ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠣᠢᠷ᠎ᠠ᠎ᠳᠤ ᠤᠯᠠᠭᠠᠨᠴᠠᠪ ᠬᠣᠲᠠ᠎ᠳᠤ ᠬᠦᠷᠴᠦ᠂ ᠠᠮᠢ ᠠᠬᠤᠢ᠎ᠶᠢᠨ ᠵᠠᠰᠠᠯᠲᠠ᠂ ᠠᠵᠤ ᠦᠢᠯᠡᠰ᠎ᠦᠨ ᠬᠥᠭᠵᠢᠯᠲᠡ ᠵᠡᠷᠭᠡ ᠪᠠᠢᠳᠠᠯ᠎ᠤᠨ ᠲᠤᠬᠠᠢ ᠪᠠᠢᠴᠠᠭᠠᠨ ᠰᠤᠳᠤᠯᠤᠯᠲᠠ ᠬᠢᠪᠡ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠬᠢ ᠪᠠᠶᠠᠯᠢᠭ᠋᠎ᠤᠨ ᠲᠥᠷᠥᠯᠬᠢ ᠣᠨᠴᠠᠯᠢᠭ᠋᠎ᠲᠤ ᠰᠠᠭᠤᠷᠢᠯᠠᠵᠤ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠢ ᠪᠤᠵᠠᠭᠠᠢᠷᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ ᠳᠠᠭ᠎ᠠ᠎ᠶᠢᠨ ᠨᠠᠭᠤᠷ᠎ᠤᠨ ᠤᠰᠤᠨ᠎ᠤ ᠠᠮᠢ ᠠᠬᠤᠢ᠎ᠶᠢ ᠶᠡᠷᠦᠩᠬᠡᠢᠯᠡᠨ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠯᠢᠶᠡᠩᠴᠧᠩ ᠰᠢᠶᠠᠨ᠎ᠳᠤ ᠬᠦᠷᠴᠦ ᠳᠠᠭ᠎ᠠ᠎ᠶᠢᠨ ᠨᠠᠭᠤᠷ᠎ᠤᠨ ᠤᠰᠤᠨ᠎ᠤ ᠠᠮᠢ ᠠᠬᠤᠢ᠎ᠶᠢ ᠶᠡᠷᠦᠩᠬᠡᠢᠯᠡᠨ ᠵᠠᠰᠠᠭᠰᠠᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠭᠰᠡᠨ ᠪᠥᠭᠡᠳ ᠤᠯᠠᠨ᠎ᠲᠠᠢ ᠬᠠᠮᠲᠤ᠎ᠪᠠᠷ ᠵᠠᠰᠠᠯᠲᠠ᠎ᠶᠢᠨ ᠠᠷᠭ᠎ᠠ ᠬᠡᠮᠵᠢᠶ᠎ᠡ᠎ᠶᠢ ᠰᠤᠳᠤᠯᠤᠨ ᠶᠠᠷᠢᠯᠴᠠᠪᠠ᠃ ᠲᠡᠷᠡ᠂ ᠳᠠᠭ᠎ᠠ᠎ᠶᠢᠨ ᠨᠠᠭᠤᠷ᠎ᠤᠨ ᠤᠰᠤᠨ᠎ᠤ ᠡᠬᠢ ᠪᠠᠶᠠᠯᠢᠭ᠋᠎ᠤᠨ ᠬᠠᠮᠠᠭᠠᠯᠠᠯᠲᠠ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠂ ᠤᠰᠤᠨ᠎ᠤ ᠠᠮᠢ ᠠᠬᠤᠢ᠎ᠶᠢᠨ ᠰᠡᠷᠭᠦᠭᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠤᠰᠤᠨ ᠣᠷᠣᠨ᠎ᠤ ᠲᠠᠯᠠᠪᠠᠢ᠎ᠶᠢ ᠵᠣᠬᠢᠰᠲᠠᠢ ᠣᠷᠣᠨ ᠵᠠᠢ᠎ᠳᠤ ᠲᠣᠭᠲᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠦᠷᠭᠦᠯᠵᠢᠯᠡᠨ ᠰᠠᠢᠵᠢᠷᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠲᠣᠭᠲᠠᠭᠤᠨ᠎ᠢᠶᠠᠷ ᠳᠡᠭᠡᠭᠰᠢᠯᠡᠭᠦᠯᠬᠦ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠰᠠᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠭᠤᠷᠪᠠᠨ ᠬᠠᠪᠴᠢᠯ᠎ᠤᠨ ᠤᠳᠤ ᠦᠶ᠎ᠡ᠎ᠶᠢᠨ ᠡᠨᠧᠷᠭᠢ᠎ᠶᠢᠨ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠬᠦᠷᠢᠶᠡᠯᠡᠩ᠂ ᠡᠷᠡᠨ ᠵᠠᠭᠤᠨ᠎ᠤ ᠬᠠᠷᠢᠯᠴᠠᠨ ᠬᠣᠯᠪᠣᠭᠠᠯᠠᠭᠰᠠᠨ ᠤᠯᠠᠭᠠᠨᠴᠠᠪ᠎ᠤᠨ ᠪᠣᠳᠣᠯᠭ᠎ᠠ᠎ᠶᠢᠨ ᠬᠦᠴᠦᠨ᠎ᠦ ᠰᠠᠭᠤᠷᠢᠨ᠂ ᠨᠠᠨ ᠳᠠ ᠭᠡᠷᠡᠯ ᠴᠠᠬᠢᠯᠭᠠᠨ ( ᠤᠯᠠᠭᠠᠨᠴᠠᠪ )᠎ᠤ ᠬᠢᠵᠠᠭᠠᠷᠲᠤ ᠺᠣᠮᠫᠠᠨᠢ᠎ᠳᠤ᠂ ᠸᠠᠩ ᠸᠧᠢ ᠵᠦᠩ ᠲᠤᠰ ᠲᠤᠰ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠵᠤ ᠡᠵᠡᠩᠨᠡᠬᠦ ᠪᠣᠯᠣᠨ 《 ᠡᠬᠢ ᠰᠤᠷᠪᠤᠯᠵᠢ᠎ᠶᠢ ᠲᠣᠣᠷᠵᠢᠭᠤᠯᠤᠨ ᠨᠥᠭᠡᠴᠡᠯᠡᠬᠦ 》 ᠮᠡᠷᠭᠡᠵᠢᠯ᠎ᠢ ᠰᠤᠳᠤᠯᠤᠨ ᠨᠡᠭᠡᠭᠡᠵᠦ ᠬᠡᠷᠡᠭᠯᠡᠬᠦ᠂ ᠪᠣᠳᠣᠯᠭ᠎ᠠ᠎ᠶᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠂ ᠳᠡᠭᠡᠳᠦ ᠴᠡᠪᠡᠷ ᠡᠯᠧᠺᠲᠷᠣᠨ᠎ᠤ ᠲᠡᠰ᠎ᠤᠨ ᠭᠤᠷᠪᠠᠨ ᠹᠯᠣᠷᠲᠤ ᠠᠽᠣᠲ᠎ᠤᠨ ᠦᠢᠯᠡᠳᠪᠦᠷᠢᠯᠡᠯ ᠵᠡᠷᠭᠡ ᠪᠠᠢᠳᠠᠯ᠎ᠢ ᠣᠢᠯᠠᠭᠠᠪᠠ᠃ ᠲᠡᠷᠡ᠂ ᠡᠨᠧᠷᠭᠢ᠎ᠶᠢᠨ ᠮᠥᠨ ᠴᠢᠨᠠᠷ᠎ᠤᠨ ᠠᠮᠤᠷ ᠲᠦᠪᠰᠢᠨ᠎ᠳᠦ ᠰᠠᠭᠤᠷᠢᠯᠠᠵᠤ᠂ ᠰᠢᠨ᠎ᠡ ᠡᠨᠧᠷᠭᠢ᠎ᠶᠢᠨ ᠨᠡᠭᠡᠭᠡᠨ ᠬᠥᠭᠵᠢᠭᠦᠯᠦᠯᠲᠡ᠎ᠶᠢᠨ ᠲᠦᠪᠰᠢᠨ᠎ᠢ ᠳᠡᠭᠡᠭᠰᠢᠯᠡᠭᠦᠯᠵᠦ᠂ ᠤᠯᠠᠨ ᠵᠦᠢᠯ᠎ᠦᠨ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦ᠎ᠶᠢ ᠶᠡᠬᠡᠪᠡᠷ ᠠᠬᠢᠭᠤᠯᠵᠤ᠂ ᠡᠨᠧᠷᠭᠢ ᠬᠠᠳᠠᠭᠠᠯᠠᠬᠤ ᠠᠵᠤ ᠦᠢᠯᠡᠰ᠎ᠦᠨ ᠥᠪᠡᠷ᠎ᠦᠨ ᠦᠷᠳᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠳᠠᠪᠠᠭᠤᠯᠢᠭ᠋᠎ᠢ ᠲᠠᠰᠤᠷᠠᠯᠳᠡ ᠦᠭᠡᠢ ᠪᠤᠢ ᠪᠣᠯᠭᠠᠬᠤ ᠬᠡᠷᠡᠭᠲᠡᠢ᠃ ᠣᠶᠤᠨᠲᠤ ᠪᠣᠳᠣᠯᠭ᠎ᠠ᠎ᠶᠢᠨ ᠬᠦᠴᠦᠨ᠎ᠦ ᠬᠡᠪᠴᠢᠶ᠎ᠡ᠎ᠶᠢᠨ ᠦᠷᠭᠦᠯᠵᠢᠯᠡᠨ ᠨᠡᠮᠡᠭᠳᠡᠬᠦ᠂ ᠪᠣᠳᠣᠯᠭ᠎ᠠ᠎ᠶᠢᠨ ᠬᠦᠴᠦᠨ᠎ᠦ ᠠᠵᠤ ᠠᠬᠤᠢ᠎ᠶᠢᠨ ᠬᠥᠭᠵᠢᠨ ᠪᠤᠵᠠᠭᠠᠢᠷᠠᠬᠤ᠎ᠶᠢ ᠠᠬᠢᠭᠤᠯᠵᠤ᠂ ᠴᠠᠬᠢᠯᠭᠠᠨ ᠲᠣᠣᠷ᠎ᠤᠨ ᠲᠤᠭᠠᠴᠢᠯᠠᠯᠳᠠ ᠣᠶᠤᠨᠴᠢᠯᠠᠯᠲᠠ ᠵᠢᠨ ᠬᠡᠯᠪᠡᠷᠢ᠎ᠶᠢ ᠬᠤᠪᠢᠷᠠᠭᠤᠯᠬᠤ᠎ᠶᠢ ᠲᠦᠷᠭᠡᠳᠬᠡᠵᠦ᠂ ᠴᠠᠬᠢᠯᠭᠠᠨ ᠬᠦᠴᠦᠨ᠎ᠦ ᠪᠣᠳᠣᠯᠭ᠎ᠠ᠎ᠶᠢᠨ ᠬᠦᠴᠦᠨ᠎ᠦ ᠬᠠᠮᠵᠢᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠠᠵᠤ ᠠᠬᠤᠢᠯᠠᠯ᠎ᠤᠨ ᠬᠢᠨ ᠰᠤᠳᠤᠯᠤᠨ ᠨᠡᠭᠡᠭᠡᠬᠦ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ 《 ᠪᠣᠭᠣᠮᠢ 》᠎ᠶᠢᠨ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠳᠦ ᠬᠦᠴᠦᠨ ᠴᠢᠳᠠᠯ᠎ᠢᠶᠠᠨ ᠡᠷᠭᠦᠬᠦ᠎ᠶᠢ ᠬᠦᠰᠡᠵᠦ ᠪᠠᠢᠨ᠎ᠠ ᠭᠡᠵᠦ ᠵᠢᠭᠠᠵᠤ ᠭᠠᠷᠭᠠᠪᠠ᠃
ᠸᠠᠩ ᠸᠧᠢ ᠵᠦᠩ ᠪᠠᠰᠠ ᠬᠠᠢ ᠫᠧᠩ ᠢᠳᠡᠭᠡᠨ᠎ᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠱᠤ᠌ ᠳᠦ ᠺᠠᠢ ᠳᠠ ᠢᠳᠡᠭᠡᠨ᠎ᠦ ᠬᠢᠵᠠᠭᠠᠷᠲᠤ ᠺᠣᠮᠫᠠᠨᠢ᠎ᠳᠤ ᠬᠦᠷᠴᠦ᠂ ᠣᠨᠴᠠᠯᠢᠭ᠍ᠲᠤ ᠢᠳᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠣᠢᠯᠠᠭᠠᠵᠤ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠴᠢᠩᠭ᠎ᠠ ᠡᠵᠡᠮᠳᠡᠵᠦ᠂ ᠪᠦᠲᠦᠭᠡᠭᠳᠡᠬᠦᠨ᠎ᠦ ᠲᠦᠷᠦᠯ ᠵᠦᠢᠯ᠎ᠢ ᠪᠠᠶᠠᠯᠢᠭ᠍ᠵᠢᠭᠤᠯᠵᠤ᠂ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠵᠦ᠂ ᠢᠳᠡᠭᠡᠨ᠎ᠦ ᠠᠮᠤᠷ ᠲᠦᠪᠰᠢᠨ᠎ᠢ ᠴᠢᠩᠭ᠎ᠠ ᠠᠳᠬᠤᠵᠤ᠂ ᠥᠷᠢᠰᠦᠯᠳᠦᠬᠦ ᠬᠦᠴᠦᠨ ᠪᠣᠯᠣᠨ ᠡᠵᠡᠩᠨᠡᠯᠲᠡ᠎ᠶᠢᠨ ᠦᠷ᠎ᠡ ᠠᠰᠢᠭ᠋᠎ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ᠎ᠶᠢ ᠵᠣᠷᠢᠭ᠍ᠵᠢᠭᠤᠯᠪᠠ᠃ ᠦᠷ᠎ᠡ᠎ᠶᠢᠨ ᠦᠢᠯᠡᠰ᠎ᠦᠨ ᠰᠤᠳᠤᠯᠤᠨ ᠨᠡᠭᠡᠭᠡᠬᠦ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠪᠡᠯᠡᠨ ᠲᠥᠮᠥᠰᠥ᠎ᠶᠢ ᠨᠠᠷᠢᠯᠢᠭ᠋ ᠪᠣᠯᠪᠠᠰᠤᠷᠠᠭᠤᠯᠬᠤ᠎ᠶᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠠᠵᠤ ᠠᠬᠤᠢᠯᠠᠯ᠎ᠤᠨ ᠠᠰᠢᠭ᠋ ᠲᠤᠰᠠ᠎ᠶᠢ ᠬᠣᠯᠪᠣᠬᠤ ᠲᠣᠭᠲᠠᠴᠠ᠎ᠶᠢ ᠪᠦᠷᠢᠨᠰᠢᠭᠦᠯᠵᠦ᠂ ᠠᠵᠤ ᠦᠢᠯᠡᠰ᠎ᠦᠨ ᠦᠷᠳᠡᠭ᠎ᠢ ᠨᠡᠮᠡᠭᠳᠡᠭᠦᠯᠬᠦ᠂ ᠠᠵᠤ ᠠᠬᠤᠢᠯᠠᠯ᠎ᠤᠨ ᠦᠷ᠎ᠡ ᠠᠰᠢᠭ᠋᠎ᠢ ᠨᠡᠮᠡᠭᠳᠡᠭᠦᠯᠬᠦ᠂ ᠤᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃