ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ
(2025 ᠣᠨ᠎ᠤ 1 ᠰᠠᠷ᠎ᠠ ᠵᠢᠨ 1᠎ᠤ ᠡᠳᠦᠷ)
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠡᠷᠬᠡᠪᠰᠢ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠣᠳᠣᠬᠠᠨ᠎ᠳᠤ᠂ ᠲᠠᠷᠢᠶᠠᠯᠠᠩ ᠳᠠᠬᠢᠨᠲᠠ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠬᠤ ᠵᠢᠨ ᠵᠡᠷᠭᠡᠴᠡᠭᠡᠪᠡᠷ ᠳᠡᠯᠡᠬᠡᠢ ᠵᠢᠨ ᠣᠷᠴᠢᠨ ᠨᠥᠬᠥᠴᠡᠯ ᠲᠦᠪᠡᠭ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠢ᠌ᠵᠤ᠂ ᠮᠠᠨ᠎ᠤ ᠤᠯᠤᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠵᠢᠱ᠌ᠢᠵᠦ ᠮᠡᠳᠡᠬᠦᠶ᠎ᠡ ᠪᠡᠷᠬᠡ ᠬᠦᠴᠦᠨ ᠵᠦᠢ᠍ᠯ ᠨᠡᠮᠡᠭᠳᠡᠵᠦ ᠪᠠᠢ᠌ᠨ᠎ᠠ᠃ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭ᠋ᠠᠴᠠᠬᠤ ᠲᠤᠲᠤᠮ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠰᠠᠭᠤᠷᠢ ᠵᠢ ᠤᠯᠠᠮ ᠪᠠᠲᠤᠳᠬᠠᠬᠤ ᠬᠡᠷᠡᠭᠲᠡᠢ᠃ 2025 ᠣᠨ ᠵᠢᠴᠢ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠭᠦᠢ᠍ᠴᠡᠳ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠵᠤ᠂ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ ᠵᠢ ᠲᠣᠭᠲᠠᠭ᠋ᠠᠵᠤ᠂ ᠥᠭᠡᠷᠡᠴᠢᠯᠡᠯᠲᠡ ᠨᠡᠭᠡᠭᠡᠯᠲᠡ ᠪᠣᠯᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ᠂ 《ᠮᠢᠩᠭ᠋ᠠᠨ ᠲᠣᠰᠬᠤᠨ ᠵᠶ᠋ᠠᠷ ᠵᠢᠱ᠌ᠢᠶ᠎ᠡ ᠦᠵᠡᠭᠦᠯᠵᠦ ᠲᠦᠮᠡᠨ ᠲᠣᠰᠬᠤᠨ᠎ᠢ ᠵᠠᠰᠠᠬᠤ ᠢᠨᠵᠧᠨᠧᠷᠢᠩ》᠎ᠤᠨ ᠲᠤᠷᠰᠢᠯᠭ᠎ᠠ ᠵᠢ ᠭᠦᠨᠵᠡᠭᠡᠢ ᠰᠤᠷᠤᠯᠴᠠᠨ ᠬᠡᠷᠡᠭᠯᠡᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠦᠭᠡᠢ ᠪᠠᠶ᠋ᠢᠬᠤ ᠵᠢ ᠪᠠᠲᠤᠯᠠᠵᠤ᠂ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ᠂ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠲᠦᠪᠰᠢᠨ᠂ ᠬᠥᠳᠡᠭᠡ ᠲᠣᠰᠬᠤᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠬᠥᠳᠡᠭᠡ ᠠᠵᠤ ᠠᠬᠤᠢ ᠵᠢᠨ ᠦᠷ᠎ᠡ ᠠᠰᠢᠭ᠎ᠢ ᠨᠡᠮᠡᠭᠳᠡᠭᠦᠯᠬᠦ᠂ ᠬᠥᠳᠡᠭᠡ ᠲᠣᠰᠬᠤᠨ᠎ᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
ᠨᠢᠭᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠨᠡᠮᠡᠭᠳᠡᠭᠦᠯᠦᠨ᠎ᠡ
(ᠨᠢᠭᠡ) ᠠᠮᠤ ᠪᠤᠳᠠᠭ᠎ᠠ ᠲᠣᠰᠣᠨ᠎ᠤ ᠲᠠᠷᠢᠮᠠᠯ᠎ᠢ ᠶᠡᠬᠡ ᠲᠠᠯᠠᠪᠠᠶ᠎ᠪᠠᠷ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠶ ᠵᠢ ᠲᠣᠭᠲᠠᠪᠤᠷᠢᠵᠢᠭᠤᠯᠵᠤ᠂ ᠲᠠᠯᠠᠪᠠᠶ ᠨᠢᠭᠡᠴᠢ ᠵᠢᠨ ᠤᠨᠠᠯᠲᠠ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠭᠣᠣᠯᠯᠠᠭᠤᠯᠤᠨ ᠴᠢᠷᠮᠠᠢ᠌ᠵᠤ᠂ ᠠᠮᠤ ᠪᠤᠳᠠᠭ᠋ᠠᠨ᠎ᠤ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠵᠢ ᠦᠨᠡᠨ ᠬᠦ᠌ ᠪᠠᠲᠤᠯᠠᠨ᠎ᠠ᠃ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠵᠠᠭᠪᠤᠷ᠎ᠢ ᠲᠥᠪᠯᠡᠷᠡᠭᠦᠯᠦᠨ ᠳᠡᠯᠭᠡᠷᠡᠭᠦᠯᠬᠦ ᠡᠷᠴᠢᠮ᠎ᠢ ᠴᠢᠩᠭ᠋ᠠᠷᠠᠭᠤᠯᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠢ ᠲᠦᠯᠬᠢᠨ ᠠᠬᠢᠭᠤᠯᠵᠤ᠂ ᠭᠠᠷᠤᠯᠲᠠ ᠵᠢ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠵᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠵᠢᠨ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠡᠭᠦᠷᠭᠡ ᠵᠢ ᠬᠦᠴᠦᠯᠡᠨ ᠨᠠᠢ᠌ᠳᠠᠪᠤᠷᠢᠵᠢᠭᠤᠯᠤᠨ᠎ᠠ᠃ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠨ ᠰᠢᠷ᠎ᠠ ᠪᠤᠷᠴᠠᠭ᠎ᠤᠨ ᠦᠷ᠎ᠡ ᠵᠢ ᠥᠷᠭᠡᠳᠬᠡᠭᠰᠡᠨ ᠦᠷ᠎ᠡ ᠪᠦᠲᠦᠭᠡᠯ᠎ᠢ ᠪᠡᠬᠢᠵᠢᠭᠦᠯᠵᠦ᠂ ᠰᠢᠯᠢᠮᠳᠡᠭ᠂ ᠯᠣᠬᠠᠱ᠌ᠧᠩᠤᠨ ᠦᠷ᠎ᠡ ᠵᠢ ᠥᠷᠭᠡᠳᠬᠡᠬᠦ ᠳᠠᠯᠳᠠ ᠬᠦᠴᠦᠨ᠎ᠢ ᠠᠭᠤᠳᠠᠯᠵᠤ᠂ ᠲᠣᠰᠣᠨ ᠴᠠᠢ ᠵᠡᠷᠭᠡ ᠮᠣᠳᠣᠯᠢᠭ ᠲᠣᠰᠣᠯᠢᠭ ᠲᠠᠷᠢᠮᠠᠯ᠎ᠢ ᠬᠥᠭᠵᠢᠭᠦᠯᠬᠦ ᠵᠢ ᠳᠡᠮᠵᠢᠨ᠎ᠡ᠃ ᠬᠥᠪᠥᠩ᠂ ᠰᠢᠬᠢᠷᠯᠢᠭ ᠲᠠᠷᠢᠮᠠᠯ᠂ ᠪᠠᠶ᠋ᠢᠭ᠋ᠠᠯᠢ ᠵᠢᠨ ᠭᠣᠮ ᠵᠡᠷᠭᠡ ᠵᠢᠨ ᠤᠨᠠᠯᠲᠠ ᠵᠢ ᠲᠣᠭᠲᠠᠪᠤᠷᠢᠵᠢᠭᠤᠯᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠤᠨ᠎ᠠ᠃
(ᠬᠣᠶᠠᠷ) ᠮᠠᠯ ᠠᠵᠤ ᠠᠬᠤᠢ ᠵᠢᠨ ᠲᠣᠭᠲᠠᠭᠤᠨ ᠵᠶ᠋ᠠᠷ ᠬᠥᠭᠵᠢᠬᠦ ᠵᠢ ᠲᠡᠳᠬᠦᠨ ᠳᠡᠮᠵᠢᠨ᠎ᠡ᠃ ᠠᠮᠢᠳᠤ ᠭᠠᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠬᠢᠨᠠᠨ ᠬᠡᠮᠵᠢᠬᠦ ᠪᠠ ᠲᠣᠬᠢᠷᠠᠭᠤᠯᠤᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠲᠣᠭᠲᠠᠭᠤᠨ ᠬᠥᠭᠵᠢᠯᠲᠡ ᠵᠢ ᠠᠬᠢᠭᠤᠯᠤᠨ᠎ᠠ᠃ ᠠᠯᠠᠰᠢᠨ ᠦᠬᠡᠷ᠂ ᠰᠠᠭ᠋ᠠᠯᠢ ᠵᠢᠨ ᠦᠨᠢᠶ᠎ᠡ ᠵᠢᠨ ᠠᠵᠤ ᠦᠢ᠍ᠯᠡᠰ᠎ᠤᠨ ᠬᠦᠴᠢᠷᠳᠡᠯ᠎ᠢ ᠰᠢᠢ᠍ᠳᠪᠦᠷᠢᠯᠡᠬᠦ ᠵᠢ ᠲᠦᠯᠬᠢᠨ ᠠᠬᠢᠭᠤᠯᠵᠤ᠂ ᠰᠠᠭᠤᠷᠢ ᠦᠢ᠍ᠯᠡᠳᠪᠦᠷᠢᠯᠡᠬᠦ ᠴᠢᠳᠠᠪᠤᠷᠢ ᠵᠢ ᠲᠣᠭᠲᠠᠪᠤᠷᠢᠵᠢᠭᠤᠯᠤᠨ᠎ᠠ᠃ ᠪᠠᠺᠲ᠋ᠧᠷᠢ ᠤᠰᠠᠳᠬᠠᠬᠤ ᠰᠦ ᠵᠢᠨ ᠤᠯᠤᠰ᠎ᠤᠨ ᠪᠠᠷᠢᠮᠵᠢᠶ᠎ᠠ ᠵᠢ ᠨᠠᠢ᠌ᠳᠠᠪᠤᠷᠢᠵᠢᠭᠤᠯᠵᠤ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ ᠪᠣᠯᠣᠨ ᠲᠠᠷᠢᠶᠠᠴᠢᠳ᠎ᠤᠨ ᠬᠣᠷᠰᠢᠶ᠎ᠠ᠎ᠪᠠᠷ ᠭᠣᠣᠯ ᠴᠣᠭᠴᠠ ᠪᠣᠯᠭ᠋ᠠᠭᠰᠠᠨ ᠰᠦ ᠵᠢᠨ ᠦᠢ᠍ᠯᠡᠰ᠎ᠤᠨ ᠲᠡᠵᠢᠭᠡᠨ ᠦᠷᠡᠵᠢᠭᠦᠯᠬᠦ ᠡᠳ᠋ᠰᠢᠭᠦᠯᠬᠦ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠳᠡᠮᠵᠢᠨ᠎ᠡ᠃ ᠭᠠᠬᠠᠢ ᠨᠢᠲᠤᠯᠬᠤ ᠵᠢᠨ ᠬᠢᠵᠢᠭ ᠪᠠᠢ᠌ᠴᠠᠭ᠋ᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠬᠦᠨᠳᠦ ᠶᠡᠬᠡ ᠠᠮᠢᠲᠠᠨ᠎ᠤ ᠬᠢᠵᠢᠭ ᠡᠪᠡᠳᠴᠢᠨ ᠪᠠ ᠭᠣᠣᠯᠳᠠᠯᠭ᠎ᠠ᠎ᠲᠠᠢ ᠬᠥᠮᠥᠨ ᠮᠠᠯ᠎ᠳᠤ ᠬᠠᠮᠲᠤ᠎ᠪᠠᠷ ᠲᠤᠰᠳᠠᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠵᠢ ᠴᠢᠩᠭ᠋ᠠᠷᠠᠭᠤᠯᠤᠨ᠎ᠠ᠃ ᠡᠪᠡᠰᠦ ᠪᠣᠷᠳᠣᠭ᠎ᠠ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠳᠬᠡᠨ᠎ᠡ᠃
(ᠭᠤᠷᠪᠠ) ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ ᠵᠢ ᠴᠢᠩᠭ᠋ᠠᠷᠠᠭᠤᠯᠤᠨ᠎ᠠ᠃ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢ ᠬᠠᠮᠢᠶᠠᠷᠤᠨ ᠡᠵᠡᠮᠳᠡᠬᠦ ᠪᠠ 《ᠨᠥᠬᠥᠪᠦᠷᠢᠯᠡᠬᠦ᠎ᠪᠠᠷ ᠡᠵᠡᠯᠡᠨ ᠬᠡᠷᠡᠭᠯᠡᠬᠦ ᠵᠢ ᠲᠣᠭᠲᠠᠭ᠋ᠠᠬᠤ》 ᠵᠢ ᠴᠢᠩᠳᠠᠯᠠᠵᠤ᠂ ᠡᠯ᠎ᠡ ᠲᠥᠷᠥᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠨᠢᠭᠡᠳᠦᠯᠲᠡᠢ ᠬᠠᠮᠢᠶᠠᠷᠤᠯᠲᠠ᠎ᠳᠤ ᠣᠷᠣᠭᠤᠯᠤᠨ᠂ ᠮᠤᠵᠢ ᠵᠢᠨ ᠬᠡᠪᠴᠢᠶᠡᠨ᠎ᠳᠠᠬᠢ ᠣᠨ᠎ᠤ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢᠨ ᠬᠥᠳᠡᠯᠦᠩᠭᠦᠢ ᠲᠡᠩᠴᠡᠭᠦᠷᠢ ᠵᠢ ᠦᠨᠡᠨ ᠬᠦ᠌ ᠪᠠᠲᠤᠯᠠᠨ᠎ᠠ᠃ ᠲᠠᠷᠢᠶᠠᠨ ᠭᠠᠵᠠᠷ᠎ᠤᠨ ᠶᠠᠰᠤ ᠴᠢᠨᠠᠷ᠎ᠢ ᠨᠥᠬᠥᠪᠦᠷᠢᠯᠡᠬᠦ ᠦᠨᠡᠯᠡᠯᠲᠡ ᠪᠠ ᠰᠢᠯᠭ᠋ᠠᠨ ᠠᠪᠬᠤ ᠪᠠᠷᠢᠮᠵᠢᠶ᠎ᠠ ᠵᠢ ᠲᠡᠭᠦᠯᠳᠡᠷᠵᠢᠭᠦᠯᠦᠨ᠎ᠡ᠃ 《ᠲᠣᠮᠣ ᠰᠠᠷᠠᠪᠴᠢᠲᠤ ᠭᠡᠷ ᠪᠠᠢ᠌ᠰᠢᠩ》᠎ᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ᠎ᠢ ᠡᠵᠡᠯᠡᠨ 《ᠨᠠᠭᠤᠷ ᠮᠠᠯᠲᠠᠵᠤ ᠦᠵᠡᠮᠵᠢ ᠪᠦᠲᠦᠭᠡᠬᠦ》᠂ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠨ ᠭᠡᠷ ᠪᠠᠢ᠌ᠰᠢᠩ ᠪᠠᠷᠢᠬᠤ ᠵᠡᠷᠭᠡ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ᠎ᠢ ᠡᠪᠳᠡᠬᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠨ᠎ᠠ᠃ ᠦᠨᠳᠦᠰᠦᠨ ᠲᠠᠷᠢᠮᠠᠯ᠎ᠤᠨ ᠵᠦᠢ᠍ᠯ᠎ᠤᠨ ᠭᠠᠷᠴᠠᠭ᠎ᠢ ᠲᠣᠭᠲᠠᠭ᠋ᠠᠵᠤ᠂ ᠲᠠᠷᠢᠶᠠᠨ ᠭᠠᠵᠠᠷ᠎ᠤᠨ ᠲᠠᠷᠢᠮᠠᠯ᠎ᠤᠨ ᠬᠡᠷᠡᠭᠴᠡᠭᠡ ᠵᠢ ᠬᠢᠨᠠᠨ ᠬᠡᠮᠵᠢᠬᠦ ᠰᠢᠰᠲ᠋ᠧᠮ᠎ᠢ ᠪᠠᠢ᠌ᠭᠤᠯᠤᠨ᠎ᠠ᠃ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠭᠠᠵᠠᠷ ᠪᠣᠯᠭ᠋ᠠᠬᠤ》 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠲᠥᠷᠥᠯ ᠬᠤᠪᠢᠶᠠᠨ ᠡᠮᠬᠢ ᠵᠢᠷᠤᠮ᠎ᠲᠠᠢ ᠰᠠᠶ᠋ᠢᠲᠤᠷ ᠬᠢᠵᠦ᠂ ᠠᠵᠤ ᠦᠢ᠍ᠯᠡᠰ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠂ ᠲᠠᠷᠢᠮᠠᠯ᠎ᠤᠨ ᠤᠷᠭᠤᠯᠲᠠ ᠵᠢᠨ ᠦᠶᠡᠯᠡᠯ᠎ᠤᠨ ᠬᠤᠭᠤᠴᠠᠭ᠎ᠠ ᠵᠡᠷᠭᠡ᠎ᠲᠠᠢ ᠤᠶᠠᠯᠳᠤᠭᠤᠯᠤᠨ ᠴᠢᠬᠤᠯᠠ ᠪᠦᠬᠦᠢ ᠰᠢᠯᠵᠢᠯᠲᠡ ᠵᠢᠨ ᠬᠤᠭᠤᠴᠠᠭ᠎ᠠ ᠵᠢ ᠲᠣᠬᠢᠷᠠᠭᠤᠯᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠲᠦᠯᠬᠢᠨ ᠠᠬᠢᠭᠤᠯᠵᠤ᠂ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠵᠢ ᠰᠢᠯᠢᠳᠡᠭᠵᠢᠭᠦᠯᠦᠨ᠂ ᠲᠠᠷᠢᠶᠠᠴᠢᠳ᠎ᠤᠨ ᠪᠥᠬᠥ ᠶᠠᠪᠤᠴᠠ ᠵᠢᠨ ᠲᠥᠷᠥᠯ ᠵᠦᠢ᠍ᠯ᠎ᠢ ᠬᠡᠷᠡᠭᠵᠢᠭᠦᠯᠬᠦ᠎ᠳᠤ ᠣᠷᠣᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠢᠨᠵᠧᠨᠧᠷᠢᠩ᠎ᠤᠨ ᠶᠠᠰᠤ ᠴᠢᠨᠠᠷ᠎ᠤᠨ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠵᠡᠭᠦᠨ ᠬᠣᠢ᠌ᠲᠤ ᠣᠷᠣᠨ᠎ᠤ ᠬᠠᠷ᠎ᠠ ᠰᠢᠷᠣᠢ᠌ᠲᠤ ᠣᠷᠣᠨ᠎ᠤ ᠢᠳᠡᠭᠳᠡᠯ᠎ᠤᠨ ᠭᠤᠤ᠂ ᠡᠮᠦᠨᠡᠲᠦ ᠣᠷᠣᠨ᠎ᠤ ᠬᠦᠴᠢᠯᠵᠢᠵᠦ ᠮᠠᠭᠤᠳᠠᠭᠰᠠᠨ ᠲᠠᠷᠢᠶᠠᠨ ᠭᠠᠵᠠᠷ᠎ᠢ ᠵᠠᠰᠠᠬᠤ ᠠᠵᠢᠯ᠎ᠢ ᠴᠢᠩᠭ᠋ᠠᠳᠬᠠᠨ᠎ᠠ᠃ ᠠᠲᠠᠷᠰᠢᠭᠤᠯᠤᠭᠰᠠᠨ ᠭᠠᠵᠠᠷ᠎ᠢ ᠲᠠᠬᠢᠨ ᠬᠠᠭ᠋ᠠᠯᠪᠤᠷᠢᠯᠠᠨ ᠠᠰᠢᠭᠯᠠᠬᠤ ᠵᠢ ᠳᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠮᠤᠵᠢ ᠵᠢᠨ ᠬᠡᠪᠴᠢᠶᠡᠨ᠎ᠳᠠᠬᠢ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠪᠠᠭᠤᠷᠠᠭᠤᠯᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠭᠣᠣᠯ᠎ᠤᠨ ᠵᠠᠮ᠎ᠤᠨ ᠳᠣᠲᠣᠷᠠᠬᠢ ᠦᠶᠡᠷ᠎ᠢ ᠵᠠᠯᠠᠬᠤ ᠠᠮᠤᠷ ᠲᠦᠪᠰᠢᠨ᠎ᠢ ᠨᠥᠯᠥᠭᠡᠯᠡᠬᠦ ᠵᠡᠷᠭᠡ ᠲᠣᠭᠲᠠᠭᠤᠨ ᠪᠤᠰᠤ ᠲᠠᠷᠢᠶᠠᠨ ᠭᠠᠵᠠᠷ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠪᠤᠴᠠᠭ᠋ᠠᠨ᠎ᠠ᠃ ᠤᠯᠠᠮᠵᠢᠯᠠᠯᠲᠤ ᠱᠠᠲᠤᠨ ᠲᠠᠷᠢᠶᠠᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ᠃
(ᠳᠥᠷᠪᠡ) ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠤ ᠬᠠᠮᠵᠢᠯᠴᠠᠨ ᠪᠣᠭᠣᠮᠲᠠ ᠰᠢᠪᠲᠤᠯᠬᠤ ᠵᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠲᠡᠷᠢᠭᠦᠨ᠎ᠤ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠴᠤᠭᠯᠠᠷᠠᠯ᠎ᠢ ᠬᠥᠲᠥᠯᠥᠨ ᠳᠠᠭ᠋ᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠲᠠᠷᠢᠶᠠᠯᠠᠩ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ᠎ᠡ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠰᠢᠪᠲᠤᠯᠤᠯᠲᠠ ᠵᠢ ᠲᠦᠷᠭᠡᠳᠬᠡᠵᠦ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠬᠢ ᠪᠠᠶᠠᠯᠢᠭ᠎ᠤᠨ ᠬᠦᠴᠦᠨ᠎ᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ 《ᠨᠠᠨ ᠹᠠᠨ᠎ᠤ ᠴᠠᠬᠢᠭᠤᠷ᠎ᠤᠨ ᠬᠥᠨᠳᠡᠢ》 ᠵᠡᠷᠭᠡ ᠴᠢᠬᠤᠯᠠ ᠶᠡᠬᠡ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠨᠢᠭᠡ ᠪᠦᠯᠦᠭ ᠰᠢᠪᠲᠤᠯᠤᠯᠲᠠ ᠵᠢᠨ ᠴᠢᠨᠠᠷᠲᠠᠢ ᠦᠷ᠎ᠡ ᠡᠭᠦᠯᠳᠡᠷ᠎ᠤᠨ ᠰᠢᠪᠲᠤᠯᠤᠯᠲᠠ ᠵᠢ ᠲᠦᠷᠭᠡᠳᠬᠡᠨ᠎ᠡ᠃ ᠠᠮᠢᠳᠤ ᠪᠣᠳᠠᠰ᠎ᠤᠨ ᠦᠷ᠎ᠡ ᠡᠭᠦᠯᠳᠡᠷ ᠪᠣᠢ᠌ᠵᠢᠭᠤᠯᠬᠤ ᠠᠵᠤ ᠦᠢ᠍ᠯᠡᠰᠵᠢᠯᠲᠡ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠠᠷᠢᠶᠠᠯᠠᠩ᠎ᠤᠨ ᠮᠠᠰᠢᠨ ᠲᠣᠨᠣᠭᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠵᠤ᠂ ᠤᠯᠤᠰ᠎ᠲᠠᠭᠠᠨ ᠦᠢ᠍ᠯᠡᠳᠪᠦᠷᠢᠯᠡᠭᠰᠡᠨ ᠲᠡᠷᠢᠭᠦᠨ᠎ᠤ ᠬᠡᠷᠡᠭᠯᠡᠭᠡᠨ᠎ᠤ ᠲᠠᠷᠢᠶᠠᠯᠠᠩ᠎ᠤᠨ ᠮᠠᠰᠢᠨ ᠲᠣᠨᠣᠭᠯᠠᠯ ᠵᠡᠷᠭᠡ ᠵᠢ ᠰᠤᠳᠤᠯᠤᠨ ᠨᠡᠭᠡᠭᠡᠵᠦ ᠬᠡᠷᠡᠭᠯᠡᠬᠦ ᠵᠢ ᠲᠦᠷᠭᠡᠳᠬᠡᠵᠦ᠂ ᠬᠠᠭᠤᠴᠢᠷᠠᠭᠰᠠᠨ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠲᠦᠯᠬᠢᠨ ᠠᠬᠢᠭᠤᠯᠤᠨ᠎ᠠ᠃ ᠣᠶᠤᠨᠴᠢ ᠲᠠᠷᠢᠶᠠᠯᠠᠩ᠎ᠢ ᠳᠠᠮᠵᠢᠨ ᠬᠥᠭᠵᠢᠭᠦᠯᠵᠦ᠂ ᠵᠣᠬᠢᠶᠠᠮᠠᠯ ᠣᠶᠣᠨ ᠴᠢᠳᠠᠪᠤᠷᠢ᠂ ᠲᠣᠮᠣ ᠳ᠋ᠠᠢ᠌ᠲ᠋ᠠ᠂ ᠳᠣᠣᠷ᠎ᠠ ᠣᠭᠲᠠᠷᠭᠤᠢ ᠵᠡᠷᠭᠡ ᠮᠡᠷᠭᠡᠵᠢᠯ᠎ᠤᠨ ᠬᠡᠷᠡᠭᠯᠡᠭᠡᠨ᠎ᠤ ᠪᠠᠶ᠋ᠢᠳᠠᠯ᠎ᠢ ᠥᠷᠭᠡᠳᠬᠡᠨ᠎ᠡ᠃
(ᠲᠠᠪᠤ) ᠲᠠᠷᠢᠶᠠᠯᠠᠩ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠴᠠᠭ ᠠᠭᠤᠷ᠎ᠤᠨ ᠲᠠᠷᠢᠶᠠᠯᠠᠩ᠎ᠳᠤ ᠦᠢ᠍ᠯᠡᠴᠢᠯᠡᠬᠦ ᠵᠢ ᠴᠢᠩᠭ᠋ᠠᠳᠬᠠᠵᠤ᠂ ᠭᠠᠢ ᠭᠠᠮᠰᠢᠭ᠎ᠤᠨ ᠠᠶᠤᠯ ᠲᠦᠭᠰᠢᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠵᠢᠯ᠎ᠢ ᠴᠢᠩᠭ᠋ᠠᠳᠬᠠᠵᠤ᠂ ᠣᠷᠣᠨ ᠪᠦᠰᠡ ᠵᠢᠨ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠥᠪ ᠵᠡᠷᠭᠡ ᠬᠦᠴᠦᠨ᠎ᠢ ᠰᠠᠶ᠋ᠢᠲᠤᠷ ᠬᠡᠷᠡᠭᠯᠡᠵᠦ᠂ ᠭᠠᠢ ᠭᠠᠮᠰᠢᠭ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃ ᠣᠳᠣᠬᠢᠴᠢᠯᠠᠭᠰᠠᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮ᠎ᠢ ᠪᠠᠢ᠌ᠭᠤᠯᠵᠤ᠂ ᠡᠮᠵᠡᠭ ᠠᠶᠤᠯᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠳᠤᠮᠳᠠ ᠵᠢᠵᠢᠭ ᠭᠣᠣᠯ ᠮᠥᠷᠡᠨ᠎ᠢ ᠵᠠᠰᠠᠬᠤ ᠪᠠ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢ ᠴᠢᠩᠭ᠋ᠠᠳᠬᠠᠵᠤ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠵᠠᠩᠭᠢᠯᠠᠭ᠎ᠠ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠲᠣᠭᠲᠠᠴᠠ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ ᠲᠠᠯ᠎ᠠ ᠭᠠᠵᠠᠷ᠎ᠤᠨ ᠤᠰᠤᠳᠤᠭᠰᠠᠨ ᠣᠷᠣᠨ᠎ᠢ ᠵᠠᠰᠠᠬᠤ ᠠᠵᠢᠯ᠎ᠢ ᠴᠢᠩᠭ᠋ᠠᠳᠬᠠᠵᠤ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠭᠤᠤ ᠰᠤᠪᠠᠭ᠎ᠢ ᠴᠡᠭᠴᠡᠯᠡᠨ ᠵᠠᠰᠠᠬᠤ ᠠᠵᠢᠯ᠎ᠢ ᠲᠦᠯᠬᠢᠨ ᠠᠬᠢᠭᠤᠯᠵᠤ᠂ ᠭᠠᠮᠰᠢᠭ᠎ᠲᠤ ᠡᠪᠳᠡᠭᠳᠡᠭᠰᠡᠨ ᠲᠠᠷᠢᠶᠠᠨ ᠭᠠᠵᠠᠷ ᠵᠢᠴᠢ ᠤᠰᠤᠯᠠᠬᠤ ᠪᠠ ᠤᠰᠤ ᠵᠠᠯᠠᠬᠤ ᠲᠥᠬᠦᠭᠡᠷᠦᠮᠵᠢ ᠵᠢ ᠲᠦᠷᠭᠡᠪᠴᠢᠯᠡᠨ ᠵᠠᠰᠠᠵᠤ ᠰᠡᠷᠭᠦᠭᠡᠨ᠎ᠡ᠃ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠲᠠᠷᠢᠮᠠᠯ᠎ᠤᠨ ᠵᠦᠢ᠍ᠯ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠢᠭᠡᠳᠦᠯᠲᠡᠢ ᠰᠡᠷᠭᠡᠢ᠌ᠯᠡᠨ ᠨᠢᠭᠡᠳᠦᠯᠲᠡᠢ ᠵᠠᠰᠠᠬᠤ ᠠᠵᠢᠯ᠎ᠢ ᠰᠠᠶ᠋ᠢᠲᠤᠷ ᠬᠢᠨ᠎ᠡ᠃ ᠣᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢ᠌ᠯᠡᠨ ᠤᠨᠲᠠᠷᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
(ᠵᠢᠷᠭᠤᠭ᠎ᠠ) ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠦᠨ᠎ᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢ᠍ᠯᠡᠳᠪᠦᠷᠢᠯᠡᠭᠴᠢ᠎ᠳᠤ ᠨᠥᠬᠥᠪᠦᠷᠢ ᠥᠭᠬᠦ᠂ ᠲᠤᠲᠤᠷᠭ᠎ᠠ ᠵᠢᠨ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠤᠨ ᠬᠦᠴᠦ ᠰᠢᠮ᠎ᠡ ᠵᠢ ᠬᠠᠮᠠᠭ᠋ᠠᠯᠠᠬᠤ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠲᠣᠭᠲᠠᠪᠤᠷᠢᠵᠢᠭᠤᠯᠤᠨ᠎ᠠ᠃ ᠠᠮᠤ ᠪᠤᠳᠠᠭ᠋ᠠᠨ᠎ᠤ ᠭᠠᠷᠤᠯᠲᠠ ᠶᠡᠬᠡᠲᠡᠢ ᠰᠢᠶᠠᠨ᠎ᠤ ᠲᠠᠷᠢᠶᠠᠯᠠᠩ᠎ᠤᠨ ᠳᠠᠭ᠋ᠠᠳᠬᠠᠯ᠎ᠤᠨ ᠰᠢᠶᠠᠨ᠎ᠤ ᠱᠠᠲᠤᠨ᠎ᠤ ᠳᠠᠭ᠋ᠠᠳᠬᠠᠯ᠎ᠤᠨ ᠰᠦᠢ᠍ᠳᠬᠡᠯ᠎ᠤᠨ ᠨᠥᠬᠥᠪᠦᠷᠢ ᠵᠢ ᠡᠭᠦᠷᠭᠡᠯᠡᠬᠦ ᠬᠠᠷᠢᠴᠠᠯ᠎ᠢ ᠪᠠᠭᠤᠷᠠᠭᠤᠯᠵᠤ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ᠎ᠤᠨ ᠪᠦᠷᠢᠨ ᠥᠪᠡᠷ᠎ᠤᠨ ᠥᠷᠲᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠭᠤᠯᠬᠤ ᠲᠠᠯᠠᠪᠠᠢ ᠵᠢ ᠥᠷᠭᠡᠳᠬᠡᠬᠦ ᠵᠢ ᠲᠦᠯᠬᠢᠨ ᠠᠬᠢᠭᠤᠯᠤᠨ᠎ᠠ᠃ ᠣᠷᠣᠨ ᠨᠤᠲᠤᠭ᠎ᠤᠨ᠎ᠬᠢᠨ᠎ᠤ ᠠᠮᠤ ᠪᠤᠳᠠᠭ᠎ᠠ ᠲᠣᠰᠣᠨ᠎ᠤ ᠲᠠᠷᠢᠮᠠᠯ᠎ᠤᠨ ᠲᠤᠰᠬᠠᠢ ᠵᠦᠢ᠍ᠯ᠎ᠤᠨ ᠵᠢᠭᠡᠯᠡᠯᠭᠡ᠎ᠳᠤ ᠳᠠᠮ ᠬᠦᠦ ᠥᠭᠬᠦ ᠲᠤᠷᠰᠢᠯᠲᠠ ᠵᠢᠨ ᠴᠡᠭ ᠥᠷᠨᠢᠭᠦᠯᠬᠦ ᠵᠢ ᠵᠣᠷᠢᠭᠵᠢᠭᠤᠯᠤᠨ᠎ᠠ᠃ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠎ᠤ ᠱᠠᠩᠨᠠᠬᠤ ᠨᠥᠬᠥᠪᠦᠷᠢᠯᠡᠬᠦ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠵᠦ᠂ ᠠᠮᠤ ᠪᠤᠳᠠᠭ᠋ᠠᠨ᠎ᠤ ᠭᠠᠷᠤᠯᠲᠠ ᠶᠡᠬᠡᠲᠡᠢ ᠰᠢᠶᠠᠨ᠎ᠳᠤ ᠦᠵᠡᠭᠦᠯᠬᠦ ᠳᠡᠮᠵᠢᠯᠭᠡ᠎ᠪᠠᠨ ᠨᠡᠮᠡᠭᠳᠡᠭᠦᠯᠦᠨ᠎ᠡ᠃ ᠲᠥᠪ᠎ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠣᠷᠣᠨ᠎ᠤ ᠮᠤᠵᠢ ᠵᠢᠨ ᠬᠣᠭᠤᠷᠤᠨᠳᠤᠬᠢ ᠬᠥᠨᠳᠡᠯᠡᠨ᠎ᠤ ᠠᠰᠢᠭ ᠲᠤᠰᠠ ᠵᠢᠨ ᠨᠥᠬᠥᠪᠦᠷᠢ ᠵᠢ ᠡᠬᠢᠯᠡᠨ ᠬᠡᠷᠡᠭᠵᠢᠭᠦᠯᠵᠦ᠂ ᠪᠡᠯᠡ ᠮᠥᠩᠭᠥ ᠴᠤᠭᠯᠠᠭᠤᠯᠬᠤ ᠪᠠ ᠬᠤᠪᠢᠶᠠᠷᠢᠯᠠᠬᠤ ᠠᠵᠢᠯ᠎ᠢ ᠰᠠᠶ᠋ᠢᠲᠤᠷ ᠬᠢᠨ᠎ᠡ᠃ ᠠᠮᠤ ᠪᠤᠳᠠᠭ᠋ᠠᠨ᠎ᠤ ᠭᠠᠷᠤᠯᠲᠠ ᠵᠢᠨ ᠲᠣᠮᠣ ᠰᠢᠶᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠡᠷᠡᠭᠵᠢᠭᠦᠯᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ᠃
(ᠲᠤᠯᠤᠭ᠎ᠠ) ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶ᠎ᠠ ᠬᠢᠭᠡᠳ ᠦᠢ᠍ᠯᠡᠳᠪᠦᠷᠢᠯᠡᠯ᠎ᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠠᠷᠭ᠎ᠠ ᠪᠣᠳᠣᠯᠭ᠎ᠠ ᠵᠢ ᠶᠡᠷᠦᠩᠬᠡᠢ᠌ᠯᠡᠨ ᠬᠡᠷᠡᠭᠵᠢᠭᠦᠯᠵᠦ ᠪᠠᠶ᠋ᠢᠭ᠋ᠠᠳ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠨ᠎ᠡ ᠬᠠᠩᠰᠢ ᠵᠢ ᠵᠦᠢ ᠵᠣᠬᠢᠰᠲᠠᠢ ᠬᠢᠷᠢ ᠲᠦᠪᠰᠢᠨ᠎ᠳᠤ ᠪᠠᠢ᠌ᠯᠭ᠋ᠠᠬᠤ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠢᠳᠡᠪᠬᠢᠵᠢᠯ᠎ᠢ ᠬᠠᠮᠠᠭ᠋ᠠᠯᠠᠵᠤ᠂ ᠲᠠᠷᠢᠶᠠᠴᠢᠳ᠎ᠤᠨ ᠠᠰᠢᠭ ᠲᠤᠰᠠ ᠵᠢ ᠰᠠᠶ᠋ᠢᠲᠤᠷ ᠬᠠᠮᠠᠭ᠋ᠠᠯᠠᠨ᠎ᠠ᠃ ᠲᠠᠷᠢᠶᠠᠯᠠᠩ᠎ᠤᠨ ᠪᠦᠲᠦᠭᠡᠭᠳᠡᠬᠦᠨ᠎ᠢ ᠨᠢᠭᠤᠴᠠ᠎ᠪᠠᠷ ᠠᠷᠠᠯᠵᠢᠶᠠᠯᠠᠬᠤ ᠵᠡᠷᠭᠡ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠪᠣᠭᠣᠮᠲᠠ ᠵᠢᠨ ᠠᠮᠢᠳᠤ ᠪᠣᠳᠠᠰ᠎ᠤᠨ ᠠᠮᠤᠷ ᠲᠦᠪᠰᠢᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠬᠣᠬᠢᠷᠠᠯ᠎ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠪᠦᠷᠢᠨᠰᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠢ ᠡᠮᠬᠢ ᠵᠢᠷᠤᠮ᠎ᠲᠠᠢ᠎ᠪᠠᠷ ᠰᠠᠶ᠋ᠢᠲᠤᠷ ᠬᠢᠵᠦ᠂ ᠨᠥᠭᠡᠴᠡ ᠠᠮᠤ ᠪᠤᠳᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢ ᠨᠡᠢ᠌ᠲᠡᠯᠡᠬᠦ ᠪᠠ ᠵᠢᠱ᠌ᠢᠯᠲᠡ ᠵᠢ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ᠃
(ᠨᠠᠢ᠍ᠮᠠ) ᠤᠯᠠᠨ ᠡᠰᠢᠵᠢᠭᠰᠡᠨ ᠢᠳᠡᠭᠡᠨ᠎ᠤ ᠬᠠᠩᠭ᠋ᠠᠯᠭ᠎ᠠ ᠵᠢᠨ ᠰᠢᠰᠲ᠋ᠧᠮᠵᠢ ᠵᠢ ᠪᠠᠢ᠌ᠭᠤᠯᠤᠨ᠎ᠠ᠃ ᠬᠠᠮ ᠲᠠᠷᠢᠶᠠᠯᠠᠩ᠎ᠤᠨ ᠦᠵᠡᠯᠲᠡ᠂ ᠬᠠᠮ ᠢᠳᠡᠭᠡᠨ᠎ᠤ ᠦᠵᠡᠯᠲᠡ ᠵᠢ ᠦᠢ᠍ᠯᠡᠳᠦᠯᠭᠡᠵᠢᠭᠦᠯᠵᠦ᠂ ᠢᠳᠡᠭᠡᠨ᠎ᠤ ᠡᠬᠢ ᠪᠠᠶᠠᠯᠢᠭ᠎ᠢ ᠪᠥᠬᠥ ᠲᠠᠯ᠎ᠠ᠎ᠪᠠᠷ ᠤᠯᠠᠨ ᠠᠷᠭ᠎ᠠ ᠵᠠᠮ ᠵᠶ᠋ᠠᠷ ᠨᠡᠭᠡᠭᠡᠨ ᠬᠥᠭᠵᠢᠭᠦᠯᠦᠨ᠎ᠡ᠃ ᠢᠳᠡᠰᠢᠨ ᠨᠣᠭᠣᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠩᠭ᠋ᠠᠯᠭ᠎ᠠ ᠵᠢ ᠪᠠᠲᠤᠯᠠᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠣᠮᠣ ᠳᠤᠮᠳᠠ ᠬᠤᠳᠠ ᠵᠢᠨ ᠡᠷᠬᠢᠨ ᠲᠣᠭᠣᠷᠢᠨ᠎ᠤ ᠣᠲᠣ ᠦᠶ᠎ᠡ ᠵᠢᠨ ᠲᠥᠬᠥᠭᠡᠷᠦᠮᠵᠢᠲᠦ ᠲᠠᠷᠢᠶᠠᠯᠠᠩ᠎ᠢ ᠰᠢᠨᠡᠳᠬᠡᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠵᠢᠭ᠋ᠠᠰᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠠᠯᠤᠰ ᠭᠦᠨ ᠲᠡᠯᠡᠢ᠎ᠳᠤ ᠲᠡᠵᠢᠭᠡᠨ ᠦᠷᠡᠵᠢᠭᠦᠯᠬᠦ ᠦᠢ᠍ᠯᠡᠰ᠎ᠢ ᠳᠠᠮᠵᠢᠨ ᠬᠥᠭᠵᠢᠭᠦᠯᠵᠦ᠂ ᠲᠡᠯᠡᠢ ᠳᠡᠭᠡᠷᠡᠬᠢ ᠮᠠᠯᠵᠢᠯ᠎ᠤᠨ ᠲᠠᠯᠠᠪᠠᠢ ᠵᠢ ᠪᠦᠲᠦᠭᠡᠨ ᠪᠠᠢ᠌ᠭᠤᠯᠤᠨ᠎ᠠ᠃ ᠤᠢ ᠰᠢᠭᠤᠢ ᠵᠢᠨ ᠢᠳᠡᠭᠡᠨ᠎ᠤ ᠵᠦᠢ᠍ᠯ᠎ᠢ ᠬᠥᠭᠵᠢᠭᠦᠯᠵᠦ᠂ 《ᠤᠢ ᠰᠢᠭᠤᠢ ᠵᠢᠨ ᠠᠮᠤ ᠪᠤᠳᠠᠭ᠋ᠠᠨ᠎ᠤ ᠬᠥᠮᠥᠷᠭᠡ》 ᠵᠢ ᠪᠠᠶᠠᠯᠢᠭᠵᠢᠭᠤᠯᠤᠨ᠎ᠠ᠃ ᠢᠳᠡᠰᠢᠨ᠎ᠤ ᠮᠥᠬᠥ ᠵᠢᠨ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠵᠠᠮᠠᠭ᠎ᠤᠨ ᠳᠦᠷᠦᠯ᠎ᠤᠨ ᠢᠳᠡᠭᠡᠨ᠎ᠢ ᠨᠡᠭᠡᠭᠡᠨ ᠬᠥᠭᠵᠢᠭᠦᠯᠬᠦ ᠵᠢ ᠠᠬᠢᠭᠤᠯᠤᠨ᠎ᠠ᠃ ᠠᠮᠢᠳᠤ ᠪᠣᠳᠠᠰ᠎ᠤᠨ ᠲᠠᠷᠢᠶᠠᠯᠠᠩ᠎ᠢ ᠪᠣᠢ᠌ᠵᠢᠭᠤᠯᠤᠨ ᠬᠥᠭᠵᠢᠭᠦᠯᠵᠦ᠂ ᠰᠢᠨ᠎ᠡ ᠮᠠᠶᠢᠭ᠎ᠤᠨ ᠢᠳᠡᠭᠡᠨ᠎ᠤ ᠡᠬᠢ ᠪᠠᠶᠠᠯᠢᠭ᠎ᠢ ᠨᠡᠭᠡᠭᠡᠨ᠎ᠡ᠃ ᠠᠮᠤ ᠪᠤᠳᠠᠭ᠎ᠠ ᠪᠠ ᠬᠠᠮ ᠢᠳᠡᠭᠡᠨ᠎ᠤ ᠵᠦᠢ᠍ᠯ᠎ᠢ ᠪᠦᠷᠢᠳᠬᠡᠵᠦ ᠬᠢᠨᠠᠨ ᠬᠡᠮᠵᠢᠬᠦ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ᠎ᠠ᠃ ᠢᠳᠡᠭᠡᠨ᠎ᠤ ᠠᠮᠤᠷ ᠲᠦᠪᠰᠢᠨ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠡᠮ᠎ᠤᠨ ᠦᠯᠡᠳᠡᠭᠳᠡᠯ᠎ᠢ ᠵᠠᠰᠠᠬᠤ ᠠᠵᠢᠯ᠎ᠢ ᠭᠦᠨᠵᠡᠭᠡᠢ᠌ᠷᠡᠭᠦᠯᠵᠦ᠂ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠬᠡᠮᠵᠢᠶ᠎ᠡ ᠵᠢ ᠪᠠᠭ᠋ᠠᠰᠬᠠᠨ ᠬᠡᠷᠡᠭᠯᠡᠬᠦ ᠵᠢ ᠠᠬᠢᠭᠤᠯᠤᠨ᠎ᠠ᠃
(ᠶᠢᠰᠦ) ᠠᠮᠤ ᠪᠤᠳᠠᠭ᠎ᠠ ᠪᠠ ᠢᠳᠡᠭᠡᠨ᠎ᠢ ᠠᠷᠪᠢᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ᠎ᠡ᠃ ᠠᠮᠤ ᠪᠤᠳᠠᠭ᠎ᠠ ᠵᠢ ᠠᠷᠪᠢᠯᠠᠨ ᠭᠠᠮᠨᠠᠬᠤ ᠪᠠ ᠢᠳᠡᠭᠡᠨ᠎ᠢ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠠᠵᠢᠯᠯᠠᠭ᠎ᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠡᠷᠡᠭᠦᠯ ᠴᠢᠭᠢᠷᠠᠭ ᠢᠳᠡᠭᠡᠨ ᠤᠮᠳᠠᠭ᠋ᠠᠨ᠎ᠢ ᠶᠡᠬᠡᠪᠡᠷ ᠰᠠᠨᠠᠭ᠋ᠠᠴᠢᠯᠠᠵᠤ᠂ ᠨᠠᠢ᠌ᠳᠠ ᠵᠢᠨ ᠬᠣᠭᠣᠯᠠᠨ ᠭᠡᠷ᠂ ᠢᠳᠡᠭᠡᠨ ᠤᠮᠳᠠᠭ᠋ᠠᠨ᠎ᠤ ᠪᠠᠢ᠌ᠭᠤᠯᠤᠮᠵᠢ ᠵᠡᠷᠭᠡ ᠵᠢᠨ ᠲᠣᠰᠣ ᠬᠡᠷᠡᠭᠯᠡᠬᠦ ᠵᠢᠯᠣᠭᠣᠳᠤᠯᠭ᠎ᠠ ᠵᠢ ᠴᠢᠩᠭ᠋ᠠᠳᠬᠠᠵᠤ᠂ ᠲᠣᠰᠣ ᠵᠢ ᠪᠠᠭ᠋ᠠᠰᠬᠠᠬᠤ᠂ ᠳᠠᠪᠤᠰᠤ ᠵᠢ ᠪᠠᠭ᠋ᠠᠰᠬᠠᠬᠤ᠂ ᠰᠢᠬᠢᠷ᠎ᠢ ᠪᠠᠭ᠋ᠠᠰᠬᠠᠬᠤ ᠪᠠ ᠪᠦᠷᠢᠨ ᠠᠮᠤ ᠪᠤᠳᠠᠭ᠎ᠠ ᠵᠡᠷᠭᠡ ᠢᠳᠡᠭᠡᠨ ᠤᠮᠳᠠᠭ᠋ᠠᠨ᠎ᠢ ᠳᠡᠯᠭᠡᠷᠡᠭᠦᠯᠦᠨ᠎ᠡ᠃ ᠠᠮᠤ ᠪᠤᠳᠠᠭ᠎ᠠ ᠵᠢ ᠮᠠᠰᠢᠨ ᠵᠶ᠋ᠠᠷ ᠬᠤᠷᠢᠶᠠᠵᠤ ᠬᠣᠬᠢᠷᠠᠯ᠎ᠢ ᠪᠠᠭ᠋ᠠᠰᠬᠠᠬᠤ᠂ ᠵᠣᠬᠢᠰᠲᠠᠢ᠎ᠪᠠᠷ ᠪᠣᠯᠪᠠᠰᠤᠷᠠᠭᠤᠯᠬᠤ ᠪᠠ ᠰᠢᠨᠵᠢᠯᠡᠬᠦ ᠤᠬᠠᠭ᠋ᠠᠨᠴᠢ᠎ᠪᠠᠷ ᠬᠠᠳᠠᠭ᠋ᠠᠯᠠᠬᠤ ᠵᠢ ᠲᠦᠯᠬᠢᠨ ᠠᠬᠢᠭᠤᠯᠤᠨ᠎ᠠ᠃
ᠬᠣᠶᠠᠷ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠨ᠎ᠡ
(ᠠᠷᠪᠠ) ᠬᠡᠪᠴᠢᠶᠡᠵᠢᠯ᠎ᠤᠨ ᠴᠢᠨᠠᠷᠲᠠᠢ᠎ᠪᠠᠷ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠢ᠌ᠳᠠᠯ ᠭᠠᠷᠬᠤ ᠦᠭᠡᠢ ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ 《ᠭᠤᠷᠪᠠ ᠵᠢ ᠪᠠᠲᠤᠯᠠᠬᠤ》 ᠪᠠ ᠤᠤᠭᠤᠬᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠣᠨᠳᠣᠣ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠦᠷᠬᠦᠯᠵᠢᠯᠡᠨ ᠬᠠᠪᠰᠤᠷᠤᠨ ᠲᠡᠳᠬᠦᠬᠦ ᠵᠢ ᠴᠢᠩᠭ᠋ᠠᠳᠬᠠᠨ᠂ ᠦᠵᠡᠯ ᠰᠠᠨᠠᠭ᠎ᠠ ᠰᠤᠯᠠᠷᠠᠵᠤ᠂ ᠠᠵᠢᠯ ᠰᠤᠯᠠᠷᠠᠬᠤ ᠵᠢ ᠰᠡᠷᠭᠡᠢ᠌ᠯᠡᠨ᠎ᠡ᠃ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠲᠦᠭᠰᠢᠭᠦᠷᠢ ᠣᠷᠣᠰᠢᠵᠤ ᠪᠠᠢ᠌ᠭ᠎ᠠ ᠲᠠᠷᠢᠶᠠᠴᠢᠨ ᠡᠷᠦᠬᠡ ᠵᠢ ᠴᠠᠭ ᠲᠤᠬᠠᠢᠳᠤᠨᠢ ᠬᠠᠪᠰᠤᠷᠤᠨ ᠲᠡᠳᠬᠦᠬᠦ ᠬᠡᠪᠴᠢᠶᠡᠨ᠎ᠳᠤ ᠣᠷᠣᠭᠤᠯᠤᠨ᠎ᠠ᠃ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠵᠢ ᠰᠡᠷᠭᠡᠢ᠌ᠯᠡᠬᠦ ᠠᠵᠢᠯ ᠣᠯᠭᠣᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠤᠨ ᠠᠵᠢᠯ ᠣᠯᠭᠣᠯᠲᠠ ᠵᠢ ᠰᠢᠩᠭᠡᠬᠡᠨ ᠠᠪᠬᠤ ᠴᠢᠳᠠᠪᠤᠷᠢ ᠵᠢ ᠨᠡᠮᠡᠭᠳᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠬᠢᠬᠦ ᠬᠡᠪᠴᠢᠶ᠎ᠡ ᠪᠠ ᠣᠷᠣᠯᠭ᠎ᠠ ᠵᠢ ᠲᠣᠭᠲᠠᠪᠤᠷᠢᠵᠢᠭᠤᠯᠤᠨ᠎ᠠ᠃ ᠪᠡᠬᠢᠵᠢᠭᠦᠯᠬᠦ᠂ ᠲᠡᠰ ᠳᠡᠪᠰᠢᠭᠦᠯᠬᠦ᠂ ᠠᠮᠢᠳᠤᠯᠢᠭ ᠪᠣᠯᠭ᠋ᠠᠬᠤ᠂ ᠲᠣᠬᠢᠷᠠᠭᠤᠯᠬᠤ ᠵᠠᠷᠴᠢᠮ ᠶᠣᠰᠣᠭ᠋ᠠᠷ᠂ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠳᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠂ ᠡᠮ ᠡᠮᠨᠡᠯᠭᠡ᠂ ᠰᠤᠷᠭ᠋ᠠᠨ ᠬᠥᠮᠦᠵᠢᠯ᠎ᠤᠨ ᠺᠠᠳ᠋ᠷ ᠴᠢᠳᠠᠪᠤᠷᠢᠲᠠᠨ᠎ᠤ 《ᠪᠦᠯᠬᠦᠮ ᠪᠠᠢ᠌ᠭᠤᠯᠬᠤ ᠮᠠᠶᠢᠭ》᠎ᠤᠨ ᠬᠠᠪᠰᠤᠷᠤᠨ ᠲᠡᠳᠬᠦᠬᠦ ᠠᠵᠢᠯ᠎ᠢ ᠭᠦᠨᠵᠡᠭᠡᠢ ᠥᠷᠨᠢᠭᠦᠯᠦᠨ᠎ᠡ᠃ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠲᠠᠪᠴᠠᠩ᠎ᠤᠨ ᠠᠵᠤ ᠠᠬᠤᠢ᠌ᠯᠠᠯ ᠪᠠ ᠦᠢ᠍ᠯᠡᠳᠬᠦᠨ᠎ᠤ ᠬᠠᠮᠢᠶᠠᠷᠤᠯᠲᠠ ᠵᠢ ᠴᠢᠩᠭ᠋ᠠᠳᠬᠠᠨ᠎ᠠ᠃
(ᠠᠷᠪᠠᠨ ᠨᠢᠭᠡ) ᠬᠥᠳᠡᠭᠡ ᠲᠣᠰᠬᠤᠨ᠎ᠤ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠵᠢ ᠰᠡᠷᠭᠡᠢ᠌ᠯᠡᠬᠦ ᠲᠣᠭᠲᠠᠴᠠ ᠪᠠ ᠣᠷᠣᠯᠭ᠎ᠠ ᠪᠠᠭ᠋ᠠᠲᠠᠢ ᠬᠥᠮᠥᠨ ᠠᠮᠠ᠂ ᠬᠥᠭᠵᠢᠭᠡᠳᠦᠢ ᠭᠠᠵᠠᠷ ᠣᠷᠣᠨ᠎ᠤ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠪᠠᠢ᠌ᠭᠤᠯᠤᠯ᠎ᠢ ᠨᠢᠭᠡᠳᠦᠯᠲᠡᠢ ᠲᠥᠯᠥᠪᠵᠢᠭᠦᠯᠦᠨ ᠪᠠᠢ᠌ᠭᠤᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠶᠡᠷᠦᠩᠬᠡᠢ ᠦᠨᠡᠯᠡᠯᠲᠡ ᠵᠢᠨ ᠠᠵᠢᠯ᠎ᠢ ᠥᠷᠨᠢᠭᠦᠯᠵᠦ᠂ ᠰᠢᠯᠵᠢᠯᠲᠡ ᠵᠢᠨ ᠬᠤᠭᠤᠴᠠᠭ᠋ᠠᠨ᠎ᠤ ᠳᠠᠷᠠᠭ᠋ᠠᠬᠢ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠰᠤᠳᠤᠯᠤᠨ ᠲᠣᠭᠲᠠᠭ᠋ᠠᠨ᠎ᠠ᠃ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠴᠢ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠵᠢ ᠰᠡᠷᠭᠡᠢ᠌ᠯᠡᠬᠦ ᠡᠲᠡᠭᠡᠳ᠎ᠢ ᠢᠯᠭ᠋ᠠᠨ ᠲᠠᠨᠢᠵᠤ ᠮᠠᠭ᠋ᠠᠳᠯᠠᠨ ᠲᠣᠭᠲᠠᠭ᠋ᠠᠬᠤ ᠠᠵᠢᠯ᠎ᠢ ᠨᠢᠭᠡᠳᠦᠯᠲᠡᠢ ᠲᠥᠯᠥᠪᠯᠡᠨ ᠥᠷᠨᠢᠭᠦᠯᠦᠨ᠎ᠡ᠃ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠬᠥᠭᠵᠢᠭᠡᠬᠦ ᠵᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ᠎ᠲᠠᠢ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠨᠡᠭᠡᠭᠡᠨ ᠬᠥᠭᠵᠢᠭᠦᠯᠬᠦ ᠮᠠᠶᠢᠭ ᠵᠶ᠋ᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠨᠡᠢ᠌ᠭᠡᠮ᠎ᠤᠨ ᠠᠪᠤᠷᠠᠨ ᠲᠤᠰᠠᠯᠠᠵᠤ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢ ᠴᠢᠩᠭ᠋ᠠᠳᠬᠠᠵᠤ᠂ ᠬᠥᠭᠵᠢᠯᠲᠡ᠎ᠪᠠᠷ ᠠᠨᠠᠢ ᠭᠠᠵᠠᠷ ᠣᠷᠣᠨ᠎ᠢ ᠬᠥᠭᠵᠢᠭᠦᠯᠦᠨ ᠮᠠᠨᠳᠤᠭᠤᠯᠬᠤ ᠵᠢ ᠳᠠᠮᠵᠢᠵᠤ᠂ ᠱᠠᠲᠤ ᠬᠤᠪᠢᠶᠠᠨ ᠳᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ᠎ᠢ ᠪᠠᠢ᠌ᠭᠤᠯᠵᠤ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠮᠵᠢᠯᠴᠠᠭ᠎ᠠ᠂ ᠴᠡᠭ ᠲᠣᠭᠲᠠᠭ᠋ᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ᠎ᠪᠠᠷ ᠳᠠᠮᠵᠢᠭᠤᠯᠤᠨ ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃
(ᠠᠷᠪᠠᠨ ᠬᠣᠶᠠᠷ) ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠤᠯᠤᠰ᠎ᠠᠴᠠ ᠣᠷᠣᠭᠤᠯᠤᠯᠲᠠ ᠬᠢᠵᠦ ᠡᠳ᠋ ᠬᠥᠷᠥᠩᠭᠡ ᠪᠦᠷᠢᠯᠳᠦᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠢ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠤᠯᠤᠰ᠎ᠠᠴᠠ ᠣᠷᠣᠭᠤᠯᠤᠯᠲᠠ ᠬᠢᠵᠦ ᠪᠦᠷᠢᠯᠳᠦᠭᠰᠡᠨ ᠡᠳ᠋ ᠬᠥᠷᠥᠩᠭᠡ ᠵᠢ ᠪᠦᠬᠦ ᠲᠠᠯ᠎ᠠ᠎ᠪᠠᠷ ᠢᠯᠭ᠋ᠠᠷᠠᠭᠤᠯᠤᠨ ᠪᠠᠢ᠌ᠴᠠᠭ᠋ᠠᠵᠤ᠂ ᠡᠳ᠋ ᠬᠥᠷᠥᠩᠭᠡ ᠵᠢ ᠲᠠᠩᠰᠠᠯᠠᠨ ᠬᠠᠮᠢᠶᠠᠷᠬᠤ ᠨᠢᠭᠡᠳᠦᠯᠲᠡᠢ ᠡᠬᠡ ᠲᠠᠩᠰᠠ ᠵᠢ ᠪᠠᠢ᠌ᠭᠤᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢ᠍ᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠡᠳ᠋ ᠬᠥᠷᠥᠩᠭᠡ ᠵᠢᠨ ᠪᠦᠷᠢᠯᠳᠦᠬᠦ᠂ ᠡᠷᠬᠡ ᠵᠢ ᠨᠤᠲᠠᠯᠠᠨ ᠰᠢᠯᠵᠢᠭᠦᠯᠦᠨ ᠲᠤᠰᠢᠶᠠᠬᠤ᠂ ᠬᠠᠮᠢᠶᠠᠷᠴᠤ ᠬᠠᠮᠠᠭ᠋ᠠᠯᠠᠨ ᠡᠵᠡᠩᠨᠡᠬᠦ᠂ ᠠᠰᠢᠭ ᠣᠷᠣᠯᠭ᠎ᠠ ᠵᠢ ᠬᠤᠪᠢᠶᠠᠷᠢᠯᠠᠬᠤ ᠵᠡᠷᠭᠡ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠵᠦ᠂ ᠡᠵᠡᠩᠨᠡᠯᠲᠡ ᠵᠢᠨ ᠴᠢᠨᠠᠷᠲᠠᠢ ᠡᠳ᠋ ᠬᠥᠷᠥᠩᠭᠡ ᠵᠢᠨ ᠥᠷᠲᠡᠭ᠎ᠢ ᠪᠠᠲᠤᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠡᠳ᠋ ᠬᠥᠷᠥᠩᠭᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠬᠤ ᠵᠢ ᠠᠬᠢᠭᠤᠯᠤᠨ᠎ᠠ᠃ ᠡᠳ᠋ ᠬᠥᠷᠥᠩᠭᠡ ᠵᠢ ᠲᠥᠷᠥᠯ ᠬᠤᠪᠢᠶᠠᠨ ᠰᠢᠢ᠍ᠳᠪᠦᠷᠢᠯᠡᠬᠦ ᠳᠦᠷᠢᠮ᠎ᠢ ᠲᠡᠭᠦᠯᠳᠡᠷᠵᠢᠭᠦᠯᠵᠦ᠂ ᠡᠯ᠎ᠡ ᠭᠠᠵᠠᠷ᠎ᠤᠨ ᠦᠷ᠎ᠡ ᠠᠰᠢᠭ ᠵᠶ᠋ᠠᠷ ᠳᠣᠣᠷ᠎ᠠ ᠰᠤᠯᠠ ᠪᠠᠢ᠌ᠭ᠎ᠠ ᠡᠳ᠋ ᠬᠥᠷᠥᠩᠭᠡ ᠵᠢ ᠠᠮᠢᠳᠤᠯᠢᠭ ᠪᠣᠯᠭ᠋ᠠᠬᠤ ᠵᠢ ᠳᠡᠮᠵᠢᠨ᠎ᠡ᠃
ᠭᠤᠷᠪᠠ᠂ ᠰᠢᠶᠠᠨ᠎ᠤ ᠬᠡᠪᠴᠢᠶᠡᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠬᠦᠴᠦᠯᠡᠨ ᠪᠤᠵᠠᠭ᠋ᠠᠢ᠌ᠷᠠᠭᠤᠯᠤᠨ᠎ᠠ
(ᠠᠷᠪᠠᠨ ᠭᠤᠷᠪᠠ) ᠬᠥᠳᠡᠭᠡ ᠲᠣᠰᠬᠤᠨ᠎ᠤ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠦᠨ᠎ᠡ᠃ ᠵᠠᠬ᠎ᠠ ᠳᠡᠯᠭᠡᠭᠦᠷ᠎ᠤᠨ ᠵᠢᠮ᠎ᠡ ᠶᠣᠰᠣ᠎ᠪᠠᠷ ᠠᠵᠢᠯᠯᠠᠬᠤ ᠵᠢ ᠪᠠᠷᠢᠮᠲᠠᠯᠠᠵᠤ᠂ ᠪᠣᠬᠢᠷᠲᠤᠯ ᠦᠭᠡᠢ᠂ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠢ ᠲᠠᠷᠢᠵᠤ ᠲᠡᠵᠢᠭᠡᠬᠦ ᠵᠢ ᠶᠡᠬᠡᠪᠡᠷ ᠬᠥᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠵᠤ᠂ ᠲᠠᠷᠢᠶᠠᠯᠠᠩ᠎ᠤᠨ ᠨᠡᠷᠡᠲᠦ ᠲᠡᠮᠳᠡᠭᠲᠦ ᠰᠣᠳᠣᠨ ᠪᠦᠲᠦᠭᠡᠭᠳᠡᠬᠦᠨ᠎ᠢ ᠪᠣᠢ᠌ᠵᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ᠎ᠤᠨ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠣᠯᠭ᠋ᠠᠵᠤ᠂ ᠲᠠᠷᠢᠶᠠᠯᠠᠩ᠎ᠤᠨ ᠠᠵᠤ ᠦᠢ᠍ᠯᠡᠰᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ᠎ᠤ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠦᠢ᠍ᠯᠡᠰ᠎ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ᠎ᠤ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠣᠢ᠌ᠵᠢᠭᠤᠯᠤᠨ᠎ᠠ᠃ ᠬᠥᠳᠡᠭᠡ ᠲᠣᠰᠬᠤᠨ᠎ᠤ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠠᠵᠤ ᠦᠢ᠍ᠯᠡᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠵᠢ ᠥᠷᠨᠢᠭᠦᠯᠵᠦ᠂ ᠬᠥᠳᠡᠭᠡ ᠲᠣᠰᠬᠤᠨ᠎ᠤ ᠵᠢᠭᠤᠯᠴᠢᠯᠠᠯ᠎ᠢ ᠣᠨᠴᠠᠯᠢᠬ᠍ᠵᠢᠭᠤᠯᠬᠤ᠂ ᠣᠭᠢ ᠮᠡᠷᠭᠡᠵᠢᠭᠦᠯᠬᠦ᠂ ᠵᠢᠷᠤᠮᠵᠢᠭᠤᠯᠬᠤ ᠲᠦᠪᠰᠢᠨ᠎ᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠬᠦᠨ ᠪᠠ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠣᠲᠣ ᠦᠶ᠎ᠡ ᠵᠢᠨ ᠭᠦᠢ᠍ᠯᠭᠡᠭᠡᠨ᠎ᠤ ᠲᠣᠣᠷ᠎ᠢ ᠲᠦᠷᠭᠡᠪᠴᠢᠯᠡᠨ ᠪᠠᠢ᠌ᠭᠤᠯᠵᠤ᠂ ᠡᠯ᠎ᠡ ᠳᠦᠷᠦᠯ᠎ᠤᠨ ᠪᠡᠶᠡᠴᠢ ᠴᠣᠭᠴᠠ ᠵᠢᠨ ᠬᠠᠩᠭ᠋ᠠᠯᠭ᠎ᠠ ᠵᠢᠨ ᠬᠡᠯᠬᠢᠶ᠎ᠡ ᠵᠢ ᠬᠠᠮᠵᠢᠯᠴᠠᠨ ᠬᠠᠮᠲᠤ᠎ᠪᠠᠷ ᠪᠠᠢ᠌ᠭᠤᠯᠬᠤ ᠵᠢ ᠳᠡᠮᠵᠢᠨ᠎ᠡ᠃ ᠬᠥᠳᠡᠭᠡ ᠲᠣᠰᠬᠤᠨ᠎ᠤ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠤᠨ᠎ᠠ᠃
(ᠠᠷᠪᠠᠨ ᠳᠥᠷᠪᠡ) ᠲᠠᠷᠢᠶᠠᠯᠠᠬᠤ ᠡᠷᠦᠬᠡ᠎ᠲᠠᠢ ᠬᠣᠯᠪᠤᠭ᠋ᠠᠯᠠᠨ ᠲᠠᠷᠢᠶᠠᠴᠢᠨ᠎ᠢ ᠳᠠᠢ᠌ᠴᠢᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠲᠠᠷᠢᠶᠠᠴᠢᠨ ᠡᠷᠦᠬᠡ ᠵᠢᠨ ᠣᠷᠣᠯᠭ᠎ᠠ ᠵᠢ ᠨᠡᠮᠡᠭᠳᠡᠭᠦᠯᠬᠦ ᠵᠢ ᠳᠠᠢ᠌ᠴᠢᠯᠠᠬᠤ᠎ᠲᠠᠢ ᠬᠣᠯᠪᠣᠭᠳᠠᠭᠤᠯᠬᠤ ᠲᠣᠭᠲᠠᠴᠠ ᠵᠢ ᠪᠦᠷᠢᠨᠰᠢᠭᠦᠯᠵᠦ᠂ ᠲᠠᠷᠢᠶᠠᠯᠠᠬᠤ ᠡᠷᠦᠬᠡ᠎ᠲᠠᠢ ᠬᠣᠯᠪᠤᠭ᠋ᠠᠯᠠᠨ ᠲᠠᠷᠢᠶᠠᠴᠢᠨ᠎ᠢ ᠳᠠᠢ᠌ᠴᠢᠯᠠᠬᠤ ᠵᠢ ᠲᠥᠷᠥ ᠵᠢᠨ ᠪᠣᠳᠣᠯᠭ᠎ᠠ ᠵᠢᠨ ᠬᠡᠯᠪᠡᠢ᠌ᠯᠳᠡ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃ ᠠᠵᠤ ᠠᠬᠤᠢ᠌ᠯᠠᠯ᠂ ᠲᠠᠷᠢᠶᠠᠴᠢᠳ᠎ᠤᠨ ᠬᠣᠷᠰᠢᠶ᠎ᠠ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠬᠢᠭᠡᠳ ᠲᠠᠷᠢᠶᠠᠴᠢᠨ ᠡᠷᠦᠬᠡ ᠵᠡᠷᠭᠡ ᠵᠢᠨ ᠨᠢᠭᠲᠠ ᠬᠣᠯᠪᠣᠭ᠋ᠠᠯᠠᠬᠤ ᠪᠠ ᠬᠣᠷᠰᠢᠯᠴᠠᠬᠤ ᠵᠢ ᠬᠥᠲᠥᠯᠥᠨ ᠵᠢᠯᠤᠭᠣᠳᠴᠤ᠂ ᠨᠠᠭ᠋ᠠᠯᠳᠤ ᠵᠠᠬ᠎ᠠ ᠵᠢᠨ ᠣᠷᠣᠯᠭ᠎ᠠ ᠵᠢ ᠪᠠᠲᠤᠯᠠᠨ ᠬᠤᠪᠢᠶᠠᠷᠢᠯᠠᠬᠤ᠂ ᠬᠤᠪᠢ ᠣᠷᠣᠭᠤᠯᠬᠤ᠂ ᠦᠢ᠍ᠯᠡᠴᠢᠯᠡᠭᠡ᠎ᠪᠠᠷ ᠳᠠᠢ᠌ᠴᠢᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠠᠷᠢᠶᠠᠴᠢᠳ᠎ᠲᠤ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠠᠰᠢᠭ ᠣᠷᠣᠯᠭ᠎ᠠ ᠵᠢ ᠨᠡᠩ ᠢᠯᠡᠭᠦᠦ ᠡᠳ᠋ᠯᠡᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ᠎ᠤ ᠬᠦᠷᠢᠶᠡᠨ᠎ᠳᠠᠬᠢ ᠨᠡᠢ᠌ᠭᠡᠮ᠎ᠤᠨ ᠪᠡᠯᠡ ᠣᠷᠣᠭᠤᠯᠤᠯᠲᠠ ᠵᠢ ᠵᠢᠷᠤᠮᠵᠢᠭᠤᠯᠤᠨ ᠬᠥᠲᠥᠯᠥᠨ ᠵᠢᠯᠤᠭᠣᠳᠴᠤ᠂ ᠠᠶᠤᠯ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃
(ᠠᠷᠪᠠᠨ ᠲᠠᠪᠤ) ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠨ᠎ᠡ᠃ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠭᠡᠷ ᠪᠦᠯᠢ ᠵᠢᠨ ᠡᠵᠡᠩᠨᠡᠯᠲᠡ᠎ᠳᠤ ᠲᠣᠬᠢᠷᠠᠬᠤ ᠠᠵᠤ ᠦᠢ᠍ᠯᠡᠰ᠎ᠤᠨ ᠲᠥᠷᠥᠯ ᠵᠦᠢ᠍ᠯᠡᠰ᠎ᠢ ᠬᠥᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠦᠷᠢᠶ᠎ᠡ ᠬᠠᠰᠢᠶ᠎ᠠ ᠵᠢᠨ ᠠᠵᠤ ᠠᠬᠤᠢ᠂ ᠤᠢ ᠳᠣᠲᠣᠷᠠᠬᠢ ᠠᠵᠤ ᠠᠬᠤᠢ᠂ ᠠᠷᠠᠳ᠎ᠤᠨ ᠤᠯᠠᠮᠵᠢᠯᠠᠯᠳᠤ ᠰᠠᠭᠤᠴᠠ ᠵᠢᠨ ᠠᠵᠤ ᠠᠬᠤᠢ ᠵᠢ ᠬᠥᠭᠵᠢᠭᠦᠯᠦᠨ᠎ᠡ᠃ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠠᠵᠢᠯ ᠣᠯᠭᠣᠯᠲᠠ ᠵᠢᠨ ᠦᠢ᠍ᠯᠡᠴᠢᠯᠡᠭᠡ ᠪᠠ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠴᠢᠩᠭ᠋ᠠᠳᠬᠠᠵᠤ᠂ ᠥᠪᠡᠷᠮᠢᠴᠡ ᠣᠨᠴᠠᠯᠢᠭ ᠪᠦᠬᠦᠢ ᠬᠥᠳᠡᠯᠮᠦᠷᠢ ᠦᠢ᠍ᠯᠡᠴᠢᠯᠡᠭᠡᠨ᠎ᠤ ᠳᠦᠷᠦᠯ ᠲᠡᠮᠳᠡᠭ᠎ᠢ ᠪᠣᠢ᠌ᠵᠢᠭᠤᠯᠤᠨ ᠲᠠᠨᠢᠯᠴᠠᠭᠤᠯᠤᠨ᠎ᠠ᠃ ᠭᠡᠷ ᠠᠬᠤᠢ ᠵᠢᠨ ᠦᠢ᠍ᠯᠡᠴᠢᠯᠡᠭᠡ᠎ᠪᠠᠷ ᠬᠥᠳᠡᠭᠡ ᠲᠣᠰᠬᠤᠨ᠎ᠢ ᠬᠥᠭᠵᠢᠭᠦᠯᠬᠦ ᠠᠵᠢᠯᠯᠠᠭ᠎ᠠ ᠵᠢ ᠲᠦᠯᠬᠢᠨ ᠠᠬᠢᠭᠤᠯᠤᠨ᠎ᠠ᠃ ᠨᠠᠰᠤ ᠠᠬᠢᠭᠰᠠᠨ ᠬᠥᠯᠥᠰᠦᠨ ᠠᠵᠢᠯᠴᠢᠨ᠎ᠤ ᠠᠵᠢᠯ ᠣᠯᠭᠣᠯᠲᠠ ᠵᠢ ᠲᠡᠳᠬᠦᠨ ᠳᠡᠮᠵᠢᠬᠦ ᠠᠵᠢᠯ᠎ᠢ ᠴᠢᠩᠭ᠋ᠠᠳᠬᠠᠨ᠎ᠠ᠃ ᠬᠥᠯᠥᠰᠦᠨ ᠠᠵᠢᠯᠴᠢᠨ᠎ᠤ ᠴᠠᠯᠢᠩ ᠥᠭᠬᠦ ᠪᠠᠲᠤᠯᠠᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠠᠮᠤᠷᠬᠤ ᠪᠠ ᠪᠦᠲᠦᠮᠵᠢᠲᠡᠢ᠎ᠪᠠᠷ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠡᠯ᠎ᠡ ᠵᠦᠢ᠍ᠯ᠎ᠤᠨ ᠴᠠᠯᠢᠩ ᠥᠷᠢᠲᠦᠬᠦ ᠠᠰᠠᠭᠤᠳᠠᠯ᠎ᠢ ᠬᠠᠤᠯᠢ ᠶᠣᠰᠣᠭ᠋ᠠᠷ ᠵᠠᠯᠠᠷᠠᠭᠤᠯᠤᠨ ᠵᠠᠰᠠᠨ᠎ᠠ᠃ ᠲᠤᠰ ᠲᠤᠰ᠎ᠤᠨ ᠣᠨᠴᠠᠯᠢᠭ ᠪᠦᠬᠦᠢ ᠰᠢᠶᠠᠨ᠎ᠤ ᠬᠡᠪᠴᠢᠶᠡᠨ᠎ᠤ ᠠᠵᠤ ᠠᠬᠤᠢ ᠵᠢ ᠬᠥᠭᠵᠢᠭᠦᠯᠵᠦ᠂ ᠠᠵᠢᠯ ᠣᠯᠭᠣᠯᠲᠠ ᠵᠢᠨ ᠪᠠᠭᠲᠠᠭ᠋ᠠᠮᠵᠢ᠎ᠪᠠᠷ ᠶᠡᠬᠡ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠳᠠᠮᠵᠢᠨ ᠬᠥᠭᠵᠢᠭᠦᠯᠵᠦ᠂ ᠲᠠᠷᠢᠶᠠᠴᠢᠳ᠎ᠤᠨ ᠣᠢ᠌ᠷ᠎ᠠ ᠬᠠᠪᠢ᠎ᠳᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ᠃ ᠲᠣᠭ᠋ᠠᠴᠢᠯᠠᠭᠰᠠᠨ ᠬᠥᠳᠡᠭᠡ ᠲᠣᠰᠬᠤᠨ᠎ᠤ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠤᠰᠬᠠᠢ ᠠᠵᠢᠯᠯᠠᠭ᠎ᠠ ᠵᠢ ᠬᠡᠷᠡᠭᠵᠢᠭᠦᠯᠦᠨ᠎ᠡ᠃ ᠬᠥᠳᠡᠯᠮᠦᠷᠢ᠎ᠪᠠᠷ ᠲᠡᠳᠬᠦᠮᠵᠢ ᠵᠢ ᠣᠷᠣᠯᠠᠭᠤᠯᠬᠤ ᠲᠥᠷᠥᠯ ᠵᠦᠢ᠍ᠯᠡᠰ᠎ᠢ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠵᠦ᠂ ᠭᠣᠣᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯᠡᠰ ᠪᠠ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠵᠢ ᠳᠡᠯᠭᠡᠷᠡᠭᠦᠯᠦᠨ᠎ᠡ᠃
ᠳᠥᠷᠪᠡ᠂ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠤᠨ᠎ᠠ
(ᠠᠷᠪᠠᠨ ᠵᠢᠷᠭᠤᠭ᠎ᠠ) ᠰᠢᠶᠠᠨ᠎ᠤ ᠬᠡᠪᠴᠢᠶᠡᠨ᠎ᠤ ᠬᠤᠳᠠ ᠬᠥᠳᠡᠭᠡ ᠵᠢᠨ ᠲᠥᠯᠦᠪᠵᠢᠭᠦᠯᠭᠡ ᠵᠢᠨ ᠪᠠᠢ᠌ᠷᠢᠯᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ᠎ᠡ᠃ ᠬᠥᠮᠥᠨ ᠠᠮᠠ ᠵᠢᠨ ᠬᠤᠪᠢᠷᠠᠯᠲᠠ ᠵᠢᠨ ᠬᠠᠨᠳᠤᠰᠢ᠎ᠳᠤ ᠵᠣᠬᠢᠴᠠᠭᠤᠯᠤᠨ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠰᠢᠶᠠᠨ ᠰᠢᠶᠠᠩ᠎ᠤᠨ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢᠨ ᠣᠷᠣᠨ ᠵᠠᠢ ᠵᠢ ᠨᠢᠭᠡᠳᠦᠯᠲᠡᠢ ᠲᠥᠯᠥᠪᠵᠢᠭᠦᠯᠬᠦ ᠪᠠ ᠡᠯᠧᠮᠧᠨ᠋ᠲ᠎ᠤᠨ ᠪᠠᠲᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠣᠲᠠ ᠬᠥᠳᠡᠭᠡ ᠵᠢᠨ ᠠᠵᠤ ᠦᠢ᠍ᠯᠡᠰ᠎ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠤᠯᠠᠨ ᠨᠠᠢ᠌ᠳᠠ ᠵᠢᠨ ᠦᠢ᠍ᠯᠡᠴᠢᠯᠡᠭᠡ ᠵᠢ ᠨᠢᠭᠡ ᠴᠣᠭᠴᠠᠵᠢᠭᠤᠯᠬᠤ ᠵᠢ ᠠᠬᠢᠭᠤᠯᠤᠨ᠎ᠠ᠃ ᠠᠢ᠌ᠯ ᠲᠣᠰᠬᠤᠨ᠎ᠤ ᠲᠥᠯᠦᠪᠵᠢᠭᠦᠯᠭᠡ ᠵᠢᠨ ᠣᠷᠣᠨ ᠲᠣᠭ᠎ᠠ ᠵᠢᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠢ᠌ᠯ ᠲᠣᠰᠬᠤᠨ᠎ᠤ ᠲᠥᠯᠦᠪᠵᠢᠭᠦᠯᠭᠡ ᠵᠢᠨ ᠣᠷᠣᠨ ᠲᠣᠭ᠎ᠠ ᠵᠢ ᠪᠦᠬᠦᠨ᠎ᠢ ᠬᠠᠮᠤᠷᠤᠭᠤᠯᠬᠤ᠎ᠪᠠᠷ ᠱᠠᠭ᠋ᠠᠷᠳᠠᠵᠤ ᠪᠣᠯᠬᠤ ᠦᠭᠡᠢ᠂ ᠣᠷᠣᠨ ᠲᠣᠭ᠎ᠠ ᠱᠠᠭ᠋ᠠᠷᠳᠠᠬᠤ ᠦᠭᠡᠢ ᠪᠠᠢ᠌ᠪᠠᠯ ᠰᠢᠶᠠᠨ ᠰᠢᠶᠠᠩ᠎ᠤᠨ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ᠎ᠳᠤ ᠬᠠᠮᠢᠶᠠᠷᠤᠨ ᠡᠵᠡᠮᠳᠡᠵᠦ ᠬᠥᠲᠥᠯᠥᠨ ᠵᠢᠯᠤᠭᠣᠳᠬᠤ ᠪᠤᠶᠤ ᠶᠡᠷᠦᠩᠬᠡᠢ ᠳᠦᠷᠢᠮ ᠮᠠᠶᠢᠭ᠎ᠤᠨ ᠬᠠᠮᠢᠶᠠᠷᠤᠯᠲᠠ ᠵᠢᠨ ᠲᠣᠭᠲᠠᠭ᠋ᠠᠯ ᠭᠠᠷᠭ᠋ᠠᠵᠤ ᠪᠣᠯᠣᠨ᠎ᠠ᠃ ᠠᠢ᠌ᠯ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ ᠪᠠ ᠲᠠᠰ ᠳᠠᠷᠠᠭ᠋ᠠᠯᠠᠯ᠎ᠢ ᠵᠦᠢ ᠵᠣᠬᠢᠰᠲᠠᠢ ᠲᠣᠭᠲᠠᠭ᠋ᠠᠵᠤ᠂ ᠨᠢᠭᠡᠳᠦᠯᠲᠡᠢ ᠲᠥᠯᠥᠪᠯᠡᠨ ᠪᠦᠲᠦᠭᠡᠨ ᠪᠠᠢ᠌ᠭᠤᠯᠬᠤ ᠪᠠ ᠬᠠᠮᠢᠶᠠᠷᠤᠨ ᠬᠠᠮᠠᠭ᠋ᠠᠯᠠᠵᠤ᠂ ᠭᠠᠵᠠᠷ ᠣᠷᠣᠨ᠎ᠤ ᠣᠨᠴᠠᠯᠢᠭ᠎ᠲᠠᠢ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ ᠵᠢᠨ ᠵᠠᠭᠪᠤᠷ᠎ᠢ ᠬᠠᠢ᠌ᠨ ᠰᠦᠪᠡᠭᠴᠢᠯᠡᠨ᠎ᠡ᠃ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠦᠭᠡᠢ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠪᠠᠢ᠌ᠷᠢᠰᠢᠯ᠎ᠢ ᠦᠨᠳᠦᠰᠦᠨ᠎ᠳᠡᠭᠡᠨ ᠲᠣᠭᠲᠠᠭᠤᠨ ᠪᠠᠢ᠌ᠯᠭ᠋ᠠᠬᠤ ᠤᠷᠢᠲᠠᠯ ᠳᠣᠣᠷ᠎ᠠ᠂ ᠰᠢᠶᠠᠨ᠎ᠤ ᠬᠡᠪᠴᠢᠶ᠎ᠡ᠎ᠪᠠᠷ ᠨᠢᠭᠡᠳᠦᠯᠲᠡᠢ ᠲᠥᠯᠥᠪᠵᠢᠭᠦᠯᠬᠦ ᠨᠢᠭᠡᠴᠢ ᠪᠣᠯᠭ᠋ᠠᠭᠰᠠᠨ᠂ ᠰᠢᠶᠠᠩ ᠪᠠᠯᠭ᠋ᠠᠰᠤ᠎ᠪᠠᠷ ᠦᠨᠳᠦᠰᠦᠨ ᠬᠡᠷᠡᠭᠵᠢᠭᠦᠯᠬᠦ ᠨᠢᠭᠡᠴᠢ ᠪᠣᠯᠭ᠋ᠠᠭᠰᠠᠨ ᠪᠥᠬᠥ ᠬᠡᠪᠴᠢᠶᠡᠨ᠎ᠤ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠥᠷᠨᠢᠭᠦᠯᠦᠨ᠎ᠡ᠃
(ᠠᠷᠪᠠᠨ ᠲᠤᠯᠤᠭ᠎ᠠ) ᠰᠠᠭᠤᠷᠢ ᠪᠡᠯᠡᠳᠬᠡᠮᠵᠢ ᠵᠢ ᠬᠥᠳᠡᠭᠡ ᠲᠣᠰᠬᠤᠨ ᠲᠡᠢ᠌ᠰᠢ ᠤᠷᠲᠤᠳᠬᠠᠬᠤ ᠵᠢ ᠲᠦᠯᠬᠢᠨ ᠠᠬᠢᠭᠤᠯᠤᠨ᠎ᠠ᠃ ᠬᠣᠲᠠ ᠬᠥᠳᠡᠭᠡ ᠵᠢᠨ ᠤᠰᠤ ᠬᠠᠩᠭ᠋ᠠᠬᠤ ᠵᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭ᠋ᠠᠬᠤ ᠵᠢ ᠬᠡᠪᠴᠢᠶᠡᠵᠢᠭᠦᠯᠬᠦ᠂ ᠵᠢᠵᠢᠭ ᠬᠡᠯᠪᠡᠷᠢ ᠵᠢᠨ ᠤᠰᠤ ᠬᠠᠩᠭ᠋ᠠᠬᠤ ᠵᠢ ᠵᠢᠷᠤᠮᠵᠢᠭᠤᠯᠬᠤ ᠪᠦᠲᠦᠭᠡᠨ ᠪᠠᠢ᠌ᠭᠤᠯᠤᠯᠲᠠ ᠵᠢ ᠲᠥᠷᠥᠯ ᠬᠤᠪᠢᠶᠠᠨ ᠠᠬᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠨᠢ ᠬᠥᠳᠡᠭᠡ ᠲᠣᠰᠬᠤᠨ᠎ᠤ ᠤᠰᠤ ᠬᠠᠩᠭ᠋ᠠᠬᠤ ᠰᠢᠶᠠᠨ᠎ᠤ ᠬᠡᠪᠴᠢᠶ᠎ᠡ᠎ᠳᠤ ᠨᠢᠭᠡᠳᠦᠯᠲᠡᠢ ᠬᠠᠮᠢᠶᠠᠷᠬᠤ ᠪᠠ ᠲᠤᠰᠬᠠᠢ᠌ᠵᠢᠭᠰᠠᠨ ᠬᠠᠮᠢᠶᠠᠷᠴᠤ ᠬᠠᠮᠠᠭ᠋ᠠᠯᠠᠬᠤ ᠵᠢ ᠬᠡᠷᠡᠭᠵᠢᠭᠦᠯᠵᠦ ᠪᠣᠯᠣᠨ᠎ᠠ᠃ ᠰᠢᠨ᠎ᠡ ᠨᠢᠭᠡ ᠡᠭᠡᠯᠵᠢ ᠵᠢᠨ ᠬᠥᠳᠡᠭᠡ ᠲᠣᠰᠬᠤᠨ᠎ᠤ ᠵᠠᠰᠠᠮᠠᠯ ᠵᠠᠮ᠎ᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠶ᠋ᠢᠲᠤᠷ ᠬᠡᠷᠡᠭᠵᠢᠭᠦᠯᠵᠦ᠂ ᠬᠥᠳᠡᠭᠡ ᠲᠣᠰᠬᠤᠨ᠎ᠤ ᠵᠠᠰᠠᠮᠠᠯ ᠵᠠᠮ ᠵᠢᠴᠢ ᠬᠥᠭᠥᠷᠭᠡ ᠨᠦᠬᠡᠨ ᠵᠠᠮ᠎ᠤᠨ ᠠᠶᠤᠯ ᠲᠦᠭᠰᠢᠭᠦᠷᠢ ᠵᠢᠨ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠪᠠ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ 《ᠳᠥᠷᠪᠡᠨ ᠰᠠᠢ᠌ᠨ ᠬᠥᠳᠡᠭᠡ ᠲᠣᠰᠬᠤᠨ᠎ᠤ ᠵᠠᠮ》᠎ᠤᠨ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ᠃ ᠨᠥᠬᠥᠴᠡᠯ ᠪᠦᠷᠢᠯᠳᠦᠭᠦᠯᠦᠭᠰᠡᠨ ᠰᠢᠶᠠᠩ ᠪᠠᠯᠭ᠋ᠠᠰᠤ ᠪᠠ ᠪᠠᠢ᠌ᠭᠤᠯᠤᠮᠵᠢ᠎ᠳᠤ ᠲᠣᠰᠬᠤᠨ᠎ᠳᠤ ᠠᠶᠠᠨᠴᠢᠳ᠎ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ᠎ᠢ ᠪᠡᠬᠢᠵᠢᠭᠦᠯᠵᠦ᠂ ᠬᠥᠳᠡᠭᠡ ᠲᠣᠰᠬᠤᠨ᠎ᠤ ᠤᠰᠤᠨ ᠵᠠᠮ᠎ᠤᠨ ᠶᠠᠪᠤᠵᠤ ᠰᠠᠭᠤᠬᠤ ᠨᠥᠬᠥᠴᠡᠯ᠎ᠢ ᠰᠠᠢ᠌ᠵᠢᠷᠠᠭᠤᠯᠵᠤ᠂ ᠬᠥᠳᠡᠭᠡ ᠲᠣᠰᠬᠤᠨ᠎ᠤ ᠠᠶᠠᠨᠴᠢᠨ ᠪᠠ ᠪᠠᠷᠠᠭ᠎ᠠ ᠰᠢᠤᠳᠠᠨ᠎ᠤ ᠠᠭᠤᠰᠤᠯᠳᠤᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠲᠦᠷᠭᠡᠨ ᠬᠦᠷᠭᠡᠯᠲᠡ ᠵᠢ ᠲᠣᠰᠬᠤᠨ᠎ᠳᠤ ᠣᠷᠣᠭᠤᠯᠬᠤ ᠵᠢ ᠭᠦᠨᠵᠡᠭᠡᠢ᠌ᠷᠡᠭᠦᠯᠵᠦ᠂ ᠲᠣᠰᠬᠤᠨ᠎ᠤ ᠱᠠᠲᠤᠨ᠎ᠤ ᠬᠦᠷᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠬᠣᠯᠪᠣᠯᠳᠤᠨ ᠡᠵᠡᠩᠨᠡᠵᠦ ᠰᠢᠶᠠᠨ᠎ᠤ ᠬᠡᠪᠴᠢᠶᠡᠨ᠎ᠤ ᠵᠠᠬ᠎ᠠ ᠳᠡᠯᠭᠡᠭᠦᠷ᠎ᠢ ᠪᠠᠢ᠌ᠷᠢᠰᠢᠭᠤᠯᠬᠤ ᠵᠢ ᠳᠡᠮᠵᠢᠵᠦ᠂ ᠬᠦᠢ᠍ᠲᠡᠨ ᠬᠡᠯᠬᠢᠶ᠎ᠡ᠎ᠳᠦ ᠲᠣᠬᠢᠷᠠᠭᠤᠯᠤᠨ ᠬᠦᠷᠭᠡᠬᠦ ᠪᠠ ᠳᠠᠷᠤᠢ᠌ᠬᠠᠨ ᠵᠢᠵᠢᠭᠯᠡᠨ ᠬᠤᠳᠠᠯᠳᠤᠬᠤ ᠵᠢ ᠰᠢᠶᠠᠩ ᠪᠠᠯᠭ᠋ᠠᠰᠤ ᠲᠡᠢ᠌ᠰᠢ ᠤᠷᠲᠤᠳᠬᠠᠬᠤ ᠵᠢ ᠠᠬᠢᠭᠤᠯᠤᠨ᠎ᠠ᠃ ᠬᠥᠳᠡᠭᠡ ᠲᠣᠰᠬᠤᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠲᠦᠯᠬᠢᠨ ᠠᠬᠢᠭᠤᠯᠵᠤ᠂ ᠭᠡᠷ᠎ᠤᠨ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ ᠵᠡᠷᠭᠡ ᠵᠢ ᠡᠭᠡᠭᠦᠯᠦᠨ ᠬᠤᠷᠢᠶᠠᠬᠤ ᠲᠣᠣᠷ᠎ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ᠎ᠤ ᠴᠠᠬᠢᠯᠭ᠋ᠠᠨ ᠬᠦᠴᠦᠨ᠎ᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠪᠡᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ᠎ᠤ ᠲᠠᠷᠬᠠᠯᠲᠠ ᠵᠢᠨ ᠮᠠᠶᠢᠭ᠎ᠤᠨ ᠳᠠᠬᠢᠯᠲᠠ ᠡᠨᠧᠷᠭᠢ ᠵᠢᠨ ᠰᠤᠷᠪᠤᠯᠵᠢ ᠵᠢ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ ᠨᠥᠬᠥᠴᠡᠯ᠎ᠲᠠᠢ ᠭᠠᠵᠠᠷ ᠣᠷᠣᠨ᠎ᠤ ᠤᠯᠠᠨ ᠨᠠᠢ᠌ᠳᠠ ᠵᠢᠨ ᠴᠠᠬᠢᠯᠭ᠋ᠠᠨ ᠴᠡᠨᠡᠭᠯᠡᠵᠦ ᠴᠡᠨᠡᠭ ᠰᠣᠯᠢᠬᠤ ᠲᠥᠬᠦᠭᠡᠷᠦᠮᠵᠢ ᠪᠠᠢ᠌ᠭᠤᠯᠬᠤ ᠵᠢ ᠵᠣᠷᠢᠭᠵᠢᠭᠤᠯᠤᠨ᠎ᠠ᠃ ᠬᠥᠳᠡᠭᠡ ᠲᠣᠰᠬᠤᠨ᠎ᠤ ᠭᠠᠵᠠᠷ ᠣᠷᠣᠨ᠎ᠤ ᠴᠠᠬᠢᠯᠭ᠋ᠠᠨ ᠬᠣᠯᠪᠣᠭ᠋ᠠᠨ᠎ᠤ ᠲᠦᠭᠡᠮᠡᠯ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃ ᠬᠥᠳᠡᠭᠡ ᠲᠣᠰᠬᠤᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠵᠠᠰᠠᠬᠤ ᠪᠠ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠭᠠᠵᠠᠷ ᠬᠥᠳᠡᠯᠦᠯᠲᠡ ᠵᠢ ᠳᠠᠭ᠋ᠠᠭ᠋ᠠᠬᠤ ᠥᠭᠡᠷᠡᠴᠢᠯᠡᠯᠲᠡ ᠵᠢ ᠦᠷᠭᠦᠯᠵᠢᠯᠡᠨ ᠬᠡᠷᠡᠭᠵᠢᠭᠦᠯᠵᠦ᠂ ᠭᠠᠮᠰᠢᠭᠳᠠᠭᠰᠠᠨ ᠣᠷᠣᠨ᠎ᠤ ᠭᠠᠮᠰᠢᠭ᠎ᠠᠴᠠ ᠪᠣᠯᠵᠤ ᠨᠤᠷᠠᠵᠤ ᠡᠪᠳᠡᠷᠡᠭᠰᠡᠨ ᠣᠷᠣᠨ ᠰᠠᠭᠤᠴᠠ ᠵᠢ ᠰᠡᠷᠭᠦᠭᠡᠨ ᠲᠠᠬᠢᠨ ᠪᠠᠢ᠌ᠭᠤᠯᠬᠤ ᠠᠵᠢᠯ᠎ᠢ ᠰᠠᠶ᠋ᠢᠲᠤᠷ ᠬᠢᠨ᠎ᠡ᠃
(ᠠᠷᠪᠠᠨ ᠨᠠᠢ᠍ᠮᠠ) ᠬᠥᠳᠡᠭᠡ ᠲᠣᠰᠬᠤᠨ᠎ᠤ ᠤᠯᠠᠨ ᠨᠠᠢ᠌ᠳᠠ ᠵᠢᠨ ᠦᠨᠳᠦᠰᠦᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠪᠠᠶ᠋ᠢᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠨᠥᠬᠥᠴᠡᠯ ᠪᠠ ᠭᠠᠯ ᠤᠨᠲᠠᠷᠠᠭ᠋ᠠᠬᠤ᠂ ᠠᠮᠤᠷ ᠲᠦᠪᠰᠢᠨ ᠵᠡᠷᠭᠡ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠴᠢᠬᠤᠯᠠ ᠪᠦᠬᠦᠢ ᠬᠥᠳᠡᠭᠡ ᠲᠣᠰᠬᠤᠨ᠎ᠤ ᠪᠠᠭ᠎ᠠ ᠬᠡᠪᠴᠢᠶᠡᠨ᠎ᠤ ᠰᠤᠷᠭ᠋ᠠᠭᠤᠯᠢ ᠵᠢ ᠰᠠᠶ᠋ᠢᠲᠤᠷ ᠡᠷᠭᠢᠯᠡᠨ᠎ᠡ᠃ ᠬᠥᠳᠡᠭᠡ ᠲᠣᠰᠬᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢᠳ᠎ᠤᠨ ᠰᠢᠮ᠎ᠡ ᠲᠡᠵᠢᠭᠡᠯ᠎ᠢ ᠰᠠᠢ᠌ᠵᠢᠷᠠᠭᠤᠯᠬᠤ ᠲᠥᠯᠥᠪᠯᠡᠭᠡᠲᠦ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠢᠳᠡᠭᠡᠨ᠎ᠤ ᠠᠮᠤᠷ ᠲᠦᠪᠰᠢᠨ ᠪᠠ ᠪᠡᠯᠡ ᠮᠥᠩᠭᠥ ᠵᠢ ᠵᠢᠷᠤᠮᠵᠢᠭᠤᠯᠤᠨ ᠬᠡᠷᠡᠭᠯᠡᠬᠦ ᠵᠢ ᠦᠨᠡᠨ ᠬᠦ᠌ ᠪᠠᠲᠤᠯᠠᠨ᠎ᠠ᠃ ᠠᠵᠢᠯᠲᠠᠨ᠎ᠢ ᠳᠣᠷᠣᠭᠰᠢ ᠪᠠᠭᠤᠯᠭ᠋ᠠᠬᠤ᠎ᠪᠠᠷ ᠭᠣᠣᠯᠳᠠᠯᠭ᠎ᠠ ᠪᠣᠯᠭ᠋ᠠᠨ ᠨᠢᠭᠲᠠᠷᠠᠭᠰᠠᠨ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠲᠥᠪ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠠᠯᠤᠰ ᠡᠵᠡᠮᠰᠢᠯᠲᠦ ᠡᠮᠴᠢᠯᠡᠭᠡᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠤᠨ᠎ᠠ᠃ ᠬᠥᠳᠡᠭᠡ ᠲᠣᠰᠬᠤᠨ᠎ᠤ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠠᠳ ᠨᠠᠢ᠌ᠳᠠ ᠵᠢᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠪᠠ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠦᠨ᠎ᠡ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠵᠦ᠂ ᠵᠠᠯᠭ᠋ᠠᠭ᠎ᠠ᠎ᠪᠠᠷ ᠳᠠᠭ᠋ᠠᠳᠬᠠᠯ᠎ᠳᠤ ᠣᠷᠣᠯᠴᠠᠭᠰᠠᠨ ᠪᠠ ᠲᠤᠬᠠᠢ ᠵᠢᠨ ᠵᠢᠯ᠎ᠳᠤ ᠳᠠᠩᠰᠠ᠎ᠪᠠᠨ ᠲᠠᠢ᠌ᠯᠤᠭᠰᠠᠨ ᠦᠭᠡᠢ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠤᠨ ᠳᠠᠷᠠᠭ᠎ᠠ ᠵᠢᠯ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ ᠥᠨᠳᠥᠷ ᠲᠥᠯᠥᠬᠦ ᠬᠢᠵᠠᠭ᠋ᠠᠷ ᠲᠣᠭ᠎ᠠ ᠵᠢ ᠳᠡᠭᠡᠭᠰᠢᠯᠡᠭᠦᠯᠦᠨ᠎ᠡ᠃ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭ᠋ᠠᠳᠬᠠᠯ᠎ᠤᠨ ᠨᠠᠰᠤᠵᠢᠯ᠎ᠤᠨ ᠰᠠᠭᠤᠷᠢ ᠮᠥᠩᠭᠥ ᠵᠢ ᠰᠢᠶᠠᠨ ᠰᠢᠶᠠᠩ ᠲᠣᠰᠬᠤᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠪᠦᠷᠢᠨᠰᠢᠭᠦᠯᠵᠦ᠂ ᠰᠢᠶᠠᠨ᠎ᠤ ᠬᠡᠪᠴᠢᠶᠡᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠰᠢᠨ᠎ᠡ ᠵᠢ ᠡᠭᠦᠳᠬᠦ ᠲᠤᠷᠰᠢᠯᠲᠠ ᠵᠢ ᠥᠷᠨᠢᠭᠦᠯᠦᠨ᠂ ᠲᠣᠰᠬᠤᠨ᠎ᠤ ᠱᠠᠲᠤᠨ᠎ᠤ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠥᠷᠨᠢᠭᠦᠯᠬᠦ ᠵᠢ ᠵᠣᠷᠢᠭᠵᠢᠭᠤᠯᠤᠨ᠎ᠠ᠃ ᠬᠥᠳᠡᠭᠡ ᠲᠣᠰᠬᠤᠨ᠎ᠤ ᠨᠢᠯᠬ᠎ᠠ ᠬᠡᠦᠬᠡᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠵᠢ ᠬᠥᠭᠵᠢᠭᠦᠯᠦᠨ᠎ᠡ᠃ ᠨᠠᠰᠤᠨ᠎ᠳᠤ ᠦᠯᠦ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠭᠡᠷ᠎ᠲᠡᠭᠡᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠲᠡᠭᠡᠭᠰᠢᠯᠡᠬᠦᠯᠦᠨ᠎ᠡ᠃ ᠵᠡᠮᠳᠡᠭᠴᠦᠳ᠎ᠤᠨ ᠪᠠᠲᠤᠯᠠᠭ᠎ᠠ ᠪᠠ ᠡᠷᠡᠭᠦᠯᠵᠢᠯ᠎ᠤᠨ ᠠᠪᠤᠷᠠᠨ ᠲᠤᠰᠠᠯᠠᠯᠲᠠ ᠵᠢ ᠴᠢᠩᠭ᠋ᠠᠳᠬᠠᠨ᠎ᠠ᠃
(ᠠᠷᠪᠠ ᠶᠢᠰᠦ) ᠬᠥᠳᠡᠭᠡ ᠲᠣᠰᠬᠤᠨ᠎ᠤ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠪᠣᠬᠢᠷᠲᠤᠯ᠎ᠢ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠰᠠᠢ᠌ᠵᠢᠷᠠᠭᠤᠯᠬᠤ ᠵᠢ ᠦᠷᠭᠦᠯᠵᠢᠯᠡᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠢ ᠪᠦᠲᠦᠭᠡᠨ ᠪᠠᠢ᠌ᠭᠤᠯᠤᠨ᠎ᠠ᠃ ᠬᠥᠳᠡᠭᠡ ᠲᠣᠰᠬᠤᠨ᠎ᠤ ᠵᠣᠷᠯᠣᠩ᠎ᠢ ᠥᠭᠡᠷᠡᠴᠢᠯᠡᠬᠦ ᠵᠢ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠨᠡᠢ᠌ᠭᠡᠮᠴᠢᠯᠡᠭᠰᠡᠨ ᠬᠠᠮᠢᠶᠠᠷᠤᠯᠲᠠ ᠬᠠᠮᠠᠭ᠋ᠠᠯᠠᠯᠲᠠ ᠪᠠ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠥᠳᠡᠭᠡ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠵᠠᠭᠪᠤᠷ᠎ᠢ ᠰᠣᠩᠭᠣᠵᠤ᠂ ᠵᠣᠷᠯᠣᠩ᠎ᠤᠨ ᠢᠯᠭ᠋ᠠᠳᠠᠰᠤ ᠪᠠ ᠠᠮᠢᠳᠤᠷᠠᠯ᠎ᠤᠨ ᠪᠣᠬᠢᠷ ᠤᠰᠤ ᠵᠢ ᠬᠠᠮᠵᠢᠯᠴᠠᠨ ᠵᠠᠰᠠᠬᠤ ᠵᠢ ᠲᠦᠯᠬᠢᠨ ᠠᠬᠢᠭᠤᠯᠵᠤ᠂ ᠬᠥᠳᠡᠭᠡ ᠲᠣᠰᠬᠤᠨ᠎ᠤ ᠨᠡᠯᠢᠶᠡᠳ ᠶᠡᠬᠡ ᠲᠠᠯᠠᠪᠠᠢ᠎ᠲᠠᠢ ᠪᠣᠬᠢᠷ ᠦᠮᠡᠬᠡᠢ ᠤᠰᠤᠨ ᠴᠣᠭᠴᠠ ᠵᠢ ᠦᠨᠳᠦᠰᠦᠨ᠎ᠳᠡᠭᠡᠨ ᠠᠷᠢᠯᠭ᠋ᠠᠨ᠎ᠠ᠃ ᠬᠥᠳᠡᠭᠡ ᠲᠣᠰᠬᠤᠨ᠎ᠤ ᠠᠮᠢᠳᠤᠷᠠᠯ᠎ᠤᠨ ᠬᠣᠭ ᠨᠣᠪᠰᠢ ᠵᠢᠨ ᠡᠬᠢ ᠰᠤᠷᠪᠤᠯᠵᠢ ᠵᠢᠨ ᠬᠡᠮᠵᠢᠶ᠎ᠡ ᠵᠢ ᠪᠠᠭ᠋ᠠᠰᠬᠠᠬᠤ᠂ ᠲᠤᠬᠠᠢ ᠵᠢᠨ ᠭᠠᠵᠠᠷ᠎ᠲᠤᠨᠢ ᠤᠢ᠌ᠷᠠᠯᠴᠠᠭ᠎ᠠ ᠭᠠᠵᠠᠷ᠎ᠲᠤᠨᠢ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠲᠦᠯᠬᠢᠨ ᠠᠬᠢᠭᠤᠯᠤᠨ᠎ᠠ᠃ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠤᠨ ᠲᠣᠪᠣᠢ᠌ᠮ᠎ᠠ ᠣᠷᠣᠨ ᠪᠦᠰᠡ ᠵᠢᠨ ᠰᠢᠰᠲ᠋ᠧᠮ᠎ᠲᠠᠢ ᠵᠠᠰᠠᠯᠲᠠ ᠵᠢ ᠴᠢᠩᠭ᠋ᠠᠳᠬᠠᠵᠤ᠂ ᠮᠠᠯ ᠵᠢᠭᠦᠷᠲᠡᠨ᠎ᠤ ᠢᠯᠭ᠋ᠠᠳᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠦᠯᠲᠡ ᠵᠢᠨ ᠰᠡᠬᠦᠯ᠎ᠤᠨ ᠤᠰᠤ ᠵᠢ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃ ᠪᠣᠬᠢᠷᠲᠤᠭᠰᠠᠨ ᠲᠠᠷᠢᠶᠠᠨ ᠭᠠᠵᠠᠷ᠎ᠢ ᠠᠶᠤᠯᠭᠦᠢ ᠠᠰᠢᠭᠯᠠᠬᠤ ᠵᠢ ᠲᠦᠯᠬᠢᠨ ᠠᠬᠢᠭᠤᠯᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠡᠷᠢᠬᠦ ᠪᠠ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠨ᠎ᠠ᠃ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠵᠢ ᠳᠡᠮᠵᠢᠵᠦ᠂ ᠰᠢᠲᠠᠭ᠋ᠠᠬᠤ ᠵᠢ ᠴᠠᠭ᠋ᠠᠵᠠᠯᠠᠬᠤ ᠬᠦᠷᠢᠶ᠎ᠡ ᠬᠡᠪᠴᠢᠶ᠎ᠡ ᠵᠢ ᠣᠨᠣᠪᠴᠢᠲᠠᠢ ᠬᠤᠪᠢᠶᠠᠷᠢᠯᠠᠨ ᠲᠣᠭᠲᠠᠭ᠋ᠠᠵᠤ᠂ ᠰᠢᠲᠠᠭ᠋ᠠᠬᠤ ᠵᠢ ᠴᠠᠭ᠋ᠠᠵᠠᠯᠠᠬᠤ ᠵᠢ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ᠃ 《ᠭᠤᠷᠪᠠᠨ ᠤᠮᠠᠷᠠᠲᠤ》 ᠵᠢᠨ ᠢᠨᠵᠧᠨᠧᠷᠢᠩ᠎ᠢ ᠶᠡᠬᠡᠪᠡᠷ ᠲᠦᠯᠬᠢᠨ ᠠᠬᠢᠭᠤᠯᠵᠤ᠂ ᠡᠬᠢ ᠪᠠᠶᠠᠯᠢᠭ᠎ᠢ ᠬᠠᠮᠵᠢᠯᠴᠠᠭᠤᠯᠬᠤ ᠪᠠ ᠬᠠᠮᠲᠤᠷᠠᠨ ᠰᠡᠷᠭᠡᠢ᠌ᠯᠡᠵᠦ ᠬᠠᠮᠲᠤᠷᠠᠨ ᠵᠠᠰᠠᠬᠤ ᠵᠢ ᠴᠢᠩᠭ᠋ᠠᠳᠬᠠᠵᠤ᠂ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ ᠶᠡᠷᠦᠩᠬᠡᠢ᠌ᠯᠡᠭᠰᠡᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠢ ᠴᠢᠩᠭ᠋ᠠᠳᠬᠠᠨ᠎ᠠ᠃ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ ᠬᠥᠬᠡᠮᠥ᠋ᠷᠡᠨ᠎ᠤ ᠠᠷᠪᠠᠨ ᠵᠢᠯ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠬᠤ ᠵᠢ ᠡᠷᠡᠰ ᠠᠬᠢᠭᠤᠯᠵᠤ᠂ ᠬᠥᠬᠡᠮᠥ᠋ᠷᠡᠨ᠎ᠤ ᠬᠣᠪᠣᠷ ᠴᠤᠬᠠᠭ ᠮᠥᠬᠥᠬᠦ ᠰᠢᠬᠠᠭᠰᠠᠨ ᠳᠦᠷᠰᠦ ᠵᠢ ᠠᠪᠤᠷᠠᠬᠤ ᠪᠠ ᠴᠢᠬᠤᠯᠠ ᠣᠷᠣᠰᠢᠨ ᠠᠮᠢᠳᠤᠷᠠᠬᠤ ᠭᠠᠵᠠᠷ᠎ᠤᠨ ᠠᠮᠢ ᠠᠬᠤᠢ ᠵᠢ ᠵᠠᠰᠠᠨ ᠰᠡᠷᠭᠦᠭᠡᠬᠦ ᠵᠢ ᠴᠢᠩᠭ᠋ᠠᠳᠬᠠᠨ᠎ᠠ᠃
ᠲᠠᠪᠤ᠂ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮ᠎ᠢ ᠬᠦᠴᠦᠯᠡᠨ ᠲᠡᠭᠦᠯᠳᠡᠷᠵᠢᠭᠦᠯᠦᠨ᠎ᠡ
(ᠬᠣᠷᠢ) ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠭᠦᠨᠵᠡᠭᠡᠢ ᠠᠬᠢᠭᠤᠯᠵᠤ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠴᠢᠳᠠᠪᠤᠷᠢ ᠵᠢ ᠲᠡᠭᠡᠭᠰᠢᠯᠡᠬᠦᠯᠦᠨ᠎ᠡ᠃ ᠰᠢᠶᠠᠨ᠎ᠤ ᠱᠠᠲᠤᠨ᠎ᠤ ᠨᠠᠮ ᠵᠠᠰᠠᠭ᠎ᠤᠨ ᠤᠳᠤᠷᠢᠳᠬᠤ ᠪᠠᠭ᠎ᠤᠨ ᠪᠦᠷᠢᠯᠳᠦᠬᠦᠨ᠎ᠤ ᠲᠤᠰᠢᠶᠠᠯ᠎ᠤᠨ ᠬᠤᠭᠤᠴᠠᠭ᠎ᠠ ᠵᠢ ᠲᠣᠭᠲᠠᠪᠤᠷᠢᠲᠠᠢ ᠪᠠᠢ᠌ᠯᠭ᠋ᠠᠬᠤ ᠵᠢ ᠪᠠᠲᠤᠯᠠᠵᠤ᠂ ᠰᠢᠶᠠᠩ ᠪᠠᠯᠭ᠋ᠠᠰᠤᠨ᠎ᠤ ᠤᠳᠤᠷᠢᠳᠬᠤ ᠪᠠᠭ ᠪᠠ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠬᠡᠰᠡᠭ ᠵᠠᠯᠠᠭᠤ ᠺᠠᠳ᠋ᠷᠴᠤᠳ᠎ᠤᠨ ᠬᠥᠳᠡᠭᠡ ᠲᠣᠰᠬᠤᠨ ᠦᠨᠳᠦᠰᠦᠨ ᠱᠠᠲᠤᠨ᠎ᠤ 《ᠨᠤᠲᠤᠭ ᠤᠰᠤᠨ᠎ᠳᠤ ᠳᠠᠰᠬᠤ ᠦᠭᠡᠢ》 ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠪᠦᠬᠦ ᠤᠯᠤᠰ᠎ᠤᠨ ᠲᠣᠰᠬᠤᠨ᠎ᠤ 《ᠬᠣᠶᠠᠷ ᠵᠥᠪᠯᠡᠯ》᠎ᠤᠨ ᠬᠤᠭᠤᠴᠠᠭ᠎ᠠ ᠰᠣᠯᠢᠬᠤ ᠠᠵᠢᠯ᠎ᠢ ᠰᠠᠶ᠋ᠢᠲᠤᠷ ᠬᠢᠵᠦ᠂ ᠲᠣᠷᠣᠢ ᠪᠠᠭᠤᠷᠠᠢ ᠰᠤᠯᠠ ᠵᠠᠳᠠᠭ᠋ᠠᠢ ᠲᠣᠰᠬᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠲᠥᠪᠯᠡᠷᠡᠭᠦᠯᠦᠨ ᠴᠡᠭᠴᠡᠯᠡᠵᠦ᠂ ᠲᠣᠰᠬᠤᠨ᠎ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠵᠢᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ ᠵᠢ ᠠᠬᠢᠭᠤᠯᠤᠨ᠎ᠠ᠃ ᠬᠥᠳᠡᠭᠡ ᠲᠣᠰᠬᠤᠨ᠎ᠤ ᠨᠠᠮ᠎ᠤᠨ ᠭᠡᠰᠢᠭᠦᠨ᠂ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠨ᠎ᠠ᠃ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠦᠨ᠂ ᠭᠠᠴᠠᠭ᠋ᠠᠨ᠎ᠤ ᠺᠠᠳ᠋ᠷ ᠢᠯᠠᠩᠭᠤᠶ᠎ᠠ 《ᠭᠠᠭᠴᠠᠭ᠋ᠠᠷ ᠬᠣᠶᠠᠷ ᠲᠤᠰᠢᠶᠠᠯ ᠡᠭᠦᠷᠭᠡᠯᠡᠬᠦ》 ᠬᠥᠮᠥᠰ᠎ᠤᠨ ᠬᠠᠮᠢᠶᠠᠷᠤᠯᠲᠠ ᠬᠢᠨᠠᠯᠲᠠ ᠵᠢ ᠴᠢᠩᠳᠠᠯᠠᠨ᠎ᠠ᠃ ᠭᠠᠴᠠᠭ᠋ᠠᠨ᠎ᠤ ᠶᠠᠪᠤᠳᠠᠯ᠎ᠢ ᠢᠯᠡ ᠪᠣᠯᠭ᠋ᠠᠬᠤ ᠪᠠ ᠠᠷᠠᠳᠴᠢᠯᠠᠯ ᠵᠶ᠋ᠠᠷ ᠬᠡᠷᠡᠭ ᠵᠥᠪᠯᠡᠬᠦ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠨ ᠲᠦᠮᠡᠨ᠎ᠤ ᠭᠠᠴᠠᠭ᠋ᠠᠨ᠎ᠤ ᠱᠠᠲᠤᠨ᠎ᠤ ᠬᠡᠷᠡᠭ ᠵᠥᠪᠯᠡᠵᠦ ᠵᠥᠪᠳᠡᠯᠴᠡᠬᠦ᠎ᠳᠤ ᠤᠯᠠᠨ ᠠᠷᠭ᠎ᠠ ᠵᠠᠮ ᠵᠶ᠋ᠠᠷ ᠣᠷᠣᠯᠴᠠᠬᠤ ᠵᠢ ᠳᠡᠮᠵᠢᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠲᠣᠰᠬᠤᠨ᠎ᠳᠤ ᠴᠠᠭᠳᠠᠨ ᠪᠠᠢ᠌ᠴᠠᠭ᠋ᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠨ᠎ᠡ ᠴᠠᠭ ᠦᠶ᠎ᠡ ᠵᠢᠨ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠷᠤᠮᠵᠢᠯ᠎ᠢ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃
(ᠬᠣᠷᠢᠨ ᠨᠢᠭᠡ) ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠦᠨ᠎ᠡ᠃ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠪᠥᠬᠥ ᠲᠠᠯ᠎ᠠ᠎ᠪᠠᠷ ᠪᠠᠢ᠌ᠭᠤᠯᠵᠤ᠂ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠵᠢ ᠴᠢᠩᠭ᠋ᠠᠷᠠᠭᠤᠯᠤᠨ᠂ ᠬᠥᠳᠡᠯᠦᠩᠭᠦᠢ ᠲᠣᠬᠢᠷᠠᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃ ᠰᠢᠶᠠᠨ ᠰᠢᠶᠠᠩ᠎ᠠᠴᠠ ᠠᠵᠢᠯᠲᠠᠨ᠎ᠢ ᠵᠢᠭᠡᠯᠡᠨ ᠰᠢᠯᠵᠢᠭᠦᠯᠬᠦ᠎ᠳᠤ ᠴᠢᠩᠭ᠎ᠠ ᠬᠠᠮᠢᠶᠠᠷᠤᠨ ᠡᠵᠡᠮᠳᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ᠎ᠡ᠃ ᠦᠨᠳᠦᠰᠦᠨ ᠱᠠᠲᠤᠨ᠎ᠳᠤ ᠰᠢᠪᠠᠳᠠᠨ ᠪᠠᠢ᠌ᠴᠠᠭ᠋ᠠᠵᠤ ᠬᠢᠨᠠᠨ ᠰᠢᠯᠭ᠋ᠠᠬᠤ ᠠᠵᠢᠯ ᠥᠷᠨᠢᠭᠦᠯᠬᠦ ᠵᠢ ᠴᠢᠩᠭ᠎ᠠ ᠬᠢᠵᠠᠭ᠋ᠠᠷᠯᠠᠵᠤ᠂ ᠲᠠᠷᠢᠶᠠᠯᠠᠩ᠎ᠳᠤ ᠬᠣᠯᠪᠣᠭᠳᠠᠭᠰᠠᠨ ᠬᠢᠨᠠᠨ ᠰᠢᠯᠭ᠋ᠠᠯᠲᠠ ᠵᠢ ᠴᠣᠮᠬᠠᠳᠬᠠᠨ ᠰᠢᠯᠢᠳᠡᠭᠵᠢᠭᠦᠯᠦᠨ᠎ᠡ᠃ 《ᠨᠢᠭᠡ ᠪᠢᠯᠧᠲ ᠵᠶ᠋ᠡᠷ ᠦᠭᠡᠶ᠋ᠢᠰᠬᠡᠬᠦ》 ᠪᠠ ᠬᠠᠷᠢᠭᠤᠴᠠᠯᠭ᠎ᠠ ᠵᠢᠨ ᠪᠢᠴᠢᠭ᠎ᠲᠤ ᠭᠠᠷᠤᠨ ᠦᠰᠦᠭ ᠵᠢᠷᠤᠭᠰᠠᠨ ᠵᠦᠢ᠍ᠯᠡᠰ᠎ᠢ ᠢᠯᠭ᠋ᠠᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ᠎ᠡ᠃ ᠦᠨᠳᠦᠰᠦᠨ ᠱᠠᠲᠤᠨ᠎ᠳᠤ ᠬᠠᠨᠳᠤᠭᠤᠯᠤᠭᠰᠠᠨ ᠵᠠᠰᠠᠭ᠎ᠤᠨ ᠶᠠᠪᠤᠳᠠᠯ᠎ᠤᠨ ᠬᠡᠷᠡᠭᠯᠡᠭᠡᠨ᠎ᠤ ᠫᠷᠣᠭ᠌ᠷᠠᠮ᠎ᠢ ᠢᠯᠭ᠋ᠠᠷᠠᠭᠤᠯᠤᠨ ᠲᠢᠭᠯᠡᠵᠦ ᠡᠮᠬᠢᠯᠡᠨ ᠨᠡᠢ᠌ᠯᠡᠭᠦᠯᠵᠦ᠂ 《ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ》᠎ᠢ ᠦᠷᠭᠦᠯᠵᠢᠯᠡᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠦᠨ᠎ᠡ᠃ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠲᠤᠤᠷᠴᠢᠯᠠᠭᠰᠠᠨ ᠵᠠᠰᠠᠯᠲᠠ ᠵᠢᠨ 《ᠤᠯᠠᠨ ᠲᠣᠣᠷ᠎ᠢ ᠨᠢᠭᠡᠳᠬᠡᠬᠦ》 ᠵᠢ ᠲᠦᠯᠬᠢᠨ ᠠᠬᠢᠭᠤᠯᠤᠨ᠎ᠠ᠃ 《ᠳᠡᠭᠡᠷ᠎ᠡ ᠱᠠᠲᠤ ᠵᠢᠨ᠎ᠬᠢ ᠬᠠᠰᠤᠵᠤ ᠳᠣᠷᠣᠭᠰᠢ᠎ᠪᠠᠨ ᠨᠥᠬᠥᠪᠦᠷᠢᠯᠡᠬᠦ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠣᠷᠣᠨ ᠲᠣᠭ᠋ᠠᠨ᠎ᠤ ᠡᠬᠢ ᠪᠠᠶᠠᠯᠢᠭ᠎ᠢ ᠰᠢᠶᠠᠩ ᠪᠠᠯᠭ᠋ᠠᠰᠤ (ᠵᠡᠭᠡᠯᠢ ᠭᠤᠳᠤᠮᠵᠢ) ᠲᠡᠢ᠌ᠰᠢ ᠬᠡᠯᠪᠡᠢ᠌ᠯᠭᠡᠬᠦ ᠵᠢ ᠠᠬᠢᠭᠤᠯᠵᠤ᠂ ᠲᠥᠷᠥᠯ ᠬᠤᠪᠢᠶᠠᠨ ᠬᠠᠮᠢᠶᠠᠷᠬᠤ᠂ ᠨᠢᠭᠡᠳᠦᠯᠲᠡᠢ ᠲᠥᠯᠥᠪᠯᠡᠨ ᠬᠡᠷᠡᠭᠯᠡᠬᠦ ᠵᠢ ᠴᠢᠩᠭ᠋ᠠᠳᠬᠠᠨ᠎ᠠ᠃
(ᠬᠣᠷᠢᠨ ᠬᠣᠶᠠᠷ) ᠪᠣᠯᠪᠠᠰᠤᠨ ᠬᠥᠳᠡᠭᠡ ᠲᠣᠰᠬᠤᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠰᠢᠨ᠎ᠡ ᠴᠠᠭ ᠦᠶ᠎ᠡ ᠵᠢᠨ ᠬᠥᠳᠡᠭᠡ ᠲᠣᠰᠬᠤᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠨᠠᠭᠰᠢᠳᠠ ᠴᠢᠩᠭ᠋ᠠᠳᠬᠠᠵᠤ᠂ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠤᠯᠭ᠎ᠠ ᠵᠢ ᠴᠢᠩᠭ᠋ᠠᠳᠬᠠᠵᠤ᠂ ᠪᠣᠯᠪᠠᠰᠤᠨ ᠨᠤᠲᠤᠭ᠎ᠤᠨ ᠰᠤᠷᠲᠠᠯ᠎ᠤᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠨᠠᠮ᠎ᠤᠨ ᠰᠢᠨ᠎ᠡ ᠵᠢ ᠡᠭᠦᠳᠬᠦ ᠤᠨᠤᠯ᠎ᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠥᠷᠭᠡᠨ ᠵᠶ᠋ᠡᠷ ᠦᠢ᠍ᠯᠡᠳᠦᠯᠭᠡᠵᠢᠭᠦᠯᠬᠦ ᠵᠢ ᠠᠬᠢᠭᠤᠯᠤᠨ᠎ᠠ᠃ ᠴᠠᠭ ᠦᠶ᠎ᠡ ᠵᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶ᠋ᠢᠳᠠᠯ᠎ᠢ ᠪᠣᠢ᠌ᠵᠢᠭᠤᠯᠤᠨ᠂ 《ᠪᠢ ᠤᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》 ᠵᠡᠷᠭᠡ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠵᠦ᠂ ᠡᠶ᠎ᠡ ᠨᠠᠢ᠌ᠷᠲᠠᠢ ᠭᠡᠷ ᠪᠦᠯᠢ ᠬᠢᠭᠡᠳ ᠡᠶ᠎ᠡ ᠵᠣᠬᠢᠴᠠᠯ᠎ᠲᠠᠢ ᠬᠥᠷᠰᠢ ᠵᠡᠷᠭᠡᠯᠡᠳᠡᠭᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠨ᠎ᠠ᠃ ᠰᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠢ᠌ᠭᠤᠯᠵᠤ᠂ ᠬᠥᠳᠡᠭᠡ ᠲᠣᠰᠬᠤᠨ᠎ᠤ ᠰᠣᠶᠣᠯ᠎ᠤᠨ ᠦᠢ᠍ᠯᠡᠴᠢᠯᠡᠭᠡ ᠪᠠ ᠦᠢ᠍ᠯᠡᠳᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠤᠨ᠂ 《ᠰᠢ ᠵᠦᠴᠦᠭᠡ ᠵᠢ ᠬᠥᠳᠡᠭᠡ ᠲᠣᠰᠬᠤᠨ᠎ᠳᠤ ᠬᠦᠷᠭᠡᠬᠦ》 ᠵᠡᠷᠭᠡ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠰᠢᠨ᠎ᠡ ᠵᠢ ᠡᠭᠦᠳᠦᠨ ᠥᠷᠨᠢᠭᠦᠯᠵᠦ᠂ ᠨᠤᠲᠤᠭ᠎ᠤᠨ ᠰᠣᠶᠣᠯ᠎ᠤᠨ ᠴᠢᠳᠠᠪᠤᠷᠢᠲᠠᠨ᠎ᠢ ᠲᠡᠳᠬᠦᠨ ᠳᠡᠮᠵᠢᠬᠦ ᠠᠵᠢᠯ᠎ᠢ ᠴᠢᠩᠭ᠋ᠠᠳᠬᠠᠵᠤ᠂ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢᠨ ᠡᠷᠡᠭᠦᠯ ᠵᠶ᠋ᠡᠷ ᠬᠥᠭᠵᠢᠬᠦ ᠵᠢ ᠬᠥᠲᠥᠯᠥᠨ ᠵᠢᠯᠣᠭᠣᠳᠤᠨ᠎ᠠ᠃ ᠤᠯᠠᠮᠵᠢᠯᠠᠯᠲᠤ ᠠᠢ᠌ᠯ ᠲᠣᠰᠬᠤᠨ᠎ᠤ ᠣᠨᠴᠠᠯᠢᠭᠲᠤ ᠬᠠᠮᠠᠭ᠋ᠠᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠬᠥᠳᠡᠭᠡ ᠲᠣᠰᠬᠤᠨ᠎ᠤ ᠰᠣᠶᠣᠯ᠎ᠤᠨ ᠥᠪ᠎ᠢ ᠬᠠᠮᠠᠭ᠋ᠠᠯᠠᠨ ᠵᠠᠯᠭ᠋ᠠᠮᠵᠢᠯᠠᠬᠤ ᠪᠠ ᠠᠮᠢᠳᠤᠯᠢᠭ ᠠᠰᠢᠭᠯᠠᠬᠤ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠎ᠡ᠃
(ᠬᠣᠷᠢᠨ ᠭᠤᠷᠪᠠ) ᠬᠥᠳᠡᠭᠡ ᠲᠣᠰᠬᠤᠨ᠎ᠤ ᠬᠡᠪ ᠵᠠᠩᠰᠢᠯ᠎ᠢ ᠥᠭᠡᠷᠡᠴᠢᠯᠡᠬᠦ ᠵᠢ ᠠᠬᠢᠭᠤᠯᠤᠨ᠎ᠠ᠃ ᠬᠥᠳᠡᠭᠡ ᠲᠣᠰᠬᠤᠨ᠎ᠤ ᠶᠡᠬᠡ ᠬᠡᠮᠵᠢᠶᠡᠨ᠎ᠤ ᠪᠣᠭᠲᠣᠯᠠᠬᠤ ᠪᠡᠯᠡᠭ᠎ᠤᠨ ᠠᠰᠠᠭᠤᠳᠠᠯ᠎ᠢ ᠶᠡᠷᠦᠩᠬᠡᠢ᠌ᠯᠡᠨ ᠵᠠᠰᠠᠬᠤ ᠵᠢ ᠲᠦᠯᠬᠢᠨ ᠠᠬᠢᠭᠤᠯᠵᠤ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠡᠪ ᠬᠠᠮᠲᠤ ᠵᠠᠯᠠᠭᠤᠴᠤᠳ᠎ᠤᠨ ᠡᠪᠯᠡᠯ ᠵᠡᠷᠭᠡ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠥᠳᠡᠭᠡ ᠲᠣᠰᠬᠤᠨ᠎ᠤ ᠤᠷᠤᠭᠯᠠᠵᠤ ᠪᠣᠯᠬᠤ ᠬᠥᠮᠥᠰ᠎ᠲᠤ ᠦᠵᠡᠭᠦᠯᠬᠦ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠤᠷᠤᠭ ᠢᠨᠠᠭ᠎ᠤᠨ ᠦᠢ᠍ᠯᠡᠴᠢᠯᠡᠭᠡ ᠪᠠ ᠬᠠᠢ᠌ᠷ᠎ᠠ ᠬᠠᠯᠠᠮᠵᠢ ᠵᠢ ᠴᠢᠩᠭ᠋ᠠᠳᠬᠠᠨ᠎ᠠ᠃ ᠤᠷᠤᠭ᠎ᠤᠨ ᠨᠠᠢ᠌ᠳᠠᠯᠭ᠎ᠠ᠂ ᠤᠷᠤᠭ᠎ᠤᠨ ᠮᠡᠬᠡᠯᠡᠯ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠳᠡᠭᠡᠳᠦᠰ᠎ᠤᠨ ᠰᠦᠮ᠎ᠡ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠠᠮᠢ ᠠᠬᠤᠢ ᠵᠢᠨ ᠣᠷᠣᠰᠢᠭᠤᠯᠭ᠎ᠠ ᠵᠢᠨ ᠲᠥᠬᠦᠭᠡᠷᠦᠮᠵᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ ᠨᠠᠢ᠌ᠷ ᠲᠠᠯ᠎ᠠ ᠬᠠᠷᠠᠵᠤ ᠠᠲᠠᠭ᠋ᠠᠷᠬᠠᠬᠤ᠂ ᠶᠡᠬᠡ᠎ᠪᠠᠷ ᠪᠡᠯᠡᠳᠬᠡᠨ ᠶᠡᠬᠡ᠎ᠪᠠᠷ ᠡᠷᠬᠢᠯᠡᠬᠦ᠂ ᠳᠥᠭᠥᠮᠬᠡᠨ ᠠᠰᠠᠷᠠᠵᠤ ᠬᠦᠨᠳᠦ᠎ᠪᠠᠷ ᠣᠷᠣᠰᠢᠭᠤᠯᠬᠤ᠂ ᠳᠤᠷ᠎ᠠ᠎ᠪᠠᠷ ᠣᠷᠣᠰᠢᠭᠤᠯᠬᠤ ᠵᠡᠷᠭᠡ ᠲᠣᠪᠣᠢ᠌ᠮ᠎ᠠ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠬᠢᠵᠠᠭ᠋ᠠᠷᠯᠠᠬᠤ ᠴᠢᠨᠠᠷᠲᠠᠢ ᠵᠢᠷᠤᠮᠵᠢᠯ ᠪᠠ ᠰᠠᠨᠠᠭ᠋ᠠᠴᠢᠯᠠᠭ᠎ᠠ ᠵᠢᠨ ᠴᠢᠨᠠᠷᠲᠠᠢ ᠪᠠᠷᠢᠮᠵᠢᠶ᠎ᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ᠎ᠤ ᠲᠣᠭᠯᠠᠯᠲᠠ ᠵᠢᠨ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠪᠣᠯᠬᠢ ᠪᠦᠳᠦᠭᠦᠯᠢᠭ ᠲᠣᠭᠯᠠᠯᠲᠠ ᠵᠢᠨ ᠠᠵᠢᠯᠯᠠᠭ᠎ᠠ ᠵᠢ ᠭᠦᠨᠵᠡᠭᠡᠢ ᠴᠡᠭᠴᠡᠯᠡᠨ ᠵᠠᠰᠠᠨ᠎ᠠ᠃ ᠬᠥᠳᠡᠭᠡ ᠲᠣᠰᠬᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠭᠰᠠᠭ᠋ᠠᠯ᠎ᠤᠨ ᠭᠠᠵᠠᠷ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠹᠧᠣᠳᠠᠯ᠎ᠤᠨ ᠮᠤᠬᠤᠷ ᠪᠢᠰᠢᠷᠡᠯ᠎ᠢ ᠡᠰᠡᠷᠭᠦᠴᠡᠨ᠎ᠡ᠃
(ᠬᠣᠷᠢᠨ ᠳᠥᠷᠪᠡ) ᠬᠥᠳᠡᠭᠡ ᠲᠣᠰᠬᠤᠨ ᠠᠮᠤᠷ ᠲᠣᠭᠲᠠᠭᠤᠨ᠎ᠢ ᠬᠠᠮᠠᠭ᠋ᠠᠯᠠᠨ᠎ᠠ᠃ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ᠎ᠤ ᠵᠥᠷᠢᠴᠡᠯ ᠵᠢᠭᠤᠷᠠᠯᠳᠤᠭ᠋ᠠᠨ᠎ᠢ ᠵᠢᠭᠰᠠᠭ᠋ᠠᠨ ᠪᠠᠢ᠌ᠴᠠᠭ᠋ᠠᠵᠤ ᠠᠷᠢᠯᠭ᠋ᠠᠬᠤ ᠠᠵᠢᠯ᠎ᠢ ᠴᠢᠩᠭ᠋ᠠᠳᠬᠠᠨ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠬᠠᠮᠵᠢᠯᠴᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠢᠳᠡᠪᠬᠢᠲᠡᠢ ᠪᠥᠭᠡᠳ ᠡᠷᠡᠭᠦᠯ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠬᠥᠳᠡᠭᠡ ᠲᠣᠰᠬᠤᠨ᠎ᠤ ᠭᠠᠵᠠᠷ ᠣᠷᠣᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠪᠠᠢ᠌ᠩᠭᠤ ᠵᠢᠨ ᠲᠣᠭᠲᠠᠴᠠ ᠵᠢ ᠪᠦᠷᠢᠨᠰᠢᠭᠦᠯᠵᠦ᠂ 《ᠭᠠᠴᠠᠭ᠎ᠠ ᠲᠣᠰᠬᠤᠨ᠎ᠤ ᠡᠵᠡᠷᠬᠡᠭᠴᠢ》᠂ ᠳᠦᠷᠦᠯ ᠤᠭᠰᠠᠭ᠎ᠠ ᠣᠪᠣᠭ ᠳᠦᠷᠦᠯ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠡᠭᠦᠰᠦᠨ ᠳᠡᠯᠭᠡᠷᠡᠬᠦ ᠵᠢ ᠰᠡᠷᠭᠡᠢ᠌ᠯᠡᠨ ᠬᠣᠷᠢᠭᠯᠠᠨ᠎ᠠ᠃ ᠬᠥᠳᠡᠭᠡ ᠲᠣᠰᠬᠤᠨ᠎ᠤ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠥᠳᠡᠭᠡ ᠲᠣᠰᠬᠤᠨ᠎ᠤ ᠵᠣᠭᠣᠰ ᠨᠠᠭ᠋ᠠᠳᠬᠤ ᠠᠵᠢᠯᠯᠠᠭ᠎ᠠ᠎ᠳᠤ ᠭᠦᠨᠵᠡᠭᠡᠢ ᠴᠣᠬᠢᠯᠲᠠ ᠥᠭᠴᠦ ᠲᠡᠭᠦᠨ᠎ᠢ ᠴᠡᠭᠴᠡᠯᠡᠨ ᠵᠠᠰᠠᠵᠤ᠂ ᠬᠥᠳᠡᠭᠡ ᠲᠣᠰᠬᠤᠨ᠎ᠤ ᠬᠣᠣᠷᠲᠤ ᠡᠳ᠋᠎ᠢ ᠴᠠᠭ᠋ᠠᠵᠠᠯᠠᠬᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠠᠢ᠌ᠭᠤᠯᠵᠤ᠂ ᠲᠠᠷᠢᠶᠠᠯᠠᠩ᠎ᠳᠤ ᠬᠣᠯᠪᠣᠭᠳᠠᠭᠰᠠᠨ ᠬᠦᠷᠢᠶᠡᠨ᠎ᠳᠠᠬᠢ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠠᠵᠤ ᠠᠬᠤᠢ ᠵᠢᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠬᠥᠳᠡᠭᠡ ᠲᠣᠰᠬᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ᠎ᠤ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ ᠤᠨᠲᠠᠷᠠᠭ᠋ᠠᠬᠤ᠂ ᠥᠪᠡᠰᠦᠪᠡᠨ ᠭᠡᠷ ᠪᠠᠷᠢᠬᠤ ᠵᠡᠷᠭᠡ ᠬᠦᠷᠢᠶᠡᠨ᠎ᠳᠠᠬᠢ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠪᠠ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠴᠢᠩᠭ᠋ᠠᠳᠬᠠᠨ᠎ᠠ᠃
ᠵᠢᠷᠭᠤᠭ᠎ᠠ᠂ ᠡᠯᠧᠮᠧᠨ᠋ᠲ᠎ᠢ ᠪᠠᠲᠤᠯᠠᠬᠤ ᠪᠠ ᠲᠣᠬᠢᠷᠠᠭᠤᠯᠭ᠎ᠠ ᠰᠢᠯᠢᠳᠡᠭᠵᠢᠭᠦᠯᠬᠦ ᠪᠠᠢ᠌ᠭᠤᠯᠤᠯ ᠲᠣᠭᠲᠠᠴᠠ ᠵᠢ ᠬᠦᠴᠦᠯᠡᠨ ᠪᠦᠷᠢᠨᠰᠢᠭᠦᠯᠦᠨ᠎ᠡ
(ᠬᠣᠷᠢᠨ ᠲᠠᠪᠤ) ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠵᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ 《ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠵᠤ᠂ ᠪᠠᠭ᠎ᠠ ᠲᠣᠬᠢᠷᠠᠭᠤᠯᠤᠯᠲᠠ ᠬᠢᠬᠦ》 ᠵᠢ ᠪᠠᠷᠢᠮᠲᠠᠯᠠᠵᠤ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠲᠠᠬᠢᠨ ᠭᠤᠴᠢᠨ ᠵᠢᠯ ᠤᠷᠲᠤᠳᠬᠠᠬᠤ ᠲᠤᠷᠰᠢᠯᠲᠠ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠪᠦᠬᠦ ᠮᠤᠵᠢ ᠵᠢᠨ ᠲᠤᠷᠰᠢᠯᠲᠠ ᠵᠢᠨ ᠬᠡᠪᠴᠢᠶ᠎ᠡ ᠵᠢ ᠥᠷᠭᠡᠳᠬᠡᠨ᠂ ᠤᠷᠲᠤᠳᠬᠠᠨ ᠳᠠᠭ᠋ᠠᠭ᠋ᠠᠴᠢᠯᠠᠭᠤᠯᠬᠤ ᠶᠠᠪᠤᠴᠠ᠎ᠳᠠᠬᠢ ᠵᠥᠷᠢᠴᠡᠯ ᠵᠢᠭᠤᠷᠠᠯᠳᠤᠭ᠋ᠠᠨ᠎ᠢ ᠲᠣᠬᠢᠲᠠᠢ ᠰᠢᠢ᠍ᠳᠪᠦᠷᠢᠯᠡᠵᠦ᠂ ᠵᠣᠩᠬᠢᠯᠠᠬᠤ ᠤᠯᠠᠨ ᠲᠣᠭ᠋ᠠᠨ᠎ᠤ ᠲᠠᠷᠢᠶᠠᠴᠢᠨ ᠡᠷᠦᠭᠡ ᠵᠢᠨ ᠳᠠᠭ᠋ᠠᠭ᠋ᠠᠴᠢᠯᠠᠯᠲᠠ ᠵᠢᠨ ᠭᠠᠵᠠᠷ᠎ᠢ ᠶᠡᠷᠦᠩᠬᠡᠢ᠎ᠳᠡᠭᠡᠨ ᠤᠷᠲᠤᠳᠬᠠᠬᠤ ᠵᠢ ᠦᠨᠡᠨ ᠬᠦ᠌ ᠪᠠᠲᠤᠯᠠᠵᠤ᠂ ᠲᠣᠭᠲᠠᠭᠤᠨ ᠪᠠᠶ᠋ᠢᠳᠠᠯ᠎ᠢ ᠪᠠᠲᠤᠯᠠᠨ᠎ᠠ᠃ ᠳᠠᠭ᠋ᠠᠭ᠋ᠠᠴᠢᠯᠠᠭᠰᠠᠨ ᠭᠠᠵᠠᠷ᠎ᠤᠨ ᠡᠵᠡᠩᠨᠡᠯᠲᠡ ᠵᠢᠨ ᠡᠷᠬᠡ ᠵᠢ ᠡᠷᠭᠢᠯᠲᠡ᠎ᠳᠤ ᠣᠷᠣᠭᠤᠯᠬᠤ ᠵᠢ ᠬᠠᠮᠢᠶᠠᠷᠬᠤ ᠦᠢ᠍ᠯᠡᠴᠢᠯᠡᠭᠡᠨ᠎ᠤ ᠳᠦᠷᠢᠮ᠎ᠢ ᠪᠦᠷᠢᠨᠰᠢᠭᠦᠯᠵᠦ᠂ ᠭᠦᠢ᠍ᠴᠡᠳᠬᠡᠯ ᠲᠣᠭ᠎ᠠ ᠪᠠᠭᠤᠯᠭ᠋ᠠᠬᠤ᠂ ᠡᠭᠦᠷᠭᠡ ᠲᠣᠭᠲᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠭᠠᠵᠠᠷ ᠰᠢᠷᠣᠢ ᠵᠢ ᠡᠷᠭᠢᠯᠲᠡ᠎ᠳᠤ ᠣᠷᠣᠭᠤᠯᠬᠤ ᠵᠢ ᠲᠦᠯᠬᠢᠨ ᠠᠬᠢᠭᠤᠯᠵᠤ ᠪᠣᠯᠬᠤ ᠦᠭᠡᠢ᠃ ᠡᠷᠭᠢᠯᠲᠡ ᠵᠢᠨ ᠦᠨ᠎ᠡ ᠬᠠᠩᠰᠢ ᠵᠢᠨ ᠵᠢᠭ᠋ᠠᠯᠲᠠ ᠲᠣᠭ᠎ᠠ ᠵᠢ ᠨᠡᠢ᠌ᠲᠡᠯᠡᠬᠦ᠂ ᠪᠣᠳᠠᠲᠤ ᠶᠠᠭᠤᠮ᠎ᠠ᠎ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠷᠭᠢᠯᠲᠡ ᠵᠢᠨ ᠵᠠᠷᠤᠳᠠᠯ᠎ᠢ ᠵᠦᠢ ᠵᠣᠬᠢᠰᠲᠠᠢ ᠬᠢᠷᠢ ᠲᠦᠪᠰᠢᠨ᠎ᠳᠤ ᠲᠣᠭᠲᠠᠪᠤᠷᠢᠵᠢᠭᠤᠯᠬᠤ ᠵᠢ ᠠᠬᠢᠭᠤᠯᠤᠨ᠎ᠠ᠃ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠪᠣᠢ᠌ᠵᠢᠭᠤᠯᠵᠤ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠵᠢ ᠳᠠᠢ᠌ᠴᠢᠯᠠᠬᠤ ᠴᠢᠳᠠᠪᠤᠷᠢ ᠵᠢ ᠨᠡᠮᠡᠭᠳᠡᠭᠦᠯᠦᠨ᠎ᠡ᠃
(ᠬᠣᠷᠢᠨ ᠵᠢᠷᠭᠤᠭ᠎ᠠ) ᠬᠥᠳᠡᠭᠡ ᠲᠣᠰᠬᠤᠨ᠎ᠤ ᠡᠬᠢ ᠪᠠᠶᠠᠯᠢᠭ ᠡᠳ᠋ ᠬᠥᠷᠥᠩᠭᠡ ᠵᠢ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠨ᠎ᠡ᠃ ᠭᠡᠷ ᠪᠠᠢ᠌ᠰᠢᠩ ᠭᠠᠵᠠᠷ ᠰᠢᠷᠣᠢ ᠵᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠡᠷᠬᠡ ᠵᠢ ᠨᠤᠲᠠᠯᠠᠨ ᠳᠡᠩᠰᠡᠯᠡᠵᠦ ᠦᠨᠡᠮᠯᠡᠯ ᠣᠯᠭᠣᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠨ᠎ᠡ᠃ ᠲᠠᠷᠢᠶᠠᠴᠢᠨ ᠡᠷᠦᠬᠡ ᠵᠢᠨ ᠬᠠᠤᠯᠢ ᠶᠣᠰᠣᠭ᠋ᠠᠷ ᠥᠮᠴᠢᠯᠡᠵᠦ ᠪᠠᠢ᠌ᠭ᠎ᠠ ᠣᠷᠣᠨ ᠰᠠᠭᠤᠴᠠ ᠵᠢ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠮᠢᠳᠤᠯᠢᠭᠵᠢᠭᠤᠯᠤᠨ ᠠᠰᠢᠭᠯᠠᠬᠤ ᠪᠦᠲᠦᠮᠵᠢᠲᠡᠢ ᠪᠡᠶᠡᠯᠡᠭᠳᠡᠬᠦ ᠬᠡᠯᠪᠡᠷᠢ ᠵᠢ ᠬᠠᠢ᠌ᠨ ᠰᠦᠪᠡᠭᠴᠢᠯᠡᠨ᠎ᠡ᠃ ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ ᠬᠥᠳᠡᠭᠡ ᠲᠣᠰᠬᠤᠨ᠎ᠠᠴᠠ ᠲᠠᠷᠢᠶᠠᠴᠢᠨ᠎ᠤ ᠭᠡᠷ ᠪᠠᠢ᠌ᠰᠢᠩ᠂ ᠣᠷᠣᠨ ᠰᠠᠭᠤᠴᠠ ᠵᠢᠨ ᠭᠠᠵᠠᠷ ᠬᠤᠳᠠᠯᠳᠤᠨ ᠠᠪᠬᠤ ᠵᠢ ᠵᠥᠪᠰᠢᠶᠡᠷᠡᠬᠦ ᠦᠭᠡᠢ᠂ ᠠᠵᠢᠯ᠎ᠠᠴᠠ᠎ᠪᠠᠨ ᠪᠠᠭᠤᠵᠤ ᠠᠮᠠᠷᠠᠭᠰᠠᠨ ᠺᠠᠳ᠋ᠷᠴᠤᠳ᠎ᠤᠨ ᠬᠥᠳᠡᠭᠡ ᠲᠣᠰᠬᠤᠨ᠎ᠳᠤ ᠣᠴᠢᠵᠤ ᠭᠠᠵᠠᠷ ᠡᠵᠡᠯᠡᠨ ᠭᠡᠷ ᠪᠠᠷᠢᠬᠤ ᠵᠢ ᠵᠥᠪᠰᠢᠶᠡᠷᠡᠬᠦ ᠦᠭᠡᠢ᠃ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠥᠭᠡᠷᠡᠴᠢᠯᠡᠯᠲᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠠᠰᠢᠭ ᠣᠷᠣᠯᠭ᠎ᠠ ᠵᠢ ᠬᠤᠪᠢᠶᠠᠷᠢᠯᠠᠬᠤ ᠪᠠ ᠡᠷᠬᠡ ᠠᠰᠢᠭ᠎ᠢ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢ ᠬᠥᠭᠵᠢᠭᠦᠯᠵᠦ᠂ ᠬᠠᠮᠲᠤ ᠵᠢᠨ ᠣᠷᠣᠯᠭ᠎ᠠ᠎ᠳᠤ ᠠᠯᠪᠠ᠎ᠪᠠᠷ ᠬᠠᠷᠠᠯᠲᠠ ᠲᠣᠭᠲᠠᠭ᠋ᠠᠬᠤ ᠦᠭᠡᠢ᠂ ᠬᠠᠮᠲᠤ ᠵᠢᠨ ᠡᠵᠡᠩᠨᠡᠯᠲᠡ ᠵᠢᠨ ᠠᠶᠤᠯ ᠲᠦᠭᠰᠢᠭᠦᠷᠢ ᠪᠠ ᠥᠷᠢ ᠥᠭᠴᠡᠭᠡ ᠵᠢ ᠴᠢᠩᠭ᠎ᠠ ᠬᠢᠵᠠᠭ᠋ᠠᠷᠯᠠᠨ᠎ᠠ᠃ ᠬᠥᠳᠡᠭᠡ ᠲᠣᠰᠬᠤᠨ᠎ᠤ ᠬᠠᠮᠲᠤ ᠵᠢᠨ ᠪᠡᠯᠡ ᠮᠥᠩᠭᠥ᠂ ᠡᠳ᠋ ᠬᠥᠷᠥᠩᠭᠡ ᠪᠠ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠤᠰᠬᠠᠢ ᠵᠦᠢ᠍ᠯ᠎ᠤᠨ ᠵᠠᠰᠠᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠵᠢ ᠲᠦᠯᠬᠢᠨ ᠠᠬᠢᠭᠤᠯᠤᠨ᠎ᠠ᠃
(ᠬᠣᠷᠢᠨ ᠲᠤᠯᠤᠭ᠎ᠠ) ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠵᠢᠨ ᠰᠢᠨ᠎ᠡ ᠵᠢ ᠡᠭᠦᠳᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠦᠷᠢᠶᠡᠨ᠎ᠳᠠᠬᠢ ᠡᠩ᠎ᠤᠨ ᠤᠯᠠᠨ ᠨᠠᠢ᠌ᠳᠠ ᠵᠢᠨ ᠲᠥᠰᠥᠪ᠎ᠤᠨ ᠣᠷᠣᠭᠤᠯᠤᠯᠲᠠ ᠵᠢ ᠤᠷᠢᠳ ᠵᠶ᠋ᠠᠷ ᠪᠠᠲᠤᠯᠠᠵᠤ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ᠎ᠪᠠᠷ ᠤᠷᠮᠠᠰᠢᠭᠤᠯᠤᠨ ᠬᠢᠵᠠᠭ᠋ᠠᠷᠯᠠᠬᠤ ᠵᠢ ᠴᠢᠩᠭ᠋ᠠᠳᠬᠠᠨ᠎ᠠ᠃ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ᠂ ᠤᠷᠳᠤ ᠬᠤᠭᠤᠴᠠᠭ᠋ᠠᠨ᠎ᠠᠴᠠ ᠳᠠᠪᠠᠭᠰᠠᠨ ᠣᠨᠴᠠᠭ᠋ᠠᠢ ᠤᠯᠤᠰ᠎ᠤᠨ ᠵᠢᠭᠡᠯᠡᠯᠭᠡ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠦᠷᠢᠶᠡᠨ᠎ᠳᠠᠬᠢ ᠴᠢᠬᠤᠯᠠ ᠶᠡᠬᠡ ᠲᠥᠷᠥᠯ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠣᠰ ᠰᠣᠯᠢᠬᠤ᠂ ᠵᠥᠷᠢᠶᠡᠲᠦ ᠬᠠᠳᠠᠭ᠋ᠠᠯᠠᠮᠵᠢ ᠵᠢᠨ ᠪᠡᠯᠡᠳᠬᠡᠯ ᠮᠥᠩᠭᠥᠨ᠎ᠤ ᠨᠣᠷᠮ᠎ᠠ ᠵᠡᠷᠭᠡ ᠵᠣᠭᠣᠰᠤᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠬᠡᠷᠡᠭᠯᠡᠨ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠷᠢᠶᠡᠨ᠎ᠳᠠᠬᠢ ᠪᠡᠯᠡ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ᠃ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠲᠤᠰᠬᠠᠢ ᠲᠥᠷᠥᠯ᠎ᠤᠨ ᠮᠥᠩᠭᠥᠨ ᠭᠦᠢ᠍ᠯᠭᠡᠭᠡᠨ᠎ᠤ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠳᠡᠮᠵᠢᠨ᠎ᠡ᠃ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠵᠣᠷᠢᠭᠵᠢᠭᠤᠯᠤᠨ᠎ᠠ᠃ ᠬᠥᠳᠡᠭᠡ ᠲᠣᠰᠬᠤᠨ᠎ᠤ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠭᠦᠨᠵᠡᠭᠡᠢ ᠲᠦᠯᠬᠢᠨ ᠠᠬᠢᠭᠤᠯᠵᠤ᠂ ᠬᠥᠳᠡᠭᠡ ᠠᠵᠤ ᠠᠬᠤᠢ᠎ᠳᠤ ᠬᠣᠯᠪᠣᠭᠳᠠᠬᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠵᠤ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠎ᠠ᠃ ᠮᠠᠯ ᠵᠢᠭᠦᠷᠲᠡᠨ᠎ᠤ ᠠᠮᠢᠳᠤ ᠴᠣᠭᠴᠠ᠂ ᠲᠠᠷᠢᠶᠠᠯᠠᠩ᠎ᠤᠨ ᠲᠥᠬᠦᠭᠡᠷᠦᠮᠵᠢ ᠵᠡᠷᠭᠡ᠎ᠳᠤ ᠪᠠᠷᠢᠴᠠᠭ᠋ᠠᠯᠠᠭᠰᠠᠨ ᠪᠡᠯᠡ ᠲᠣᠬᠢᠷᠠᠭᠤᠯᠭ᠎ᠠ ᠵᠢᠨ ᠵᠢᠭᠡᠯᠡᠯᠭᠡ ᠵᠢ ᠳᠡᠯᠭᠡᠷᠡᠭᠦᠯᠦᠨ᠎ᠡ᠃ ᠬᠥᠳᠡᠭᠡ ᠲᠣᠰᠬᠤᠨ᠎ᠤ ᠳᠤᠮᠳᠠ ᠪᠠᠭ᠎ᠠ ᠪᠠᠩᠬᠢ ᠵᠢᠨ ᠬᠥᠳᠡᠭᠡ ᠠᠵᠤ ᠠᠬᠤᠢ᠎ᠢ ᠳᠡᠮᠵᠢᠬᠦ ᠵᠢᠵᠢᠭ ᠪᠠᠩᠬᠢ ᠵᠢ ᠳᠡᠮᠵᠢᠬᠦ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ 《ᠨᠢᠭᠡ ᠮᠤᠵᠢ᠎ᠳᠤ ᠨᠢᠭᠡ ᠠᠷᠭ᠎ᠠ ᠪᠣᠳᠣᠯᠭ᠎ᠠ》᠎ᠪᠠᠷ ᠬᠥᠳᠡᠭᠡ ᠲᠣᠰᠬᠤᠨ᠎ᠤ ᠢᠲᠡᠭᠡᠮᠵᠢ ᠵᠢᠨ ᠬᠣᠷᠰᠢᠶᠠᠨ᠎ᠤ ᠥᠭᠡᠷᠡᠴᠢᠯᠡᠯᠲᠡ ᠵᠢ ᠲᠦᠷᠭᠡᠳᠬᠡᠵᠦ᠂ ᠭᠠᠴᠠᠭ᠎ᠠ ᠪᠠᠯᠭ᠋ᠠᠰᠤᠨ᠎ᠤ ᠪᠠᠩᠬᠢ ᠵᠢᠨ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠪᠠᠢ᠌ᠭᠤᠯᠬᠤ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠵᠢᠨ ᠲᠠᠷᠢᠶᠠᠯᠠᠩ᠎ᠤᠨ ᠳᠠᠭ᠋ᠠᠳᠬᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭ᠋ᠠᠳᠬᠠᠯ᠎ᠢ ᠬᠥᠭᠵᠢᠭᠦᠯᠬᠦ ᠵᠢ ᠳᠡᠮᠵᠢᠨ᠎ᠡ᠃ ᠬᠥᠳᠡᠭᠡ ᠲᠣᠰᠬᠤᠨ᠎ᠤ ᠡᠯ᠎ᠡ ᠵᠦᠢ᠍ᠯ᠎ᠤᠨ ᠬᠠᠤᠯᠢ ᠪᠤᠰᠤ ᠮᠥᠩᠭᠥᠨ ᠭᠦᠢ᠍ᠯᠭᠡᠭᠡᠨ᠎ᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠲᠠᠷᠢᠶᠠᠯᠠᠩ᠎ᠳᠤ ᠬᠣᠯᠪᠣᠭᠳᠠᠬᠤ ᠪᠡᠯᠡ ᠮᠥᠩᠭᠥ ᠵᠢᠨ ᠲᠥᠷᠥᠯ ᠵᠦᠢ᠍ᠯᠡᠰ᠎ᠤᠨ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠴᠢᠳ᠎ᠲᠤ ᠠᠰᠢᠭ ᠬᠦᠷᠲᠡᠭᠡᠬᠦ ᠪᠡᠯᠡ ᠮᠥᠩᠭᠥ ᠵᠢ ᠮᠡᠬᠡᠯᠡᠨ ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ᠎ᠢ ᠬᠦᠴᠦᠯᠡᠨ ᠴᠡᠭᠴᠡᠯᠡᠨ ᠵᠠᠰᠠᠨ᠎ᠠ᠃
(ᠬᠣᠷᠢᠨ ᠨᠠᠢ᠍ᠮᠠ) ᠬᠥᠳᠡᠭᠡ ᠲᠣᠰᠬᠤᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠠ ᠬᠥᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ ᠵᠢ ᠬᠡᠷᠡᠭᠵᠢᠭᠦᠯᠵᠦ᠂ ᠲᠠᠷᠢᠶᠠᠴᠢᠳ᠎ᠤᠨ ᠮᠡᠷᠭᠡᠵᠢᠯ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠡᠯ᠎ᠡ ᠳᠦᠷᠦᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠬᠡᠷᠡᠭᠯᠡᠭᠡᠨ᠎ᠤ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠤᠨ᠎ᠠ᠃ ᠬᠥᠳᠡᠭᠡ ᠲᠣᠰᠬᠤᠨ᠎ᠤ ᠤᠷᠠᠨ ᠲᠠᠷᠬᠠᠨ᠎ᠢ ᠪᠣᠢ᠌ᠵᠢᠭᠤᠯᠬᠤ ᠢᠨᠵᠧᠨᠧᠷᠢᠩ᠎ᠢ ᠲᠦᠯᠬᠢᠨ ᠠᠬᠢᠭᠤᠯᠤᠨ᠎ᠠ᠃ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠲᠠᠷᠢᠶᠠᠯᠠᠩ᠎ᠳᠤ ᠬᠣᠯᠪᠣᠭᠳᠠᠬᠤ ᠰᠢᠨᠵᠢᠯᠡᠭᠡᠨ᠎ᠤ ᠲᠤᠰᠬᠠᠢ ᠮᠡᠷᠭᠡᠵᠢᠯ᠎ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠲᠠᠷᠢᠶᠠᠯᠠᠩ᠎ᠳᠤ ᠬᠣᠯᠪᠣᠭᠳᠠᠬᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠣᠨ ᠲᠠᠷᠢᠶᠠᠯᠠᠩ᠎ᠤᠨ ᠠᠵᠤ ᠠᠬᠤᠢ᠌ᠯᠠᠯ ᠵᠡᠷᠭᠡ ᠵᠢᠨ ᠦᠢ᠍ᠯᠡᠳᠪᠦᠷᠢᠯᠡᠯ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠢ᠌ᠭᠤᠯᠬᠤ ᠵᠢ ᠵᠣᠷᠢᠭᠵᠢᠭᠤᠯᠤᠨ᠎ᠠ᠃ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ ᠣᠨᠴᠠ ᠠᠵᠢᠯ᠎ᠤᠨ ᠪᠠᠶ᠋ᠢᠷᠢ ᠵᠢᠨ ᠲᠥᠯᠥᠪᠯᠡᠭᠡ᠂ ᠣᠶᠤᠲᠠᠳ᠎ᠤᠨ ᠪᠠᠷᠠᠭᠤᠨ ᠣᠷᠣᠨ᠎ᠳᠤ ᠰᠠᠶ᠋ᠢᠨ ᠳᠤᠷ᠎ᠠ᠎ᠠᠴᠠ᠎ᠪᠠᠨ ᠦᠢ᠍ᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ᠎ᠤ ᠡᠮᠡᠭᠲᠡᠶ᠋ᠢᠴᠦᠳ᠎ᠤᠨ ᠬᠦᠰᠡᠯ ᠵᠡᠭᠦᠳᠦ᠎ᠪᠠᠨ ᠬᠥᠭᠡᠭᠡᠴᠡᠯᠳᠦᠭᠴᠢ ᠵᠢᠨ ᠲᠥᠯᠥᠪᠯᠡᠭᠡ ᠪᠣᠯᠣᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠠᠯᠠᠭᠤ ᠨᠠᠰᠤᠨ᠎ᠤ ᠭᠠᠪᠢᠶ᠎ᠠ ᠪᠠᠢ᠌ᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠭ᠎ᠠ ᠬᠦᠷᠢᠶᠡᠯᠡᠩ᠎ᠤᠨ ᠬᠥᠳᠡᠭᠡ ᠲᠣᠰᠬᠤᠨ᠎ᠳᠤ ᠦᠨᠳᠦᠰᠦᠯᠡᠵᠦ ᠬᠥᠳᠡᠭᠡ ᠠᠵᠤ ᠠᠬᠤᠢ᠎ᠢ ᠳᠡᠮᠵᠢᠨ ᠲᠠᠷᠢᠶᠠᠴᠢᠳ᠎ᠲᠤ ᠠᠰᠢᠭ ᠬᠦᠷᠲᠡᠭᠡᠬᠦ ᠵᠢ ᠳᠡᠮᠵᠢᠨ᠎ᠡ᠃ ᠣᠶᠤᠲᠠᠳ᠎ᠤᠨ ᠬᠥᠳᠡᠭᠡ ᠲᠣᠰᠬᠤᠨ᠎ᠤ ᠡᠮᠴᠢ ᠵᠢᠨ ᠲᠤᠰᠬᠠᠢ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠦᠨ᠎ᠡ᠃ ᠬᠤᠳᠠ ᠵᠢᠨ ᠴᠢᠳᠠᠪᠤᠷᠢᠲᠠᠨ᠎ᠤ ᠬᠥᠳᠡᠭᠡ ᠲᠣᠰᠬᠤᠨ᠎ᠳᠤ ᠦᠢ᠍ᠯᠡᠴᠢᠯᠡᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ᠂ ᠦᠨᠡᠯᠡᠨ ᠲᠣᠭᠲᠠᠭ᠋ᠠᠬᠤ ᠤᠷᠢᠨ ᠬᠡᠷᠡᠭᠯᠡᠬᠦ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃
(ᠬᠣᠷᠢ ᠶᠢᠰᠦ) ᠣᠢ ᠰᠢᠭᠤᠢ᠂ ᠠᠲᠠᠷ ᠬᠠᠭ᠋ᠠᠯᠪᠤᠷᠢᠯᠠᠯᠲᠠ ᠪᠠ ᠬᠠᠩᠭ᠋ᠠᠨ ᠪᠣᠷᠣᠯᠠᠭᠤᠯᠬᠤ ᠬᠣᠷᠰᠢᠶ᠎ᠠ ᠵᠡᠷᠭᠡ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠠᠮᠲᠤ ᠵᠢᠨ ᠤᠢ ᠮᠣᠳᠣᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠢ ᠮᠣᠳᠣ ᠵᠢ ᠣᠭᠲᠣᠯᠬᠤ ᠬᠠᠮᠢᠶᠠᠷᠤᠯᠲᠠ ᠵᠢᠨ ᠳᠦᠷᠢᠮ᠎ᠢ ᠲᠣᠬᠢᠷᠠᠭᠤᠯᠤᠨ ᠰᠢᠯᠢᠳᠡᠭᠵᠢᠭᠦᠯᠵᠦ᠂ ᠡᠷᠬᠡᠲᠦ ᠬᠥᠮᠥᠨ᠎ᠳᠤ ᠤᠢ ᠮᠣᠳᠣ ᠵᠢ ᠰᠢᠢ᠍ᠳᠪᠦᠷᠢᠯᠡᠬᠦ ᠡᠷᠬᠡ ᠪᠠ ᠲᠡᠭᠦᠨ᠎ᠠᠴᠠ ᠠᠰᠢᠭ ᠣᠯᠬᠤ ᠡᠷᠬᠡ ᠵᠢ ᠨᠡᠩ ᠭᠦᠢ᠍ᠴᠡᠳ ᠣᠯᠭᠣᠨ᠎ᠠ᠃ ᠠᠲᠠᠷ ᠬᠠᠭ᠋ᠠᠯᠪᠤᠷᠢᠯᠠᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠳ᠋ ᠬᠥᠷᠥᠩᠭᠡ ᠵᠢ ᠬᠢᠨᠠᠨ ᠬᠠᠮᠢᠶᠠᠷᠬᠤ ᠪᠠ ᠺᠣᠮᠫᠠᠨᠢ ᠵᠢ ᠵᠠᠰᠠᠬᠤ ᠵᠡᠷᠭᠡ ᠪᠠᠢ᠌ᠭᠤᠯᠤᠯ ᠲᠣᠭᠲᠠᠴᠠ ᠵᠢ ᠪᠦᠷᠢᠨᠰᠢᠭᠦᠯᠦᠨ᠎ᠡ᠃ ᠤᠯᠤᠰ᠎ᠤᠨ ᠥᠮᠴᠢᠯᠡᠯ᠎ᠤᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠡᠷᠬᠡ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠵᠢ ᠠᠬᠢᠭᠤᠯᠤᠨ᠎ᠠ᠃ ᠬᠠᠩᠭ᠋ᠠᠨ ᠪᠣᠷᠣᠯᠠᠭᠤᠯᠬᠤ ᠬᠤᠷᠰᠢᠶ᠎ᠠ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠪᠠ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ᠎ᠢ ᠵᠠᠰᠠᠬᠤ ᠵᠢ ᠦᠷᠭᠦᠯᠵᠢᠯᠡᠨ ᠲᠦᠯᠬᠢᠨ ᠠᠬᠢᠭᠤᠯᠵᠤ᠂ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠨ᠎ᠡ᠃
(ᠭᠤᠴᠢ) ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠣᠲᠠ ᠵᠢᠨ ᠠᠷᠠᠳ ᠪᠣᠯᠭ᠋ᠠᠬᠤ ᠲᠣᠭᠲᠠᠴᠠ ᠵᠢ ᠪᠦᠷᠢᠨᠰᠢᠭᠦᠯᠦᠨ᠎ᠡ᠃ ᠰᠢᠯᠵᠢᠭᠦᠯᠦᠨ ᠲᠣᠭ᠋ᠠᠴᠠᠭ᠎ᠠ ᠬᠢᠬᠦ᠂ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠦᠢ᠍ᠴᠡᠳᠬᠡᠬᠦ ᠲᠣᠭ᠎ᠠ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠡᠷᠭᠡ ᠵᠢ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠠᠷᠠᠳ ᠪᠣᠯᠭ᠋ᠠᠬᠤ᠎ᠲᠠᠢ ᠬᠣᠯᠪᠣᠭᠳᠠᠭᠤᠯᠬᠤ ᠵᠢ ᠲᠦᠯᠬᠢᠨ ᠠᠬᠢᠭᠤᠯᠤᠨ᠎ᠠ᠃ ᠪᠦᠬᠦ ᠤᠯᠤᠰ᠎ᠤᠨ ᠢᠯᠡ ᠪᠥᠭᠡᠳ ᠨᠢᠭᠡᠳᠦᠯᠲᠡᠢ ᠡᠷᠦᠬᠡ ᠠᠮᠠ ᠵᠢᠨ ᠳᠠᠩᠰᠠ ᠵᠢᠨ ᠬᠠᠮᠢᠶᠠᠷᠤᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠵᠦ᠂ ᠪᠠᠢ᠌ᠩᠭᠤ ᠰᠠᠭᠤᠭ᠎ᠠ ᠭᠠᠵᠠᠷ᠎ᠠᠴᠠ ᠡᠷᠦᠬᠡ ᠠᠮᠠ ᠵᠢᠨ ᠳᠠᠩᠰᠠ ᠵᠢ ᠳᠠᠩᠰᠠᠯᠠᠵᠤ ᠦᠨᠳᠦᠰᠦᠨ ᠤᠯᠠᠨ ᠨᠠᠢ᠌ᠳᠠ ᠵᠢᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠬᠡᠷᠡᠭᠵᠢᠭᠦᠯᠦᠨ᠎ᠡ᠃ ᠨᠥᠬᠥᠴᠡᠯ᠎ᠲᠠᠢ ᠬᠤᠳᠠ ᠵᠢᠨ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠢ᠌ᠭ᠎ᠠ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠠᠯᠬᠤᠮ ᠠᠯᠬᠤᠮ ᠵᠶ᠋ᠠᠷ ᠣᠷᠣᠭᠤᠯᠬᠤ ᠵᠢ ᠵᠣᠷᠢᠭᠵᠢᠭᠤᠯᠤᠨ᠎ᠠ᠃ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠲᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠨᠡᠭᠦᠵᠦ ᠣᠴᠢᠭᠰᠠᠨ ᠭᠠᠵᠠᠷ᠎ᠤᠨ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ᠎ᠳᠤ ᠰᠤᠷᠤᠯᠴᠠᠬᠤ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠢᠯ ᠣᠯᠣᠭᠰᠠᠨ ᠭᠠᠵᠠᠷ᠎ᠤᠨ ᠳᠠᠭ᠋ᠠᠳᠬᠠᠯ᠎ᠳᠤ ᠣᠷᠣᠬᠤ ᠡᠷᠦᠬᠡ ᠠᠮᠠ ᠵᠢᠨ ᠬᠢᠵᠠᠭ᠋ᠠᠷᠯᠠᠯ᠎ᠢ ᠪᠥᠬᠥ ᠲᠠᠯ᠎ᠠ᠎ᠪᠠᠷ ᠬᠦᠴᠦᠨ ᠦᠭᠡᠢ ᠪᠣᠯᠭ᠋ᠠᠨ᠎ᠠ᠃ ᠬᠤᠳᠠ᠎ᠳᠤ ᠡᠷᠦᠭᠡ ᠠᠮᠠ᠎ᠪᠠᠨ ᠣᠷᠣᠭᠤᠯᠤᠭᠰᠠᠨ ᠲᠠᠷᠢᠶᠠᠴᠢᠳ᠎ᠤᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠡᠷᠬᠡ᠂ ᠭᠡᠷ ᠪᠠᠢ᠌ᠰᠢᠩ᠎ᠤᠨ ᠰᠠᠭᠤᠷᠢ ᠭᠠᠵᠠᠷ᠎ᠢ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠵᠢ ᠬᠤᠪᠢᠶᠠᠷᠢᠯᠠᠬᠤ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠰᠠᠢ᠍ᠢ᠍ᠨ ᠳᠤᠷ᠎ᠠ᠎ᠠᠴᠠ᠎ᠪᠠᠨ ᠲᠥᠯᠥᠪᠦᠷᠢ᠎ᠲᠠᠢ᠎ᠪᠠᠷ ᠤᠬᠤᠷᠢᠨ ᠭᠠᠷᠬᠤ ᠠᠷᠭ᠎ᠠ ᠵᠢ ᠰᠦᠪᠡᠭᠴᠢᠯᠡᠨ ᠪᠠᠢ᠌ᠭᠤᠯᠤᠨ᠎ᠠ᠃
ᠬᠥᠳᠡᠭᠡ ᠲᠣᠰᠬᠤᠨ᠎ᠤ ᠶᠠᠪᠤᠳᠠᠯ᠎ᠢ ᠰᠠᠶ᠋ᠢᠲᠤᠷ ᠬᠢᠵᠦ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ ᠵᠢᠨ ᠵᠠᠩᠭᠢᠯᠠᠭ᠎ᠠ᠎ᠨᠢ ᠨᠠᠮ᠎ᠳᠤ ᠪᠤᠢ᠃ ᠡᠷᠬᠡᠪᠰᠢ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ ᠲᠠᠪᠤᠨ ᠱᠠᠲᠤᠨ᠎ᠤ ᠱᠦᠵᠢ ᠵᠢᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠠᠳᠬᠤᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠪᠠᠲᠤᠳᠬᠠᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠵᠢ ᠳᠡᠮᠵᠢᠬᠦ ᠳᠦᠷᠢᠮ᠎ᠢ ᠲᠡᠭᠦᠯᠳᠡᠷᠵᠢᠭᠦᠯᠵᠦ᠂ 《ᠮᠢᠩᠭ᠎ᠠ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠬᠦ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠲᠡᠦᠬᠡ ᠵᠢᠨ ᠬᠦᠯᠢᠴᠡᠩᠭᠦᠢ ᠣᠪᠣᠷ᠎ᠢ ᠪᠠᠷᠢᠮᠲᠠᠯᠠᠵᠤ᠂ ᠴᠢᠳᠠᠯ᠎ᠤᠨ ᠬᠢᠷᠢ᠎ᠪᠠᠷ ᠵᠶ᠋ᠡᠨ ᠴᠢᠷᠮᠠᠢ᠌ᠵᠤ᠂ ᠴᠢᠳᠠᠯ ᠵᠶ᠋ᠠᠷ ᠵᠶ᠋ᠠᠨ ᠬᠢᠵᠦ᠂ ᠬᠦᠴᠦᠨ ᠵᠶ᠋ᠡᠨ ᠲᠥᠪᠯᠡᠷᠡᠭᠦᠯᠦᠨ ᠨᠢᠭᠡ ᠪᠦᠯᠦᠭ ᠭᠣᠣᠯᠳᠠᠯᠭ᠎ᠠ᠎ᠲᠠᠢ ᠪᠣᠳᠠᠲᠤ ᠶᠠᠪᠤᠳᠠᠯ ᠪᠦᠲᠦᠭᠡᠬᠦ ᠵᠢ ᠰᠠᠶ᠋ᠢᠲᠤᠷ ᠠᠳᠬᠤᠵᠤ᠂ ᠲᠠᠷᠢᠶᠠᠴᠢᠨ ᠲᠦᠮᠡᠨ᠎ᠳᠤ ᠪᠣᠳᠠᠲᠠᠢ ᠠᠰᠢᠭ ᠲᠤᠰᠠ ᠬᠦᠷᠲᠡᠭᠡᠬᠦ ᠬᠡᠷᠡᠭᠲᠡᠶ᠃ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠰᠠᠶ᠋ᠢᠲᠤᠷ ᠵᠠᠮᠨᠠᠵᠤ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠤᠨ᠎ᠠ᠃ ᠬᠥᠳᠡᠭᠡ ᠲᠣᠰᠬᠤᠨ᠎ᠤ ᠪᠣᠳᠠᠲᠤ ᠪᠠᠶ᠋ᠢᠳᠠᠯ᠎ᠠᠴᠠ ᠡᠭᠦᠰᠬᠦ ᠵᠢ ᠪᠠᠷᠢᠮᠲᠠᠯᠠᠨ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠠᠵᠢᠯᠯᠠᠬᠤ ᠠᠷᠭ᠎ᠠ ᠮᠠᠶᠢᠭ ᠪᠠ ᠠᠷᠭ᠎ᠠ᠎ᠪᠠᠨ ᠰᠠᠢ᠌ᠵᠢᠷᠠᠭᠤᠯᠤᠨ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠳᠥᠭᠥᠮᠴᠢᠯᠡᠬᠦ ᠪᠠ 《ᠨᠢᠭᠡ ᠯᠡ ᠠᠳᠠᠯᠢ᠎ᠪᠠᠷ ᠱᠠᠭ᠋ᠠᠷᠳᠠᠬᠤ》 ᠵᠢ ᠰᠡᠷᠭᠡᠢ᠌ᠯᠡᠨ ᠬᠣᠷᠢᠭᠯᠠᠨ᠎ᠠ᠃ ᠡᠯ᠎ᠡ ᠭᠠᠵᠠᠷ᠎ᠤᠨ ᠦᠢ᠍ᠯᠡᠳᠦᠯᠭᠡ ᠵᠢᠨ ᠰᠦᠪᠡᠭᠴᠢᠯᠡᠯᠲᠡ ᠪᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠪᠠ ᠲᠠᠷᠢᠶᠠᠴᠢᠨ ᠲᠦᠮᠡᠨ᠎ᠤ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠵᠦ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃
ᠪᠢᠳᠡ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠵᠶ᠋ᠠᠨ ᠪᠠᠲᠤᠳᠬᠠᠨ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠢ᠌ᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢᠨ ᠠᠯᠬᠤᠴᠠ ᠵᠢ ᠲᠦᠷᠭᠡᠳᠬᠡᠵᠦ᠂ ᠬᠥᠳᠡᠭᠡ ᠠᠵᠤ ᠠᠬᠤᠢ ᠵᠢᠨ ᠰᠠᠭᠤᠷᠢ ᠵᠢ ᠨᠡᠩ ᠪᠠᠲᠤᠳᠬᠠᠵᠤ᠂ ᠬᠥᠳᠡᠭᠡ ᠲᠣᠰᠬᠤᠨ᠎ᠤ ᠭᠠᠵᠠᠷ ᠣᠷᠣᠨ᠎ᠢ ᠨᠡᠩ ᠴᠡᠴᠡᠭᠯᠡᠭᠦᠯᠵᠦ᠂ ᠲᠠᠷᠢᠶᠠᠴᠢᠳ᠎ᠤᠨ ᠠᠮᠢᠳᠤᠷᠠᠯ᠎ᠢ ᠨᠡᠩ ᠬᠥᠭᠵᠢᠶᠡᠨᠲᠡᠢ ᠪᠣᠯᠭ᠋ᠠᠬᠤ ᠵᠢ ᠠᠬᠢᠭᠤᠯᠵᠤ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ ᠲᠡᠢ᠌ᠰᠢ ᠯᠠᠪᠳᠠᠭᠤᠨ ᠪᠠᠲᠤᠲᠠᠢ ᠤᠷᠤᠭᠰᠢᠯᠠᠵᠠᠭ᠋ᠠᠶ᠎ᠠ᠃