎ᠢ ᠪᠠᠲᠤ ᠪᠤᠢ ᠪᠣᠯᠭᠠᠵᠤ᠂ ᠲᠥᠪ᠎ᠦᠨ ᠨᠠᠢ᠍ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠵᠤ ᠤᠷᠳᠤ ᠬᠤᠭᠤᠴᠠᠭᠠᠨ᠎ᠳᠤ ᠪᠦᠲᠦᠮᠵᠢᠲᠡᠢ ᠪᠠᠢᠯᠭᠠᠬᠤ᠎ᠶᠢ ᠠᠬᠢᠭᠤᠯᠬᠤ ᠬᠡᠷᠡᠭᠲᠡᠢ᠃ ᠨᠡᠩ ᠴᠢᠩᠭ᠎ᠠ ᠡᠭᠦᠷᠭᠡᠯᠡᠯ᠎ᠢᠶᠡᠷ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠵᠦ ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠣᠨ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠵᠡᠷᠭᠡ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠡᠭᠦᠷᠭᠡᠯᠡᠨ ᠵᠢᠳᠬᠦᠯ ᠭᠠᠷᠭᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠪᠦᠬᠦ ᠲᠠᠯ᠎ᠠ᠎ᠪᠠᠷ ᠴᠢᠩᠭᠠᠳᠬᠠᠬᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠷᠡᠰ ᠪᠠᠲᠤ ᠴᠣᠭᠴᠠᠯᠠᠬᠤ᠎ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号