ᠶᠡᠷᠦᠩᠬᠡᠢ ᠱᠦᠵᠢ ᠰᠢ᠎ᠵᠢᠨ᠎ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠤᠰᠠᠳᠠ ᠂ 《 ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ 》᠎ᠢ ᠦᠨᠳᠦᠰᠦᠯᠡᠨ ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠣᠶᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ( ᠳᠣᠷᠣᠭ᠍ᠰᠢ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠭᠡᠵᠦ ᠲᠣᠪᠴᠢᠯᠠᠨ᠎ᠠ )᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠭᠤᠷᠪᠠᠳᠤᠭᠠᠷ ᠡᠭᠡᠯᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ ᠬᠢᠵᠦ ᠂ ᠰᠠᠪᠠ ᠭᠠᠵᠠᠷ᠎ᠤᠨ ᠱᠠᠯᠠᠪᠳᠠᠭᠤᠯᠤᠨ ᠪᠠᠢᠴᠠᠭᠠᠯᠲᠠ ᠪᠠ ᠮᠤᠵᠢ᠎ᠶᠢᠨ ᠬᠡᠪᠴᠢᠶᠡᠨ᠎ᠦ ᠱᠠᠯᠠᠪᠳᠠᠭᠤᠯᠤᠨ ᠪᠠᠢᠴᠠᠭᠠᠯᠲᠠ᠎ᠶᠢ ᠨᠢᠭᠡᠳᠦᠯᠲᠡᠢ ᠲᠥᠯᠥᠪᠯᠡᠨ ᠥᠷᠨᠢᠭᠦᠯᠪᠡ ᠃ 2025 ᠣᠨ᠎ᠤ 7 ᠰᠠᠷ᠎ᠠ᠎ᠶᠢᠨ 29᠎ᠦ ᠡᠳᠦᠷ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠤᠳᠤᠷᠢᠳᠬᠤ ᠳᠤᠭᠤᠢᠯᠠᠩ᠎ᠤᠨ 7 ᠳ᠋ᠤᠭᠠᠷ ᠤᠳᠠᠭ᠎ᠠ᠎ᠶᠢᠨ ᠬᠤᠷᠠᠯ᠎ᠠᠴᠠ ᠱᠠᠯᠠᠪᠳᠠᠭᠤᠯᠤᠨ ᠪᠠᠢᠴᠠᠭᠠᠭᠰᠠᠨ ᠮᠡᠳᠡᠭᠦᠯᠦᠯᠲᠡ᠎ᠶᠢ ᠬᠢᠨᠠᠨ ᠵᠥᠪᠯᠡᠵᠦ ᠪᠠᠲᠤᠯᠠᠪᠠ᠃ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ 2025 ᠣᠨ᠎ᠤ 9 ᠰᠠᠷ᠎ᠠ᠎ᠶᠢᠨ 11᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠳᠤ ᠬᠠᠷᠢᠭᠤ ᠲᠤᠰᠬᠠᠵᠠᠢ ᠃ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠶᠣᠣ ᠽᠥ᠍ᠩ ᠺᠸ᠋ ᠱᠠᠯᠠᠪᠳᠠᠭᠤᠯᠤᠨ ᠪᠠᠢᠴᠠᠭᠠᠭᠰᠠᠨ ᠮᠡᠳᠡᠭᠦᠯᠦᠯᠲᠡ᠎ᠶᠢ ᠵᠠᠷᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠣᠪᠣᠷ᠎ᠢᠶᠠᠨ ᠢᠯᠡᠳᠬᠡᠬᠦ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠬᠢᠯᠡᠪᠡ᠃ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ ᠵᠠᠢ ᠴᠢᠩ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠠᠮᠢᠶ᠎ᠠ ᠪᠦᠬᠦᠢ ᠬᠥᠮᠥᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠠᠢᠮᠠᠭ ᠬᠤᠳᠠ᠎ᠶᠢᠨ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠪᠠ᠃
ᠱᠠᠯᠠᠪᠳᠠᠭᠤᠯᠤᠨ ᠪᠠᠢᠴᠠᠭᠠᠯᠲᠠ᠎ᠶᠢᠨ ᠦᠵᠡᠬᠦ᠎ᠪᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠣᠨᠣᠪᠴᠢᠲᠠᠢ ᠡᠵᠡᠮᠳᠡᠵᠦ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠣᠨ ᠠᠮᠢ ᠠᠬᠤᠢ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠵᠢᠯ᠎ᠢᠶᠠᠨ ᠠᠬᠢᠭᠤᠯᠬᠤ ᠡᠷᠴᠢᠮ᠎ᠢᠶᠡᠷ ᠴᠢᠩᠭ᠎ᠠ ᠪᠠᠢᠵᠤ᠂ ᠢᠯᠡᠳᠲᠡ ᠰᠢᠨ᠎ᠡ ᠦᠷ᠎ᠡ ᠪᠦᠲᠦᠮᠵᠢ ᠣᠯᠵᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠬᠤ᠎ᠶᠢ ᠪᠠᠷᠢᠮᠲᠠᠯᠠᠪᠠ ᠃ ᠬᠥᠯᠥᠨ ᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠶᠡᠷᠦᠩᠬᠡᠢ᠎ᠳᠡᠭᠡᠨ ᠲᠣᠭᠲᠠᠭᠤᠨ ᠪᠠᠢᠵᠤ ᠂ ᠤᠯᠠᠭᠠᠨᠰᠤᠬᠠᠢ᠎ᠶᠢᠨ ᠤᠰᠤᠨ᠎ᠤ ᠴᠢᠨᠠᠷ ᠬᠠᠷᠢᠴᠠᠩᠭᠤᠢ᠎ᠪᠠᠷ ᠲᠣᠭᠲᠠᠭᠤᠨ ᠪᠠᠢᠵᠤ ᠂ ᠳᠠᠭ᠎ᠠ᠎ᠶᠢᠨ ᠨᠠᠭᠤᠷ᠎ᠤᠨ ᠤᠰᠤᠨ᠎ᠤ ᠭᠠᠳᠠᠷᠭᠤ᠎ᠶᠢᠨ ᠠᠪᠴᠢᠬᠤ ᠪᠠᠢᠳᠠᠯ᠎ᠢ ᠬᠣᠷᠢᠭ᠍ᠯᠠᠨ ᠵᠣᠭᠰᠣᠭᠠᠵᠤ ᠂ ᠴᠠᠭᠠᠨ ᠨᠠᠭᠤᠷ᠎ᠤᠨ ᠠᠮᠢ ᠠᠬᠤᠢ᠎ᠶᠢᠨ ᠰᠢᠰᠲᠧᠮ᠎ᠢ ᠢᠳᠡᠭ ᠢᠳᠡᠭ᠎ᠢᠶᠡᠷ ᠰᠡᠷᠭᠦᠭᠡᠵᠦ ᠂ ᠲᠦᠮᠡᠨ ᠮᠥᠷᠡᠨ᠎ᠦ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠵᠤ ᠂ ᠪᠠᠷᠢᠯᠭ᠎ᠠ᠎ᠶᠢᠨ ᠬᠣᠭ ᠨᠣᠪᠰᠢ᠎ᠶᠢ ᠬᠠᠤᠯᠢ᠎ᠠᠴᠠ ᠵᠥᠷᠢᠴᠡᠨ ᠠᠰᠬᠠᠭᠰᠠᠨ ᠪᠠ ᠣᠶ ᠰᠢᠭᠤᠢ ᠡᠪᠡᠰᠦ ᠪᠡᠯᠴᠢᠭᠡᠷ᠎ᠢ ᠰᠦᠢᠳᠬᠡᠭᠰᠡᠨ ᠠᠰᠠᠭᠤᠳᠠᠯ᠎ᠢ ᠲᠤᠰᠬᠠᠢᠯᠠᠨ ᠴᠡᠭᠴᠡᠯᠡᠨ ᠵᠠᠰᠠᠬᠤ᠎ᠶᠢ ᠥᠷᠨᠢᠭᠦᠯᠪᠡ ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠲᠥᠯᠦᠪᠵᠢᠭᠦᠯᠭᠡ᠎ᠶᠢ ᠨᠡᠢᠲᠡᠯᠡᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠢ ᠱᠠᠯᠠᠪᠳᠠᠭᠤᠯᠤᠨ ᠪᠠᠢᠴᠠᠭᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠪᠡ᠃ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠴᠢᠬᠤᠯᠠ ᠬᠠᠷᠢᠭᠤᠴᠠᠯᠭ᠎ᠠ᠎ᠶᠢ ᠡᠭᠦᠷᠭᠡᠯᠡᠨ᠎ᠡ᠃ 《 ᠭᠤᠷᠪᠠᠨ ᠤᠮᠠᠷᠠᠲᠤ 》᠎ᠶᠢᠨ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠲᠦᠯᠬᠢᠨ ᠠᠬᠢᠭᠤᠯᠤᠨ᠎ᠠ᠃ ᠶᠡᠬᠡ ᠬᠡᠪᠴᠢᠶᠡᠨ᠎ᠦ ᠤᠯᠤᠰ᠎ᠤᠨ ᠨᠤᠲᠤᠭ ᠳᠡᠪᠢᠰᠬᠡᠷ᠎ᠢ ᠨᠣᠭᠣᠭᠠᠷᠠᠭᠤᠯᠬᠤ ᠠᠵᠢᠯᠯᠠᠭ᠎ᠠ᠎ᠶᠢ ᠥᠷᠨᠢᠭᠦᠯᠵᠦ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠨᠡᠢ᠍ᠢᠳᠡ 2488 ᠲᠦᠮᠡᠨ ᠮᠦ᠍ ᠮᠣᠳᠣ᠌ ᠲᠡᠷᠢᠵᠤ᠂ 8536 ᠲᠦᠮᠡᠨ ᠮᠦ᠍ ᠡᠪᠡᠰᠦ ᠲᠠᠷᠢᠪᠠ᠃ ᠳᠠᠭᠠᠭᠠᠴᠠ᠎ᠠᠴᠠ ᠬᠡᠲᠦᠷᠡᠭᠦᠯᠦᠨ ᠮᠠᠯᠵᠢᠬᠤ᠎ᠶᠢ ᠵᠠᠰᠠᠬᠤ ᠠᠵᠢᠯᠯᠠᠭ᠎ᠠ᠎ᠶᠢ ᠥᠷᠨᠢᠭᠦᠯᠵᠦ ᠂ 17 ᠲᠤᠷᠰᠢᠯᠲᠠ᠎ᠶᠢᠨ ᠴᠡᠭ᠎ᠤᠨ ᠬᠣᠰᠢᠭᠤ ᠰᠢᠶᠠᠨ᠎ᠤ ᠮᠠᠯ ᠪᠡᠯᠴᠢᠭᠡᠷ᠎ᠦᠨ ᠲᠡᠩᠴᠡᠭᠦᠷᠢ᠎ᠶᠢᠨ ᠵᠢᠭᠠᠯᠲᠠ ᠲᠣᠭ᠎ᠠ᠎ᠶᠢ 23.9% ᠪᠠᠢᠭᠰᠠᠨ᠎ᠠᠴᠠ 10% ᠠᠴᠠ ᠳᠣᠷᠣᠭ᠍ᠰᠢ ᠪᠣᠯᠲᠠᠯ᠎ᠠ ᠪᠠᠭᠤᠷᠠᠭᠤᠯᠪᠠ ᠃ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠮᠠᠰᠢᠨ ᠴᠣᠭᠴᠠᠯᠠᠪᠤᠷᠢ 1.4 ᠳ᠋ᠦᠩᠰᠢᠭᠤᠷ ᠺᠢᠯᠣᠸᠠᠲ᠎ᠢ ᠳᠠᠪᠠᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠨ᠎ᠡ᠃ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠎ᠶᠢ ᠨᠡᠶ᠋ᠢᠲᠡ 1.1 ᠳ᠋ᠦᠩᠰᠢᠭᠤᠷ ᠺᠢᠯᠣᠸᠠᠲ᠎ᠲᠤ ᠬᠦᠷᠭᠡᠵᠦ ᠂ ᠴᠡᠪᠡᠷ ᠳᠤᠯᠠᠭᠠᠯᠠᠭ᠎ᠠ᠎ᠶᠢᠨ ᠥᠭᠡᠷᠡᠴᠢᠯᠡᠯᠲᠡ᠎ᠶᠢ 64 ᠲᠦᠮᠡᠨ ᠡᠷᠦᠬᠡ᠎ᠳᠦ ᠬᠢᠵᠦ ᠂ 2024 ᠣᠨ᠎ᠳᠤ ᠪᠥᠬᠥ ᠣᠷᠣᠨ᠎ᠤ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 90.7% ᠂ PM2.5 ᠵᠢᠨ ᠳᠤᠮᠳᠠᠴᠢ ᠥᠳᠬᠡᠴᠡ᠎ᠶᠢᠨ ᠬᠡᠮᠵᠢᠶ᠎ᠡ 23.2 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ᠎ᠲᠦ ᠬᠥᠷᠪᠡ ᠃ ᠬᠠᠲᠤᠨ ᠭᠣᠣᠯ᠎ᠤᠨ ᠭᠣᠣᠯ ᠤᠷᠤᠰᠬᠠᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠤᠰᠤᠨ᠎ᠤ ᠴᠢᠨᠠᠷ᠎ᠢ 5 ᠵᠢᠯ ᠳᠠᠷᠠᠭᠠᠯᠠᠨ Ⅱᠲᠥᠷᠥᠯ᠎ᠳᠦ ᠪᠠᠢᠯᠭᠠᠪᠠ᠃ ᠲᠡᠦᠬᠡᠨ᠎ᠡᠴᠡ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠭᠤᠷᠪᠠᠨ ᠵᠢᠯ᠎ᠦᠨ ᠠᠵᠢᠯᠯᠠᠭ᠎ᠠ᠎ᠶᠢ ᠬᠡᠷᠡᠭᠵᠢᠭᠦᠯᠵᠦ᠂ ᠠᠮᠢ ᠠᠬᠤᠢ᠎ᠶᠢ ᠵᠠᠰᠠᠨ ᠰᠡᠷᠭᠦᠭᠡᠬᠦ ᠵᠠᠰᠠᠯᠲᠠ᠎ᠶᠢ ᠨᠡᠢ᠍ᠢᠳᠡ 97.9 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠣᠰ ᠤᠳᠠᠭᠠᠨ᠎ᠤ ᠱᠠᠯᠠᠪᠳᠠᠭᠤᠯᠤᠨ ᠪᠠᠢᠴᠠᠭᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠂ ᠱᠠᠯᠠᠪᠳᠠᠭᠤᠯᠤᠨᠨ ᠪᠠᠢᠴᠠᠭᠠᠬᠤ᠎ᠳᠤ ᠬᠠᠮᠵᠢᠯᠴᠠᠨ ᠰᠠᠢᠲᠤᠷ ᠬᠢᠬᠦ᠎ᠶᠢ ᠴᠢᠬᠤᠯᠠ ᠤᠯᠤᠰ ᠲᠥᠷᠥ᠎ᠶᠢᠨ ᠡᠭᠦᠷᠭᠡ᠎ᠪᠡᠨ ᠪᠣᠯᠭᠠᠵᠤ ᠂ ᠱᠠᠯᠠᠪᠳᠠᠭᠤᠯᠤᠨ ᠪᠠᠢᠴᠠᠭᠠᠬᠤ᠎ᠶᠢᠨ ᠳᠠᠭᠠᠤ ᠬᠠᠯᠠᠨ ᠰᠠᠢᠵᠢᠷᠠᠭᠤᠯᠵᠤ ᠂ ᠳᠠᠷᠤᠢᠬᠠᠨ ᠬᠡᠷᠡᠭᠵᠢᠭᠦᠯᠵᠦ ᠳᠠᠷᠤᠢᠬᠠᠨ ᠬᠠᠯᠠᠨ ᠰᠠᠢᠵᠢᠷᠠᠭᠤᠯᠵᠤ ᠂ ᠣᠯᠠᠨ ᠲᠦᠮᠡᠨ᠎ᠦ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠦᠨᠡᠨ ᠬᠦ᠌ ᠴᠡᠭᠴᠡᠯᠡᠨ ᠰᠠᠢᠵᠢᠷᠠᠭᠤᠯᠬᠤ᠎ᠶᠢ ᠠᠬᠢᠭᠤᠯᠪᠠ ᠃ 2025 ᠣᠨ᠎ᠤ 8 ᠰᠠᠷ᠎ᠠ᠎ᠶᠢᠨ ᠰᠡᠭᠦᠯᠴᠢ ᠪᠣᠯᠲᠠᠯ᠎ᠠ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ 1606 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠪᠤᠶᠤ ᠱᠠᠲᠤᠴᠢ ᠴᠢᠨᠠᠷᠲᠠᠢ᠎ᠪᠠᠷ 1541 ᠬᠤᠪᠢ ᠬᠡᠷᠡᠭ᠎ᠢ ᠰᠢᠢᠳᠪᠦᠷᠢᠯᠡᠵᠦ ᠳᠠᠭᠤᠰᠬᠠᠪᠠ᠃
ᠱᠠᠯᠠᠪᠳᠠᠭᠤᠯᠤᠨ ᠪᠠᠢᠴᠠᠭᠠᠯᠲᠠ ᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠬᠡᠳᠦᠢᠪᠡᠷ ᠰᠢᠨ᠎ᠡ ᠢᠯᠡᠷᠬᠡᠢ ᠦᠷ᠎ᠡ ᠪᠦᠲᠦᠮᠵᠢ ᠣᠯᠣᠭᠰᠠᠨ ᠪᠣᠯᠪᠠᠴᠤ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ ᠲᠠᠢ ᠬᠠᠷᠭᠤᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢᠨ ᠱᠠᠭᠠᠷᠳᠠᠯᠭ᠎ᠠ᠎ᠲᠠᠢ ᠬᠠᠷᠢᠴᠠᠭᠤᠯᠪᠠᠯ᠂ ᠵᠠᠷᠢᠮ ᠲᠠᠯ᠎ᠠ᠎ᠶᠢᠨ ᠠᠵᠢᠯ᠎ᠳᠤ ᠮᠥᠨ ᠬᠦ᠌ ᠳᠤᠲᠠᠭᠤᠳᠠᠯ ᠣᠷᠣᠰᠢᠵᠤ᠂ ᠴᠥᠭᠡᠨ ᠪᠤᠰᠤ ᠲᠣᠪᠣᠢᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢᠳᠪᠦᠷᠢᠯᠡᠬᠦ ᠴᠢᠬᠤᠯᠠᠲᠠᠢ ᠪᠠᠢᠨ᠎ᠠ ᠭᠡᠵᠦ ᠵᠢᠭᠠᠵᠤ ᠭᠠᠷᠭᠠᠪᠠ᠃
ᠨᠢᠭᠡ᠎ᠳᠦ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠬᠦ᠎ᠳᠦ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ᠎ᠦᠨ ᠬᠢᠨ ᠠᠮᠢ ᠠᠬᠤᠢ᠎ᠶᠢ ᠲᠡᠷᠢᠭᠦᠨ᠎ᠳᠦ ᠲᠠᠯᠪᠢᠵᠤ ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠲᠤ ᠴᠣᠭᠴᠠᠯᠠᠭᠰᠠᠨ ᠦᠭᠡᠢ ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠬᠤ ᠲᠠᠯ᠎ᠠ᠎ᠪᠠᠷ ᠭᠦᠨᠵᠡᠭᠡᠢ ᠪᠢᠰᠢ᠂ 《 ᠲᠦᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ ᠣᠪᠣᠷ ᠡᠷᠡᠰ ᠪᠢᠰᠢ᠂ ᠤᠯᠠᠮᠵᠢᠯᠠᠯᠲᠤ ᠬᠥᠭᠵᠢᠯᠲᠡ᠎ᠶᠢᠨ ᠵᠠᠭᠪᠤᠷ᠎ᠲᠤ ᠠᠷᠭ᠎ᠠ ᠵᠠᠮ᠎ᠳᠤ ᠲᠦᠰᠢᠭᠯᠡᠬᠦ᠂ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠂ ᠠᠵᠤ ᠠᠬᠤᠢ᠎ᠶᠢᠨ ᠬᠥᠭᠵᠢᠯᠲᠡ᠎ᠳᠦ ᠮᠥᠨ ᠠᠮᠢ ᠠᠬᠤᠢ᠎ᠶᠢ ᠡᠪᠳᠡᠬᠦ ᠠᠰᠠᠭᠤᠳᠠᠯ ᠣᠷᠣᠰᠢᠵᠤ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠲᠠᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠢᠨ᠎ᠠ᠃ ᠨᠤᠲᠤᠭ ᠪᠡᠯᠴᠢᠭᠡᠷ᠎ᠦᠨ ᠬᠠᠮᠠᠭᠠᠯᠠᠯᠲᠠ ᠵᠡᠷᠭᠡ ᠭᠣᠣᠯᠳᠠᠯᠭ᠎ᠠ᠎ᠲᠠᠢ ᠠᠵᠢᠯ᠎ᠢ ᠨᠠᠢᠳᠠᠪᠤᠷᠢᠵᠢᠭᠤᠯᠤᠭᠰᠠᠨ᠎ᠢᠶᠠᠷ ᠬᠦᠷᠦᠯᠴᠡᠬᠦ ᠦᠭᠡᠢ ᠪᠠᠢᠨ᠎ᠠ ᠃ ᠲᠦᠩᠯᠢᠶᠣᠣ ᠬᠤᠳᠠ ᠵᠡᠷᠭᠡ᠎ᠶᠢᠨ ᠬᠢᠨ ᠨᠤᠲᠤᠭ ᠪᠡᠯᠴᠢᠭᠡᠷ᠂ ᠤᠢ ᠰᠢᠭᠤᠢ᠎ᠶᠢᠨ ᠬᠠᠮᠠᠭᠠᠯᠠᠯᠲᠠ᠎ᠶᠢ ᠴᠢᠬᠤᠯᠠᠴᠢᠯᠠᠭᠰᠠᠨ᠎ᠢᠶᠠᠷ ᠬᠦᠷᠦᠯᠴᠡᠬᠦ ᠦᠭᠡᠢ ᠪᠠᠢᠵᠤ᠂ ᠨᠤᠲᠤᠭ ᠪᠡᠯᠴᠢᠭᠡᠷ᠎ᠦᠨ ᠰᠢᠭᠤᠢᠲᠤ ᠭᠠᠵᠠᠷ ᠡᠵᠡᠯᠡᠭᠳᠡᠬᠦ ᠠᠰᠠᠭᠤᠳᠠᠯ ᠤᠯᠠᠨ ᠭᠠᠷᠴᠤ ᠪᠤᠢ᠃ ᠬᠠᠷ᠎ᠠ ᠬᠥᠷᠥᠰᠥ᠎ᠶᠢ ᠬᠠᠮᠠᠭᠠᠯᠠᠬᠤ ᠬᠠᠷᠢᠭᠤᠴᠠᠯᠭ᠎ᠠ ᠳᠤᠲᠠᠭᠳᠠᠵᠤ᠂ ᠣᠨᠴᠠ ᠵᠠᠷᠢᠮ ᠭᠠᠵᠠᠷ ᠣᠷᠣᠨ᠎ᠳᠤ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢ᠎ᠲᠠᠢ ᠪᠠᠢᠯᠭᠠᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠭᠰᠠᠨ ᠦᠭᠡᠢ᠃ 《 ᠭᠤᠷᠪᠠᠨ ᠨᠠᠭᠤᠷ》 ᠵᠡᠷᠭᠡ ᠭᠣᠣᠯᠳᠠᠯᠭ᠎ᠠ᠎ᠲᠠᠢ ᠨᠠᠭᠤᠷ ᠴᠥᠭᠥᠷᠥᠮ᠎ᠦᠨ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ ᠪᠠᠢᠨ᠎ᠠ᠃ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠬᠤ ᠠᠵᠢᠯ ᠲᠡᠶ᠋ᠢᠮᠦ ᠡᠷᠡᠰ ᠰᠢᠭᠤᠷᠬᠠᠢ ᠪᠢᠰᠢ᠂ ᠵᠠᠷᠢᠮ ᠭᠠᠵᠠᠷ ᠣᠷᠣᠨ᠎ᠤ ᠬᠢᠨ ᠦᠢᠯᠡᠳᠪᠦᠷᠢᠯᠡᠯ᠎ᠦᠨ ᠴᠢᠳᠠᠪᠤᠷᠢ᠎ᠶᠢ ᠰᠣᠯᠢᠬᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠭᠰᠠᠨ ᠦᠭᠡᠢ᠂ ᠲᠣᠭᠲᠠᠭᠠᠯ᠎ᠢ ᠵᠥᠷᠢᠴᠡᠨ ᠬᠡᠦᠷᠰᠢᠭᠦᠯᠦᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠰᠢᠨ᠎ᠡ᠎ᠪᠡᠷ ᠨᠡᠮᠡᠭᠳᠡᠭᠦᠯᠵᠦ᠂ ᠴᠠᠬᠢᠯᠭᠠᠨ ᠵᠠᠳᠠᠯᠤᠯ᠎ᠤᠨ ᠬᠥᠩᠭᠡᠨ ᠴᠠᠭᠠᠨ᠎ᠤ ᠲᠦᠷᠦᠯ ᠵᠦᠢᠯ᠎ᠢ ᠡᠬᠢᠯᠡᠨ ᠪᠦᠲᠦᠭᠡᠨ ᠪᠠᠢᠭᠤᠯᠪᠠ; ᠦᠬᠠᠢ ᠬᠤᠳᠠ᠎ᠳᠤ ᠬᠡᠦᠷᠰᠢᠭᠦᠯᠦᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢᠨ ᠤᠨᠲᠠᠷᠠᠯᠲᠠ ᠪᠠ ᠬᠡᠳᠤ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠎ᠶᠢᠨ ᠡᠭᠦᠷᠭᠡ᠎ᠶᠢ ᠮᠥᠨ ᠬᠦ᠌ ᠴᠠᠭ ᠲᠤᠬᠠᠢ ᠳ᠋ᠤᠨᠢ ᠪᠡᠶᠡᠯᠡᠭᠦᠯᠵᠦ ᠳᠡᠢᠯᠦᠭᠡᠳᠦᠢ ᠪᠠᠢᠭᠰᠠᠭᠠᠷ᠃ ᠲᠡᠦᠬᠡ ᠰᠣᠶᠣᠯ᠎ᠤᠨ ᠥᠪ᠎ᠢ ᠰᠠᠢᠲᠤᠷ ᠬᠠᠮᠠᠭᠠᠯᠠᠭᠰᠠᠨ ᠦᠭᠡᠢ᠂ ᠪᠠᠢᠯᠳᠤᠭᠠᠨᠲᠤ ᠤᠯᠤᠰ᠎ᠤᠨ ᠴᠢᠨ ᠤᠯᠤᠰ᠎ᠤᠨ ᠤᠷᠳᠤ ᠴᠠᠭᠠᠨ ᠬᠡᠷᠡᠮ᠂ ᠴᠢᠨᠤ ᠵᠠᠮ᠎ᠤᠨ ᠪᠠᠭᠤᠷᠢ᠎ᠶᠢᠨ ᠬᠠᠮᠠᠭᠠᠯᠠᠯᠲᠠ᠎ᠶᠢᠨ ᠬᠦᠷᠢᠶ᠎ᠡ ᠬᠡᠪᠴᠢᠶ᠎ᠡ ᠡᠵᠡᠯᠡᠭᠳᠡᠪᠡ᠃ ᠬᠠᠤᠯᠢ᠎ᠶᠢ ᠵᠥᠷᠢᠴᠡᠨ ᠰᠢᠪᠠᠭᠤᠨ᠎ᠤ ᠲᠥᠷᠥᠯ᠎ᠢ ᠠᠩᠨᠠᠵᠤ ᠫᠠᠨᠽᠠᠯᠠᠬᠤ ᠠᠰᠠᠭᠤᠳᠠᠯ ᠪᠠᠢᠨ ᠳᠠᠬᠢᠨ ᠭᠠᠷᠴᠤ ᠪᠠᠢᠨ᠎ᠠ᠃
ᠬᠣᠶᠠᠷ᠎ᠲᠤ᠂ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠠᠢᠭᠤᠯᠤᠯᠲᠠ ᠬᠠᠷᠠᠬᠠᠨ ᠪᠠᠲᠤ ᠪᠡᠬᠢ ᠪᠢᠰᠢ ᠪᠠᠢᠨ᠎ᠠ ᠃ 《 ᠭᠤᠷᠪᠠᠨ ᠤᠮᠠᠷᠠᠲᠤ 》᠎ᠶᠢᠨ ᠢᠨᠵᠧᠨᠧᠷᠢᠩ᠎ᠦᠨ ᠬᠠᠮᠢᠶᠠᠷᠤᠯᠲᠠ ᠬᠠᠮᠠᠭᠠᠯᠠᠯᠲᠠ᠎ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠰᠡᠭ ᠪᠡᠯᠴᠢᠭᠡᠷᠯᠡᠭᠦᠯᠬᠦ᠎ᠶᠢ ᠴᠠᠭᠠᠵᠠᠯᠠᠬᠤ ᠣᠷᠣᠨ᠎ᠳᠤ ᠲᠣᠭᠲᠠᠭᠠᠯ᠎ᠠᠴᠠ ᠵᠥᠷᠢᠴᠡᠨ ᠮᠠᠯ ᠮᠠᠯᠵᠢᠬᠤ᠂ ᠤᠷᠭᠤᠮᠠᠯ᠎ᠤᠨ ᠬᠤᠴᠢᠯᠭ᠎ᠠ᠎ᠶᠢ ᠡᠪᠳᠡᠬᠦ ᠠᠰᠠᠭᠤᠳᠠᠯ ᠤᠷᠳᠤ ᠬᠤᠭᠤᠴᠠᠭ᠎ᠠ᠎ᠪᠠᠷ ᠣᠷᠣᠰᠢᠵᠤ ᠪᠠᠢᠨ᠎ᠠ᠃ ᠳᠠᠭᠠᠭᠠᠴᠠ᠎ᠠᠴᠠ ᠬᠡᠲᠦᠷᠡᠭᠦᠯᠦᠨ ᠮᠠᠯᠵᠢᠬᠤ᠎ᠶᠢ ᠬᠢᠨᠠᠨ ᠬᠠᠮᠢᠶᠠᠷᠬᠤ ᠲᠠᠯ᠎ᠠ᠎ᠪᠠᠷ ᠠᠭᠤᠵᠢᠭᠤ ᠪᠥᠭᠡᠳ ᠵᠥᠭᠡᠯᠡᠨ ᠪᠠᠢᠵᠤ ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠴᠠᠭᠠᠵᠠᠯᠠᠬᠤ ᠪᠠ ᠪᠡᠯᠴᠢᠭᠡᠷ ᠰᠡᠷᠭᠦᠭᠡᠬᠦ ᠨᠤᠲᠤᠭ ᠪᠡᠯᠴᠢᠭᠡᠷ᠎ᠦᠨ ᠲᠥᠷᠥ᠎ᠶᠢᠨ ᠪᠣᠳᠣᠯᠭ᠎ᠠ᠎ᠶᠢ ᠴᠢᠩᠭ᠎ᠠ ᠬᠡᠷᠡᠭᠵᠢᠭᠦᠯᠦᠭᠰᠡᠨ ᠦᠭᠡᠢ ᠂ ᠵᠠᠷᠢᠮ ᠠᠮᠢ ᠠᠬᠤᠢ᠎ᠶᠢᠨ ᠰᠡᠷᠭᠡᠭ ᠣᠷᠣᠨ᠎ᠳᠤ ᠬᠤᠯᠠᠭᠠᠢᠯᠠᠨ ᠮᠠᠯᠵᠢᠬᠤ ᠂ ᠰᠥᠨᠢ᠎ᠪᠡᠷ ᠮᠠᠯᠵᠢᠬᠤ ᠦᠵᠡᠭᠳᠡᠯ ᠪᠠᠢᠨ ᠳᠠᠬᠢᠨ ᠭᠠᠷᠴᠤ ᠪᠠᠢᠨ᠎ᠠ ᠃ ᠬᠥᠷᠥᠰᠥ ᠰᠢᠷᠣᠢ᠎ᠶᠢᠨ ᠢᠳᠡᠭᠳᠡᠯ᠎ᠢ ᠰᠡᠷᠭᠡᠢᠯᠡᠨ ᠵᠠᠰᠠᠬᠤ ᠲᠠᠯ᠎ᠠ᠎ᠪᠠᠷ ᠳᠤᠲᠠᠮᠠᠭ ᠪᠠᠢᠵᠤ᠂ 《 ᠠᠷᠪᠠᠨ ᠬᠥᠨᠳᠡᠢ 》᠎ᠶᠢ ᠵᠠᠰᠠᠵᠤ ᠳᠠᠭᠤᠰᠬᠠᠭᠠᠳᠤᠢ᠂ ᠰᠠᠪᠠ ᠭᠠᠵᠠᠷ᠎ᠤᠨ ᠳᠣᠲᠣᠷᠠᠬᠢ ᠠᠮᠢ ᠠᠬᠤᠢ᠎ᠶᠢᠨ ᠡᠪᠳᠡᠭᠳᠡᠯ᠎ᠦᠨ ᠠᠰᠠᠭᠤᠳᠠᠯ ᠪᠠᠢᠨ ᠪᠠᠢᠨ ᠭᠠᠷᠴᠤ ᠪᠠᠢᠨ᠎ᠠ᠃ ᠣᠨᠴᠠ ᠵᠠᠷᠢᠮ ᠭᠠᠵᠠᠷ ᠣᠷᠣᠨ᠎ᠳᠤ ᠬᠤᠳᠠᠯ ᠬᠠᠭᠤᠷᠮᠠᠭ᠎ᠢᠶᠠᠷ ᠰᠢᠯᠭᠠᠨ ᠠᠪᠤᠭᠰᠠᠨ ᠮᠡᠳᠡᠭᠦᠯᠦᠯᠲᠡ ᠭᠠᠷᠭᠠᠬᠤ᠂ ᠨᠡᠶ᠋ᠢᠲᠡ᠎ᠶᠢᠨ ᠠᠰᠠᠷᠠᠮᠵᠢ᠎ᠶᠢᠨ ᠤᠢ᠎ᠶᠢ ᠲᠣᠭᠲᠠᠭᠠᠯ᠎ᠠᠴᠠ ᠵᠥᠷᠢᠴᠡᠨ ᠣᠭᠲᠣᠯᠣᠭᠰᠠᠨ ᠠᠰᠠᠭᠤᠳᠠᠯ ᠣᠷᠣᠰᠢᠵᠤ᠂ ᠬᠥᠷᠥᠰᠥ ᠰᠢᠷᠣᠢ᠎ᠶᠢᠨ ᠢᠳᠡᠭᠳᠡᠯ᠎ᠦᠨ ᠠᠶᠤᠯ ᠲᠦᠭᠰᠢᠭᠦᠷᠢ ᠣᠷᠣᠰᠢᠵᠤ ᠪᠠᠢᠨ᠎ᠠ᠃ ᠠᠭᠤᠷᠬᠠᠢ᠎ᠶᠢᠨ ᠨᠡᠭᠡᠭᠡᠨ ᠠᠰᠢᠭ᠍ᠯᠠᠯᠲᠠ ᠨᠢ ᠠᠮᠢ ᠠᠬᠤᠢ᠎ᠶᠢ ᠡᠪᠳᠡᠭᠰᠡᠨ ᠠᠰᠠᠭᠤᠳᠠᠯ ᠲᠣᠪᠣᠢᠮ᠎ᠠ ᠪᠠᠢᠵᠤ ᠂ ᠵᠠᠷᠢᠮ ᠠᠭᠤᠷᠬᠠᠢ᠎ᠳᠤ ᠲᠣᠭᠲᠠᠭᠠᠯ᠎ᠠᠴᠠ ᠵᠥᠷᠢᠴᠡᠨ ᠠᠵᠢᠯᠯᠠᠭᠠᠳ ᠠᠮᠢ ᠠᠬᠤᠢ᠎ᠶᠢ ᠡᠪᠳᠡᠵᠦ ᠂ ᠵᠠᠷᠢᠮ ᠠᠭᠤᠷᠬᠠᠢ᠎ᠶᠢ ᠰᠡᠯᠪᠢᠨ ᠵᠠᠰᠠᠭᠰᠠᠨ ᠨᠢ ᠬᠦᠷᠦᠯᠴᠡᠬᠦ ᠦᠭᠡᠢ ᠂ ᠲᠣᠭᠣᠰᠣ᠌ ᠰᠢᠷᠣᠢ᠎ᠶᠢᠨ ᠪᠣᠬᠢᠷᠲᠤᠯ᠎ᠤᠨ ᠠᠰᠠᠭᠤᠳᠠᠯ ᠲᠣᠪᠣᠢᠮ᠎ᠠ ᠪᠠᠢᠨ᠎ᠠ ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠡᠷᠴᠢᠮ ᠴᠢᠩᠭ᠎ᠠ ᠪᠢᠰᠢ᠂ ᠬᠡᠰᠡᠭ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠠᠮᠢ ᠠᠬᠤᠢ ᠣᠷᠴᠢᠨ ᠲᠣᠭᠣᠷᠢᠨ᠎ᠢ ᠡᠵᠡᠯᠡᠬᠦ ᠪᠠ ᠡᠪᠳᠡᠬᠦ ᠠᠰᠠᠭᠤᠳᠠᠯ ᠣᠷᠣᠰᠢᠵᠤ ᠪᠠᠢᠨ᠎ᠠ᠃
ᠭᠤᠷᠪᠠ᠎ᠳᠤ᠂ ᠬᠠᠲᠤᠨ ᠭᠣᠣᠯ᠎ᠤᠨ ᠰᠠᠪᠠ ᠭᠠᠵᠠᠷ᠎ᠤᠨ 《 几 ᠦᠰᠦᠭᠲᠦ ᠮᠤᠷᠤᠢᠯᠲᠠ 》 ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠰᠠᠭᠤᠳᠠᠯ ᠣᠯᠠᠨ ᠭᠠᠷᠴᠤ ᠪᠠᠢᠨ᠎ᠠ ᠃ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠢ ᠨᠠᠢᠳᠠᠪᠤᠷᠢᠵᠢᠭᠤᠯᠤᠭᠰᠠᠨ᠎ᠢᠶᠠᠷ ᠬᠦᠷᠦᠯᠴᠡᠬᠦ ᠦᠭᠡᠢ ᠂ ᠣᠯᠠᠨ ᠲᠤᠰᠬᠠᠢ ᠲᠥᠯᠦᠪᠵᠢᠭᠦᠯᠭᠡ᠎ᠳᠦ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠎ᠶᠢ ᠪᠡᠶᠡᠯᠡᠭᠦᠯᠦᠭᠰᠡᠨ ᠦᠭᠡᠢ ᠂ ᠵᠠᠷᠢᠮ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠎ᠶᠢ ᠪᠡᠶᠡᠯᠡᠭᠦᠯᠦᠭᠰᠡᠨ ᠦᠭᠡᠢ᠎ᠪᠡᠷ ᠲᠣᠭᠲᠠᠭᠠᠯ᠎ᠠᠴᠠ ᠵᠥᠷᠢᠴᠡᠨ ᠡᠬᠢᠯᠡᠭᠦᠯᠦᠭᠰᠡᠨ ᠪᠠᠢᠨ᠎ᠠ ᠃ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠤᠰᠤ ᠬᠡᠷᠡᠭᠯᠡᠭᠰᠡᠨ ᠠᠰᠠᠭᠤᠳᠠᠯ᠎ᠢ ᠴᠠᠭᠠᠵᠠᠯᠠᠬᠤ᠎ᠠᠴᠠ ᠪᠢᠰᠢ ᠵᠣᠭᠰᠤᠭᠠᠬᠤ ᠦᠭᠡᠢ ᠪᠠᠢᠵᠤ ᠂ ᠵᠠᠷᠢᠮ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠠᠴᠠ ᠬᠡᠲᠦᠷᠡᠭᠰᠡᠨ᠎ᠢ ᠵᠠᠰᠠᠬᠤ ᠠᠵᠢᠯ᠎ᠢ ᠪᠣᠳᠠᠲᠠᠢᠵᠢᠭᠤᠯᠤᠭᠰᠠᠨ ᠦᠭᠡᠢ ᠂ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ᠋᠎ᠤᠨ ᠬᠠᠮᠠᠭᠠᠯᠠᠯᠲᠠ᠎ᠳᠤ ᠨᠡᠯᠢᠶᠡᠳ ᠶᠡᠬᠡ ᠵᠥᠷᠢᠶ᠎ᠡ᠎ᠲᠠᠢ ᠪᠠᠢᠵᠤ ᠂ ᠪᠥᠬᠥ ᠣᠷᠣᠨ᠎ᠤ ᠭᠠᠵᠠᠷ ᠳᠣᠣᠷᠠᠬᠢ ᠤᠰᠤ᠎ᠶᠢ ᠨᠡᠭᠡᠭᠡᠨ ᠮᠠᠯᠲᠠᠬᠤ ᠬᠡᠮᠵᠢᠶ᠎ᠡ ᠨᠢ ᠲᠥᠯᠦᠪᠵᠢᠭᠦᠯᠭᠡ᠎ᠶᠢᠨ ᠡᠵᠡᠮᠳᠡᠬᠦ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠠᠰᠢᠭ᠍ᠯᠠᠭᠰᠠᠨ᠎ᠢᠶᠠᠷ ᠬᠦᠷᠦᠯᠴᠡᠬᠦ ᠦᠭᠡᠢ ᠂ ᠣᠷᠳᠣᠰ ᠵᠡᠷᠭᠡ ᠬᠣᠲᠠ᠎ᠶᠢᠨ ᠶᠡᠬᠡ ᠬᠡᠮᠵᠢᠶᠡᠨ᠎ᠦ ᠰᠡᠢᠷᠡᠭᠦᠯᠦᠨ ᠬᠠᠳᠠᠭᠠᠬᠤ ᠤᠰᠤ ᠪᠠ ᠳᠠᠬᠢᠯᠲᠠ ᠤᠰᠤ᠎ᠶᠢ ᠱᠠᠭᠠᠷᠳᠠᠯᠭ᠎ᠠ ᠶᠣᠰᠣᠭᠠᠷ ᠠᠰᠢᠭ᠍ᠯᠠᠭᠰᠠᠨ ᠦᠭᠡᠢ ᠃ ᠭᠣᠣᠯ᠎ᠤᠨ ᠵᠠᠮ᠎ᠤᠨ ᠡᠷᠭᠢ᠎ᠶᠢᠨ ᠱᠤᠭᠤᠮ᠎ᠢ ᠡᠪᠳᠡᠬᠦ ᠠᠰᠠᠭᠤᠳᠠᠯ ᠣᠯᠠᠨᠲᠠ ᠭᠠᠷᠴᠤ᠂ ᠵᠠᠷᠢᠮ ᠠᠵᠤ ᠠᠬᠤᠢᠯᠠᠯ᠎ᠤᠳ ᠭᠣᠣᠯ᠎ᠤᠨ ᠵᠠᠮ᠎ᠤᠨ ᠬᠠᠮᠢᠶᠠᠷᠤᠯᠲᠠ᠎ᠶᠢᠨ ᠬᠡᠪᠴᠢᠶᠡᠨ᠎ᠳᠦ ᠬᠠᠤᠯᠢ᠎ᠶᠢ ᠵᠥᠷᠢᠴᠡᠨ ᠠᠭᠤᠷᠬᠠᠢ ᠮᠠᠯᠲᠠᠵᠤ᠂ ᠭᠣᠣᠯ᠎ᠤᠨ ᠵᠠᠮ᠎ᠢ ᠡᠪᠳᠡᠵᠦ ᠪᠠᠢᠨ᠎ᠠ᠃ ᠤᠰᠤᠨ᠎ᠤ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ ᠢᠯᠡᠳᠲᠡ ᠪᠠᠢᠵᠤ᠂ ᠵᠠᠷᠢᠮ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠎ᠶᠢᠨ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠦᠨ ᠠᠬᠢᠴᠠ ᠤᠳᠠᠭᠠᠨ ᠪᠠᠢᠵᠤ ᠂ ᠠᠮᠢᠳᠤᠷᠠᠯ᠎ᠤᠨ ᠪᠣᠬᠢᠷ ᠤᠰᠤ ᠣᠷᠳᠣ᠌ ᠬᠤᠭᠤᠴᠠᠭ᠎ᠠ᠎ᠪᠠᠷ ᠪᠢᠯᠬᠠᠨ ᠤᠷᠤᠰᠴᠤ ᠪᠠᠢᠨ᠎ᠠ ; ᠵᠠᠷᠢᠮ ᠭᠠᠵᠠᠷ᠎ᠤᠨ ᠬᠢᠨ᠎ᠤ ᠬᠣᠭᠣᠯᠠᠢ ᠲᠣᠣᠷ ᠨᠢ ᠪᠣᠷᠣᠭᠠᠨ ᠪᠠ ᠪᠣᠬᠢᠷᠲᠤᠯ᠎ᠢ ᠬᠣᠯᠢᠨ ᠵᠠᠯᠭᠠᠵᠤ ᠂ ᠪᠦᠲᠦᠮᠵᠢᠲᠡᠶ ᠵᠠᠰᠠᠵᠤ ᠴᠢᠳᠠᠭ᠎ᠠ ᠦᠭᠡᠢ ᠪᠠᠢᠨ᠎ᠠ᠃ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠬᠣᠴᠣᠷᠤᠩᠭᠤᠢ᠂ ᠵᠠᠷᠢᠮ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠤ ᠬᠠᠶᠠᠭᠳᠠᠮᠠᠯ ᠤᠰᠤ᠎ᠶᠢ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠬᠤ ᠠᠰᠠᠭᠤᠳᠠᠯ ᠣᠷᠣᠰᠢᠵᠤ ᠪᠠᠢᠨ᠎ᠠ᠃
ᠳᠥᠷᠪᠡ᠎ᠳᠦ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠵᠠᠷᠢᠮ ᠬᠦᠷᠢᠶᠡᠨ᠎ᠳᠡᠬᠢ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠲᠣᠪᠣᠢᠮ᠎ᠠ ᠪᠠᠢᠨ᠎ᠠ᠃ ᠠᠵᠤ ᠦᠢᠯᠡᠳᠪᠦᠷᠢ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠳᠤᠷ᠎ᠠ᠎ᠪᠠᠷ᠎ᠢᠶᠠᠨ ᠣᠪᠣᠭᠠᠯᠠᠨ ᠴᠢᠳᠬᠤᠵᠤ᠂ ᠵᠠᠷᠢᠮ ᠠᠵᠤ ᠠᠬᠤᠢᠯᠠᠯ᠎ᠤᠳ ᠬᠦᠬᠦᠷ ᠦᠭᠡᠢᠳᠡᠭᠦᠯᠦᠭᠰᠡᠨ ᠵᠤᠭᠠᠩ᠂ ᠨᠤᠨᠳᠠᠭ ᠨᠡᠭᠦᠷᠡᠰᠦᠨ᠎ᠦ ᠦᠨᠡᠰᠦ ᠵᠡᠷᠭᠡ ᠠᠵᠤ ᠦᠢᠯᠡᠳᠪᠦᠷᠢ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠳᠤᠷ᠎ᠠ᠎ᠪᠠᠷ᠎ᠢᠶᠠᠨ ᠴᠢᠳᠬᠤᠬᠤ ᠪᠤᠶᠤ ᠪᠤᠯᠠᠵᠤ᠂ ᠣᠨᠴᠠ ᠵᠠᠷᠢᠮ ᠠᠵᠤ ᠠᠬᠤᠢᠯᠠᠯ᠎ᠳᠤ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ᠎ᠠᠴᠠ ᠵᠥᠷᠢᠴᠡᠨ ᠣᠪᠣᠭᠠᠯᠠᠨ ᠬᠠᠳᠠᠭᠠᠯᠠᠭᠰᠠᠨ᠂ ᠠᠮᠢᠳᠤᠷᠠᠯ᠎ᠤᠨ ᠪᠤᠵᠠᠷ ᠰᠢᠪᠠᠷ᠎ᠢ ᠲᠣᠭᠲᠠᠭᠠᠯ᠎ᠠᠴᠠ ᠵᠥᠷᠢᠴᠡᠨ ᠣᠪᠣᠭᠠᠯᠠᠨ ᠬᠠᠳᠠᠭᠠᠯᠠᠭᠰᠠᠨ ᠵᠡᠷᠭᠡ ᠠᠰᠠᠭᠤᠳᠠᠯ ᠣᠷᠣᠰᠢᠵᠤ ᠪᠠᠢᠨ᠎ᠠ᠃ ᠪᠠᠷᠢᠯᠭ᠎ᠠ᠎ᠶᠢᠨ ᠬᠣᠭ ᠨᠣᠪᠰᠢ᠎ᠶᠢ ᠵᠠᠰᠠᠬᠤ ᠲᠠᠯ᠎ᠠ᠎ᠪᠠᠷ ᠢᠯᠡᠳᠲᠡ ᠳᠤᠲᠠᠭᠳᠠᠵᠤ ᠂ ᠵᠠᠷᠢᠮ ᠭᠠᠵᠠᠷ᠎ᠤᠨ ᠬᠢᠨ ᠱᠠᠭᠠᠷᠳᠠᠯᠭ᠎ᠠ ᠶᠣᠰᠣᠭᠠᠷ ᠪᠠᠷᠢᠯᠭ᠎ᠠ᠎ᠶᠢᠨ ᠬᠣᠭ ᠨᠣᠪᠰᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ ᠲᠥᠯᠦᠪᠵᠢᠭᠦᠯᠭᠡ᠎ᠶᠢ ᠲᠣᠭᠲᠠᠭᠠᠭᠰᠠᠨ ᠦᠭᠡᠢ ᠂ ᠪᠠᠷᠢᠯᠭ᠎ᠠ᠎ᠶᠢᠨ ᠬᠣᠭ ᠨᠣᠪᠰᠢ᠎ᠶᠢ ᠳᠤᠷ᠎ᠠ᠎ᠪᠠᠷ᠎ᠢᠶᠠᠨ ᠴᠢᠳᠬᠤᠬᠤ ᠦᠵᠡᠭᠳᠡᠯ ᠨᠡᠢᠳᠡᠮ ᠣᠷᠣᠰᠢᠵᠤ ᠂ ᠠᠰᠠᠭᠤᠳᠠᠯ ᠲᠣᠪᠣᠢᠮ᠎ᠠ ᠪᠠᠢᠨ᠎ᠠ ᠃ ᠭᠣᠣᠯᠳᠠᠯᠭ᠎ᠠ᠎ᠲᠠᠢ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠵᠠᠰᠠᠬᠤ ᠲᠠᠯ᠎ᠠ᠎ᠪᠠᠷ ᠮᠥᠨ ᠯᠡ ᠵᠥᠷᠢᠶ᠎ᠡ᠎ᠲᠠᠢ ᠪᠠᠢᠵᠤ᠂ ᠵᠠᠷᠢᠮ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠷᠴᠢᠨ ᠲᠣᠭᠣᠷᠢᠨ᠎ᠤ ᠵᠠᠰᠠᠯᠲᠠ᠎ᠳᠤ ᠳᠤᠲᠠᠭᠤᠳᠠᠯ ᠣᠷᠣᠰᠢᠵᠤ᠂ ᠤᠯᠠᠨ ᠭᠠᠵᠠᠷ᠎ᠲᠤ ᠠᠮᠢᠳᠤᠷᠠᠯ᠎ᠤᠨ ᠬᠣᠭ ᠨᠣᠪᠰᠢ᠎ᠶᠢ ᠳᠤᠷ᠎ᠠ᠎ᠪᠠᠷ᠎ᠢᠶᠠᠨ ᠬᠠᠶᠠᠵᠤ ᠪᠠᠢᠬᠤ ᠵᠡᠷᠭᠡ ᠠᠰᠠᠭᠤᠳᠠᠯ ᠣᠷᠣᠰᠢᠵᠤ ᠪᠠᠢᠨ᠎ᠠ᠃
ᠱᠠᠯᠠᠪᠳᠠᠭᠤᠯᠤᠨ ᠪᠠᠢᠴᠠᠭᠠᠯᠲᠠ ᠨᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠨᠠᠮ᠎ᠦᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠦ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠭᠡᠬᠦ ᠡᠨᠡ ᠬᠦ᠌ ᠲᠦᠮᠡᠨ ᠭᠠᠵᠠᠷ᠎ᠤᠨ ᠨᠣᠭᠣᠭᠠᠨ ᠤᠷᠳᠤ ᠴᠠᠭᠠᠨ ᠬᠡᠷᠡᠮ᠎ᠢ ᠨᠡᠡᠭ ᠪᠠᠲᠤ ᠪᠡᠬᠢ ᠪᠣᠯᠭᠠᠨ ᠴᠣᠭᠴᠠᠯᠠᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠥᠪᠥᠷ ᠮᠣᠩᠭᠣᠯ᠎ᠤᠨ ᠬᠠᠭᠤᠳᠠᠰᠤ᠎ᠶᠢ ᠴᠢᠷᠮᠠᠢᠨ ᠪᠢᠴᠢᠭᠯᠡᠬᠦ ᠬᠡᠷᠡᠭᠲᠡᠢ᠃ 《 ᠲᠦᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ ᠬᠡᠷᠡᠭᠲᠡᠢ; 《 ᠤᠮᠠᠷᠠᠲᠤ᠎ᠶᠢᠨ ᠭᠤᠷᠪᠠᠨ ᠣᠷᠣᠨ 》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠴᠢᠨᠠᠷ ᠰᠠᠢᠲᠠᠢ ᠲᠦᠯᠬᠢᠨ ᠠᠬᠢᠭᠤᠯᠬᠤ ᠬᠡᠷᠡᠭᠲᠡᠢ; 《 ᠭᠤᠷᠪᠠᠨ ᠨᠠᠭᠤᠷ 》᠎ᠤᠨ ᠬᠠᠮᠠᠭᠠᠯᠠᠯᠲᠠ ᠵᠠᠰᠠᠯᠲᠠ᠎ᠶᠢ ᠥᠷᠭᠡᠳᠬᠡᠨ ᠭᠦᠨᠵᠡᠭᠡᠢᠷᠡᠭᠦᠯᠬᠦ ᠬᠡᠷᠡᠭᠲᠡᠢ; ᠠᠮᠢ ᠠᠬᠤᠢ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠲᠦᠷᠭᠡᠪᠴᠢᠯᠡᠨ ᠨᠥᠬᠥᠪᠦᠷᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠴᠢᠩᠭᠠᠳᠬᠠᠬᠤ ᠬᠡᠷᠡᠭᠲᠡᠢ᠃ ᠠᠷᠠᠳ ᠤᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠦᠨᠡᠨ ᠬᠦ᠌ ᠰᠠᠢᠲᠤᠷ ᠰᠢᠢᠳᠪᠦᠷᠢᠯᠡᠬᠦ ᠬᠡᠷᠡᠭᠲᠡᠢ᠃ ᠲᠤᠰᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭᠰᠠᠨ ᠠᠰᠠᠭᠤᠳᠠᠯ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠳᠠᠭᠠᠭᠠᠯᠭᠠᠨ ᠤᠯᠠᠮ ᠨᠢᠭᠡ ᠠᠯᠬᠤᠮ ᠭᠦᠨᠵᠡᠭᠡᠢ ᠪᠠᠢᠴᠠᠭᠠᠯᠲᠠ ᠬᠢᠯᠭᠡᠵᠦ᠂ ᠬᠠᠷᠢᠭᠤᠴᠠᠯᠭ᠎ᠠ᠎ᠶᠢ ᠨᠢ ᠲᠣᠳᠣᠷᠬᠠᠢᠯᠠᠵᠤ᠂ ᠲᠥᠪ ᠴᠢᠩᠭ᠎ᠠ᠂ ᠨᠠᠷᠢᠯᠢᠭ᠋ ᠣᠨᠣᠴᠠᠲᠠᠢ᠂ ᠪᠦᠲᠦᠮᠵᠢᠲᠡᠶ᠎ᠪᠡᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃
ᠱᠠᠯᠠᠪᠳᠠᠭᠤᠯᠤᠨ ᠪᠠᠢᠴᠠᠭᠠᠯᠲᠠ ᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠱᠠᠯᠠᠪᠳᠠᠭᠤᠯᠤᠨ ᠪᠠᠢᠴᠠᠭᠠᠭᠰᠠᠨ ᠮᠡᠳᠡᠭᠦᠯᠦᠯᠲᠡ᠎ᠶᠢ ᠦᠨᠳᠦᠰᠦᠯᠡᠨ᠂ 《 ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠤᠨ ᠠᠷᠭ᠎ᠠ 》 ᠵᠢᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠢᠵᠢᠷᠠᠭᠤᠯᠬᠤ ᠲᠥᠰᠥᠯ᠎ᠢ ᠱᠠᠯᠠᠪᠳᠠᠨ ᠰᠤᠳᠤᠯᠤᠨ ᠲᠣᠭᠲᠠᠭᠠᠵᠤ᠂ 45 ᠠᠵᠢᠯᠯᠠᠬᠤ ᠡᠳᠦᠷ᠎ᠦᠨ ᠳᠣᠲᠣᠷ᠎ᠠ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ᠃ ᠴᠡᠭᠴᠡᠯᠡᠨ ᠥᠭᠡᠷᠡᠴᠢᠯᠡᠬᠦ ᠲᠥᠰᠥᠯ ᠪᠠ ᠴᠡᠭᠴᠡᠯᠡᠨ ᠰᠠᠢᠵᠢᠷᠠᠭᠤᠯᠤᠭᠰᠠᠨ ᠪᠠᠢᠳᠠᠯ᠎ᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠢᠭᠡᠮ᠎ᠳᠦ ᠢᠯᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠪᠠᠰᠠ ᠢᠯᠡᠷᠡᠭᠦᠯᠦᠭᠰᠡᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠠᠷᠢᠭᠤᠴᠠᠯᠭ᠎ᠠ᠎ᠶᠢ ᠨᠡᠬᠡᠮᠵᠢᠯᠡᠬᠦ ᠠᠰᠠᠭᠤᠳᠠᠯ᠎ᠢ ᠡᠮᠬᠢᠯᠡᠵᠦ᠂ ᠨᠢᠭᠡᠨᠲᠡ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠡᠢ᠃