ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠰᠢ ᠵᠢᠨ ᠫᠢᠩ᠄ ᠠᠵᠤ ᠠᠬᠤᠢ ᠵᠢᠨ ᠠᠵᠢᠯ᠎ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠶ
ᠨᠡᠶ᠋ᠢᠲᠡᠯᠡᠭᠰᠡᠨ ᠴᠠᠭ᠄ 2025-03-07

      ᠠᠵᠤ ᠠᠬᠤᠢ ᠵᠢᠨ ᠠᠵᠢᠯ᠎ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠶ
                         ᠰᠢ ᠵᠢᠨ ᠫᠢᠩ


      2024 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ᠃ ᠭᠠᠳᠠᠭ᠋ᠠᠳᠤ ᠵᠢᠨ ᠳᠠᠷᠤᠯᠲᠠ ᠶᠡᠬᠡᠰᠴᠦ᠂ ᠳᠣᠲᠣᠭ᠋ᠠᠳᠤ ᠵᠢᠨ ᠬᠦᠴᠢᠷᠳᠡᠯ ᠨᠡᠮᠡᠭᠳᠡᠵᠦ ᠪᠠᠢ᠌ᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶ᠋ᠢᠳᠠᠯ᠎ᠤᠨ ᠡᠮᠦᠨ᠎ᠡ᠂ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠯᠠᠪᠳᠠᠭᠤᠨ ᠲᠣᠭᠲᠠᠭᠤᠨ ᠵᠶ᠋ᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠵᠢᠨ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠢ᠌ᠵᠤ᠂ ᠲᠣᠭᠲᠠᠭᠤᠨ᠎ᠤ ᠳᠤᠮᠳᠠ ᠤᠷᠤᠭᠰᠢᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠡᠭᠦᠷᠭᠡ ᠵᠢ ᠤᠷᠤᠭᠰᠢᠲᠠᠢ ᠪᠡᠶᠡᠯᠡᠭᠦᠯᠵᠦ᠂ ᠮᠠᠨ᠎ᠤ ᠤᠯᠤᠰ᠎ᠤᠨ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ᠂ ᠶᠡᠷᠦᠩᠬᠡᠢ᠌ᠯᠡᠭᠰᠡᠨ ᠤᠯᠤᠰ᠎ᠤᠨ ᠬᠦᠴᠦᠨ ᠦᠷᠭᠦᠯᠵᠢᠯᠡᠨ ᠴᠢᠩᠭ᠋ᠠᠷᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ᠎ᠢ ᠠᠯᠬᠤᠪᠠ᠃
      ᠨᠢᠭᠡ ᠵᠢᠯ᠎ᠤᠨ ᠲᠤᠷᠰᠢᠬᠢ ᠬᠥᠭᠵᠢᠯᠲᠡ ᠵᠢᠨ ᠶᠠᠪᠤᠴᠠ᠎ᠨᠢ ᠲᠤᠢ᠌ᠯ᠎ᠤᠨ ᠶᠡᠷᠦ ᠪᠤᠰᠤ ᠵᠢᠨ ᠪᠠᠢ᠌ᠵᠤ᠂ ᠠᠮᠵᠢᠯᠲᠠ ᠪᠦᠲᠦᠮᠵᠢ᠎ᠨᠢ ᠬᠥᠮᠥᠰ᠎ᠢ ᠵᠣᠷᠢᠭᠵᠢᠭᠤᠯᠤᠨ᠎ᠠ᠃ ᠨᠢᠭᠡ᠎ᠳᠤ ᠪᠦᠬᠦ ᠵᠢᠯ᠎ᠤᠨ ᠠᠵᠤ ᠠᠬᠤᠢ ᠵᠢᠨ ᠡᠷᠭᠢᠯᠲᠡ ᠲᠦᠷᠦᠭᠦᠨ᠎ᠳᠡᠭᠡᠨ ᠥᠨᠳᠥᠷ ᠪᠠᠢ᠌ᠵᠤ᠂ ᠳᠤᠮᠳᠠ ᠬᠤᠭᠤᠴᠠᠭ᠋ᠠᠨ᠎ᠳᠤ ᠪᠠᠭᠤᠷᠠᠵᠤ᠂ ᠰᠡᠬᠦᠯ᠎ᠤᠨ ᠬᠤᠭᠤᠴᠠᠭ᠋ᠠᠨ᠎ᠳᠤ ᠬᠥᠭᠵᠢᠪᠡ᠃ ᠨᠢᠭᠡᠳᠦᠭᠡᠷ ᠤᠯᠠᠷᠢᠯ᠎ᠳᠤ ᠰᠠᠢ᠍ᠢ᠍ᠨ ᠡᠬᠢᠯᠡᠯᠲᠡ᠎ᠲᠠᠢ ᠪᠣᠯᠵᠤ᠂ ᠬᠣᠶᠠᠳᠤᠭ᠋ᠠᠷ᠂ ᠭᠤᠷᠪᠠᠳᠤᠭ᠋ᠠᠷ ᠤᠯᠠᠷᠢᠯ᠎ᠳᠤ ᠪᠠᠭᠤᠷᠠᠬᠤ ᠳᠠᠷᠤᠯᠲᠠ ᠨᠡᠮᠡᠭᠳᠡᠵᠦ᠂ 9 ᠰᠠᠷ᠎ᠠ ᠵᠢᠨ 26᠎ᠤ ᠡᠳᠦᠷ᠎ᠤᠨ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠠᠴᠠ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠡᠷᠡᠰ ᠰᠢᠭᠤᠷᠬᠠᠢ᠎ᠪᠠᠷ ᠪᠠᠢ᠌ᠷᠢᠯᠠᠭᠤᠯᠵᠤ᠂ ᠭᠡᠷ ᠪᠠᠢ᠌ᠰᠢᠩ᠎ᠤᠨ ᠵᠠᠬ᠎ᠠ ᠳᠡᠯᠭᠡᠭᠦᠷ ᠰᠲ᠋ᠣᠺ᠎ᠤᠨ ᠵᠠᠬ᠎ᠠ ᠳᠡᠯᠭᠡᠭᠦᠷ ᠪᠣᠯᠣᠨ ᠵᠠᠬ᠎ᠠ ᠳᠡᠯᠭᠡᠭᠦᠷ᠎ᠤᠨ ᠵᠢᠱ᠌ᠢᠯᠲᠡ᠂ ᠨᠡᠢ᠌ᠭᠡᠮ᠎ᠤᠨ ᠢᠲᠡᠭᠡᠯ᠎ᠢ ᠪᠦᠲᠦᠮᠵᠢᠲᠡᠢ ᠬᠥᠪᠴᠢᠯᠡᠵᠦ᠂ ᠠᠵᠤ ᠠᠬᠤᠢ ᠵᠢ ᠢᠯᠡᠳᠲᠡ ᠳᠡᠭᠡᠭᠰᠢᠯᠡᠭᠦᠯᠵᠦ᠂ ᠪᠦᠬᠦ ᠵᠢᠯ᠎ᠤᠨ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠤᠭᠰᠠᠨ ᠪᠥᠭᠡᠳ 2025 ᠣᠨ᠎ᠤ ᠠᠵᠤ ᠠᠬᠤᠢ ᠵᠢᠨ ᠬᠥᠭᠵᠢᠯᠲᠡ᠎ᠳᠤ ᠴᠦ᠍ ᠰᠠᠢ᠍ᠢ᠍ᠨ ᠰᠠᠭᠤᠷᠢ ᠲᠠᠯᠪᠢᠵᠤ ᠥᠭᠴᠡᠢ᠃ ᠬᠣᠶᠠᠷ᠎ᠲᠤ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠯᠠᠪᠳᠠᠭᠤᠨ ᠵᠶ᠋ᠠᠷ ᠬᠥᠭᠵᠢᠭᠦᠯᠪᠡ᠃ ᠬᠤᠷᠠᠮᠠᠯ ᠴᠠᠬᠢᠯᠭ᠋ᠠᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ᠎ᠤᠨ ᠮᠡᠷᠭᠡᠵᠢᠯ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠴᠢᠬᠤᠯᠠ ᠠᠬᠢᠯᠲᠠ᠎ᠲᠠᠢ ᠪᠣᠯᠪᠠ᠃ ᠤᠯᠠᠮᠵᠢᠯᠠᠯᠲᠤ ᠠᠵᠤ ᠦᠢ᠍ᠯᠡᠰ᠎ᠤᠨ ᠣᠶᠤᠨᠴᠢᠯᠠᠭᠰᠠᠨ ᠥᠭᠡᠷᠡᠴᠢᠯᠡᠯᠲᠡ ᠪᠠ ᠲᠣᠭ᠋ᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠪᠠ᠃ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠠᠯᠬᠤᠴᠠ ᠵᠢ ᠲᠦᠷᠭᠡᠳᠬᠡᠪᠡ᠃ ᠭᠤᠷᠪᠠ᠎ᠳᠤ ᠥᠭᠡᠷᠡᠴᠢᠯᠡᠯᠲᠡ ᠨᠡᠭᠡᠭᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠲᠤᠬᠠᠢ ᠪᠠᠢ᠌ᠷᠢᠯᠠᠭᠤᠯᠤᠯᠲᠠ ᠬᠢᠵᠡᠢ᠃ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠬᠤ ᠵᠢ ᠯᠠᠪᠳᠠᠭᠤᠨ ᠵᠶ᠋ᠠᠷ ᠠᠬᠢᠭᠤᠯᠪᠠ᠃ ᠥᠨᠳᠥᠷ ᠬᠢᠷᠢ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠢᠳᠡᠪᠬᠢᠲᠡᠢ ᠦᠷ᠎ᠡ ᠪᠦᠲᠦᠮᠵᠢ ᠣᠯᠵᠤ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠭᠠᠷᠭ᠋ᠠᠯᠲᠠ ᠵᠢᠨ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠤᠪᠢ ᠨᠡᠮᠡᠷᠢ ᠵᠢ ᠨᠡᠮᠡᠭᠳᠡᠭᠦᠯᠪᠡ᠃ ᠳᠥᠷᠪᠡ᠎ᠳᠤ ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠠᠷᠢᠯᠭ᠋ᠠᠬᠤ ᠠᠵᠢᠯ ᠡᠮᠬᠢ ᠵᠢᠷᠤᠮ᠎ᠲᠠᠢ ᠪᠥᠭᠡᠳ ᠦᠷ᠎ᠡ ᠪᠦᠲᠦᠮᠵᠢᠲᠡᠢ ᠪᠣᠯᠪᠠ᠃ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠲᠤ ᠢᠳᠡᠪᠬᠢᠲᠡᠢ ᠬᠤᠪᠢᠷᠠᠯᠲᠠ ᠭᠠᠷᠴᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠦᠭᠰᠢᠭᠦᠷᠢ᠂ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠵᠢ ᠶᠠᠭ ᠪᠦᠲᠦᠮᠵᠢᠲᠡᠢ ᠨᠠᠮᠳᠠᠭᠤᠯᠵᠤ ᠬᠠᠮᠢᠶᠠᠷᠤᠨ ᠡᠵᠡᠮᠳᠡᠵᠦ ᠪᠠᠢ᠌ᠨ᠎ᠠ᠃ ᠲᠠᠪᠤ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠠᠢ᠌ᠨ᠎ᠠ᠃ ᠠᠵᠢᠯ ᠣᠯᠭᠣᠯᠲᠠ᠂ ᠪᠠᠷᠠᠭ᠋ᠠᠨ᠎ᠤ ᠦᠨ᠎ᠡ ᠲᠣᠭᠲᠠᠭᠤᠨ ᠪᠠᠶ᠋ᠢᠬᠤ ᠵᠢ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠪᠡ᠃ ᠠᠮᠤ ᠪᠤᠳᠠᠭ᠋ᠠᠨ᠎ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ᠎ᠢ ᠳᠠᠪᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢ᠌ᠵᠢᠷᠠᠪᠠ᠃ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠶ᠋ᠢᠳᠠᠯ᠎ᠢ ᠪᠠᠲᠤᠯᠠᠪᠠ᠃ ᠡᠲᠡᠭᠡᠷ᠎ᠨᠢ ᠴᠥᠮ ᠪᠢᠳᠡᠨ᠎ᠤ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠵᠠᠮ ᠨᠡᠭᠡᠭᠡᠨ ᠤᠷᠤᠭᠰᠢᠯᠠᠬᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠢᠲᠡᠭᠡᠯ ᠵᠣᠷᠢᠭ᠎ᠢ ᠨᠡᠩ ᠪᠠᠲᠤᠳᠬᠠᠪᠠ᠃
      ᠪᠠᠶ᠋ᠢᠳᠠᠯ᠎ᠢ ᠵᠠᠳᠠᠯᠬᠤ᠎ᠳᠤ 《ᠬᠣᠶᠠᠷ ᠲᠠᠯᠠᠲᠤ ᠤᠨᠤᠯ》᠎ᠢ ᠪᠠᠷᠢᠮᠲᠠᠯᠠᠵᠤ᠂ ᠠᠮᠵᠢᠯᠲᠠ᠎ᠪᠠᠨ ᠭᠦᠢ᠍ᠴᠡᠳ ᠶᠠᠷᠢᠬᠤ᠎ᠪᠠᠷ ᠪᠠᠷᠠᠬᠤ ᠦᠭᠡᠢ ᠠᠰᠠᠭᠤᠳᠠᠯ᠎ᠢ ᠴᠤ᠌ ᠲᠤᠭᠤᠷᠠᠲᠠᠯ᠎ᠠ ᠲᠣᠭ᠋ᠠᠴᠢᠬᠤ ᠬᠡᠷᠡᠭᠲᠡᠢ᠃ ᠣᠳᠣᠬᠠᠨ᠎ᠳᠤ᠂ ᠭᠠᠳᠠᠭ᠋ᠠᠳᠤ ᠣᠷᠴᠢᠨ ᠨᠥᠬᠥᠴᠡᠯ᠎ᠤᠨ ᠬᠤᠪᠢᠷᠠᠯᠲᠠ᠎ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠢ᠌ᠷᠡᠵᠦ᠂ ᠮᠠᠨ᠎ᠤ ᠤᠯᠤᠰ᠎ᠤᠨ ᠠᠵᠤ ᠠᠬᠤᠢ ᠵᠢᠨ ᠡᠷᠭᠢᠯᠲᠡ᠎ᠳᠤ ᠮᠥᠨ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭ᠋ᠠᠷᠠᠵᠤ ᠪᠠᠢ᠌ᠨ᠎ᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠠᠵᠤ ᠠᠬᠤᠢ ᠵᠢᠨ ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠬᠡ᠂ ᠤᠷᠳᠤ ᠬᠤᠭᠤᠴᠠᠭ᠎ᠠ᠎ᠪᠠᠷ ᠰᠠᠢ᠌ᠵᠢᠷᠠᠬᠤ ᠵᠢᠨ ᠲᠤᠯᠭ᠋ᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠠᠶ᠋ᠢᠬᠤ ᠵᠢ ᠡᠷᠬᠡᠪᠰᠢ ᠣᠯᠵᠤ ᠬᠠᠷᠠᠬᠤ ᠬᠡᠷᠡᠭᠲᠡᠶ᠃ ᠢᠲᠡᠭᠡᠯ ᠵᠣᠷᠢᠭ ᠪᠠᠭᠤᠷᠠᠬᠤ ᠦᠭᠡᠢ ᠯᠡ ᠶᠤᠮ ᠪᠣᠯ ᠠᠷᠭ᠎ᠠ ᠤᠬᠠᠭ᠋ᠠᠨ ᠶᠠᠭ᠋ᠠᠬᠢᠯ᠎ᠠ ᠴᠤ᠌ ᠭᠡᠰᠡᠨ ᠬᠦᠴᠢᠷ ᠪᠡᠷᠬᠡᠰᠢᠶᠡᠯ᠎ᠠᠴᠠ ᠤᠯᠠᠨ ᠶᠤᠮ᠃ ᠪᠢᠳᠡ ᠬᠦᠴᠢᠷ ᠪᠡᠷᠬᠡᠰᠢᠶᠡᠯ᠎ᠳᠤ ᠵᠥᠪ ᠵᠶ᠋ᠡᠷ ᠬᠠᠨᠳᠤᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠡᠯ᠎ᠡ ᠲᠠᠯ᠎ᠠ ᠵᠢᠨ ᠢᠳᠡᠪᠬᠢ ᠬᠦᠴᠦᠨ ᠵᠦᠢ᠍ᠯ᠎ᠢ ᠬᠥᠭᠵᠢᠯᠲᠡ ᠵᠢᠨ ᠪᠣᠳᠠᠲᠤ ᠠᠮᠵᠢᠯᠲᠠ ᠪᠦᠲᠦᠮᠵᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠬᠤ ᠬᠡᠷᠡᠭᠲᠡᠶ᠃
      ᠦᠢ᠍ᠯᠡᠳᠦᠯᠭᠡ ᠵᠢᠨ ᠳᠤᠮᠳᠠ᠂ ᠪᠢᠳᠡ ᠠᠵᠤ ᠠᠬᠤᠢ ᠵᠢᠨ ᠠᠵᠢᠯ᠎ᠤᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢ᠌ᠷᠡᠭᠦᠯᠪᠡ᠃ ᠪᠦᠬᠦ ᠨᠠᠮ ᠵᠶ᠋ᠠᠷ ᠵᠶ᠋ᠠᠨ ᠪᠦᠷᠢᠯᠳᠦᠭᠰᠡᠨ ᠬᠠᠮᠤᠭ᠎ᠤᠨ ᠶᠡᠬᠡ ᠬᠠᠮᠲᠤ ᠵᠢᠨ ᠲᠠᠨᠢᠯᠲᠠ ᠪᠣᠯ᠄ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠪᠠᠲᠤᠯᠠᠭ᠎ᠠ ᠮᠥᠨ᠂ ᠵᠠᠩᠭᠢᠯᠠᠭ᠎ᠠ ᠵᠢᠨ ᠴᠠᠭ ᠦᠶ᠎ᠡ᠂ ᠴᠢᠬᠤᠯᠠ ᠵᠠᠩᠭᠢᠯᠠᠭ᠎ᠠ ᠵᠢᠨ ᠴᠠᠭ ᠦᠶ᠎ᠡ᠎ᠳᠤ᠂ ᠨᠠᠮ᠎ᠤᠨ ᠲᠥᠪ ᠬᠣᠷᠢᠶ᠎ᠠ ᠴᠠᠭ ᠲᠤᠬᠠᠢ᠎ᠳᠤᠨᠢ ᠪᠠᠶ᠋ᠢᠳᠠᠯ᠎ᠢ ᠰᠤᠳᠤᠯᠤᠨ ᠮᠠᠭ᠋ᠠᠳᠯᠠᠵᠤ᠂ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠬᠢᠵᠦ᠂ ᠮᠠᠨ᠎ᠤ ᠤᠯᠤᠰ᠎ᠤᠨ ᠠᠵᠤ ᠠᠬᠤᠢ ᠵᠢᠨ ᠠᠶᠠᠯᠠᠯ᠎ᠤᠨ ᠣᠩᠭᠣᠴᠠ ᠰᠠᠯᠬᠢ ᠳᠠᠪᠠᠯᠭ᠋ᠠᠨ᠎ᠢ ᠵᠦᠰᠦᠨ ᠯᠠᠪᠳᠠᠭᠤᠨ ᠵᠶ᠋ᠠᠷ ᠬᠣᠯᠠ ᠠᠶᠠᠯᠠᠬᠤ ᠵᠢ ᠪᠠᠲᠤᠯᠠᠨ᠎ᠠ᠃ ᠠᠵᠤ ᠠᠬᠤᠢ ᠵᠢᠨ ᠠᠵᠢᠯ ᠮᠢᠩᠭ᠎ᠠ ᠲᠦᠮᠡᠨ ᠵᠦᠢ᠍ᠯ ᠪᠠᠢ᠌ᠵᠤ᠂ ᠡᠷᠬᠡᠪᠰᠢ ᠬᠡᠳᠦᠨ ᠴᠢᠬᠤᠯᠠ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠶ᠃
      ᠨᠢᠭᠡ᠎ᠳᠤ ᠡᠷᠬᠡᠪᠰᠢ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ᠎ᠤ ᠬᠠᠷᠢᠴᠠᠭ᠎ᠠ ᠵᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ 《ᠠᠮᠢᠳᠤᠯᠢᠭ ᠪᠣᠯᠭ᠋ᠠᠵᠤ ᠴᠢᠳᠠᠬᠤ》 ᠮᠥᠷᠲᠡᠭᠡᠨ 《ᠬᠠᠮᠢᠶᠠᠷᠴᠤ ᠳᠡᠢ᠌ᠯᠬᠦ》 ᠠᠵᠤ ᠠᠬᠤᠢ ᠵᠢᠨ ᠡᠮᠬᠢ ᠵᠢᠷᠤᠮ᠎ᠢ ᠪᠤᠢ ᠪᠣᠯᠭ᠋ᠠᠬᠤ ᠬᠡᠷᠡᠭᠲᠡᠶ᠃ ᠵᠠᠰᠠᠭ᠎ᠤᠨ ᠣᠷᠳᠣᠨ ᠬᠢᠬᠦ ᠵᠢ᠎ᠨᠢ ᠬᠢᠵᠦ ᠬᠢᠬᠦ ᠦᠭᠡᠢ ᠵᠢ᠎ᠨᠢ ᠦᠯᠦ ᠬᠢᠵᠦ᠂ ᠠᠵᠢᠯ᠎ᠤᠨ ᠪᠠᠢ᠌ᠷᠢ ᠳᠤᠲᠠᠭᠳᠠᠬᠤ᠂ ᠡᠷᠬᠡ᠎ᠠᠴᠠ᠎ᠪᠠᠨ ᠳᠠᠪᠠᠬᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠃ ᠬᠢᠬᠦ ᠵᠢ᠎ᠨᠢ ᠵᠠᠪᠠᠯ ᠬᠢᠬᠦ ᠭᠡᠳᠡᠭ᠎ᠨᠢ ᠳᠠᠷᠤᠢ ᠬᠠᠤᠯᠢ᠎ᠪᠠᠷ ᠵᠠᠰᠠᠬᠤ ᠠᠵᠤ ᠠᠬᠤᠢ᠂ ᠢᠲᠡᠭᠡᠮᠵᠢ ᠵᠢᠨ ᠠᠵᠤ ᠠᠬᠤᠢ ᠵᠢ ᠲᠠᠰᠤᠷᠠᠯᠳᠠ ᠦᠭᠡᠢ ᠪᠦᠲᠦᠭᠡᠨ ᠪᠠᠢ᠌ᠭᠤᠯᠵᠤ᠂ ᠵᠠᠬ᠎ᠠ ᠳᠡᠯᠭᠡᠭᠦᠷ᠎ᠤᠨ ᠳᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ ᠳᠦᠷᠢᠮ᠎ᠢ ᠲᠦᠷᠦᠭᠦᠯᠡᠨ ᠵᠢᠷᠤᠮᠯᠠᠵᠤ᠂ ᠢᠯᠵᠢᠷᠡᠯ᠎ᠢ ᠡᠷᠡᠰ ᠵᠶ᠋ᠡᠷ ᠵᠠᠯᠬᠠᠭ᠋ᠠᠨ ᠰᠢᠢ᠍ᠳᠬᠡᠬᠦ᠂ ᠤᠯᠠᠨ ᠨᠠᠢ᠌ᠳᠠ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ᠎ᠪᠠᠷ ᠳᠠᠮᠵᠢᠭᠤᠯᠤᠨ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠦᠢ᠍ᠯᠡᠳᠦᠯ ᠵᠶ᠋ᠡᠨ ᠠᠯᠳᠠᠬᠤ ᠵᠢ ᠬᠦᠴᠦᠯᠡᠨ ᠵᠠᠯᠠᠷᠠᠭᠤᠯᠵᠤ᠂ ᠥᠷᠢᠰᠥᠯᠳᠦᠭᠡᠨ᠎ᠤ ᠡᠮᠬᠢ ᠵᠢᠷᠤᠮ᠎ᠢ ᠵᠢᠷᠤᠮᠵᠢᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠡᠯ᠎ᠡ ᠳᠦᠷᠦᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠡᠷᠬᠡ ᠲᠡᠭᠰᠢ᠎ᠪᠠᠷ ᠥᠷᠢᠰᠥᠯᠳᠦᠬᠦ ᠲᠣᠮᠣ ᠲᠠᠪᠴᠠᠩ ᠪᠣᠯᠭ᠋ᠠᠬᠤ ᠶᠠᠪᠤᠳᠠᠯ ᠪᠣᠯᠣᠨ᠎ᠠ᠃ ᠬᠢᠬᠦ ᠦᠭᠡᠢ ᠵᠢ᠎ᠨᠢ ᠦᠯᠦ ᠬᠢᠬᠦ ᠭᠡᠳᠡᠭ᠎ᠨᠢ ᠳᠠᠷᠤᠢ ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ᠎ᠢ ᠬᠦᠨᠳᠦᠳᠬᠡᠨ ᠪᠠᠳᠠᠷᠠᠭᠤᠯᠵᠤ᠂ ᠪᠢᠴᠢᠯ ᠭᠣᠣᠯ ᠴᠣᠭᠴᠠ ᠵᠢᠨ ᠠᠵᠢᠯᠯᠠᠭ᠎ᠠ᠎ᠳᠤ ᠵᠣᠬᠢᠰ ᠦᠭᠡᠢ᠎ᠪᠠᠷ ᠭᠠᠷ ᠲᠥᠷᠥᠬᠦ ᠵᠢ ᠰᠡᠷᠭᠡᠢ᠌ᠯᠡᠵᠦ᠂ ᠣᠷᠣᠨ ᠨᠤᠲᠤᠭ᠎ᠤᠨ ᠬᠠᠮᠠᠭ᠋ᠠᠯᠠᠬᠤ ᠦᠵᠡᠯ ᠪᠠ ᠥᠪᠡᠷ᠎ᠤᠨ ᠪᠠᠭ᠎ᠠ ᠡᠷᠭᠢᠯᠲᠡ᠎ᠠᠴᠠ ᠵᠠᠢ᠌ᠯᠠᠰᠬᠢᠬᠦ ᠵᠢᠨ ᠲᠥᠯᠥᠭᠡ ᠶᠤᠮ᠃ ᠵᠠᠰᠠᠭ᠎ᠤᠨ ᠣᠷᠳᠣᠨ᠎ᠤ ᠠᠵᠢᠯᠯᠠᠭ᠎ᠠ ᠬᠡᠳᠦᠢ ᠵᠢᠷᠤᠮᠵᠢᠬᠤ ᠲᠤᠲᠤᠮ ᠵᠠᠬ᠎ᠠ ᠳᠡᠯᠭᠡᠭᠦᠷ᠎ᠤᠨ ᠦᠢ᠍ᠯᠡᠳᠦᠯ ᠲᠡᠳᠦᠢ ᠪᠦᠲᠦᠮᠵᠢᠲᠡᠢ ᠪᠣᠯᠳᠠᠭ᠃
      ᠬᠣᠶᠠᠷ᠎ᠲᠤ ᠡᠷᠬᠡᠪᠰᠢ ᠶᠡᠷᠦᠩᠬᠡᠢ ᠬᠠᠩᠭ᠋ᠠᠯᠭ᠎ᠠ ᠪᠠ ᠶᠡᠷᠦᠩᠬᠡᠢ ᠬᠡᠷᠡᠭᠴᠡᠭᠡ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ᠎ᠤᠨ ᠠᠵᠤ ᠠᠬᠤᠢ ᠵᠢᠨ ᠡᠷᠭᠢᠯᠲᠡ ᠵᠢ ᠰᠢᠯᠤᠭᠤᠳᠬᠠᠬᠤ ᠬᠡᠷᠡᠭᠲᠡᠶ᠃ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ᠎ᠪᠠᠷ ᠵᠶ᠋ᠠᠨ ᠬᠠᠮᠵᠢᠯᠴᠠᠨ ᠬᠦᠴᠦᠯᠡᠵᠦ᠂ ᠬᠥᠳᠡᠯᠦᠩᠭᠦᠢ ᠲᠡᠩᠴᠡᠭᠦᠷᠢᠲᠡᠢ ᠪᠠᠶ᠋ᠢᠬᠤ ᠵᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠤᠷᠤᠭᠰᠢᠯᠠᠯᠲᠠ᠎ᠲᠠᠢ ᠤᠬᠤᠷᠢᠯᠲᠠ᠎ᠲᠠᠢ᠂ ᠪᠠᠲᠤᠯᠠᠬᠤ ᠵᠢ᠎ᠨᠢ ᠪᠠᠲᠤᠯᠠᠵᠤ ᠬᠢᠵᠠᠭ᠋ᠠᠷᠯᠠᠬᠤ ᠵᠢ᠎ᠨᠢ ᠬᠢᠵᠠᠭ᠋ᠠᠷᠯᠠᠬᠤ ᠵᠢ ᠪᠠᠷᠢᠮᠲᠠᠯᠠᠵᠤ᠂ ᠬᠠᠩᠭ᠋ᠠᠯᠭ᠎ᠠ ᠪᠠ ᠬᠡᠷᠡᠭᠴᠡᠭᠡ ᠵᠢᠨ ᠲᠣᠬᠢᠷᠠᠯᠴᠠᠬᠤ ᠴᠢᠨᠠᠷ᠂ ᠲᠡᠩᠴᠡᠭᠦᠷᠢᠲᠦ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠳᠣᠲᠣᠭ᠋ᠠᠳᠤ ᠵᠢᠨ ᠬᠡᠷᠡᠭᠴᠡᠭᠡ ᠵᠢ ᠥᠷᠭᠡᠳᠬᠡᠬᠦ᠎ᠨᠢ ᠠᠵᠤ ᠠᠬᠤᠢ ᠵᠢᠨ ᠲᠣᠭᠲᠠᠭᠤᠨ ᠪᠠᠶ᠋ᠢᠳᠠᠯ᠎ᠳᠤ ᠬᠣᠯᠪᠣᠭᠳᠠᠬᠤ ᠮᠥᠷᠲᠡᠭᠡᠨ ᠠᠵᠤ ᠠᠬᠤᠢ ᠵᠢᠨ ᠠᠮᠤᠷ ᠲᠦᠪᠰᠢᠨ᠎ᠳᠤ ᠴᠦ᠍ ᠬᠣᠯᠪᠣᠭᠳᠠᠨ᠎ᠠ᠂ ᠡᠨᠡ᠎ᠨᠢ ᠲᠦᠷ ᠵᠠᠭᠤᠷ᠎ᠠ ᠵᠢᠨ ᠠᠷᠭ᠎ᠠ ᠪᠢᠰᠢ᠂ ᠬᠠᠷᠢᠨ ᠪᠠᠢ᠌ᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠬᠤ ᠶᠤᠮ᠃ ᠳᠣᠲᠣᠭ᠋ᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ᠎ᠤ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ ᠳᠣᠲᠣᠭ᠋ᠠᠳᠤ ᠬᠡᠷᠡᠭᠴᠡᠭᠡ ᠵᠢ ᠠᠵᠤ ᠠᠬᠤᠢ ᠵᠢᠨ ᠨᠡᠮᠡᠭᠳᠡᠯ᠎ᠢ ᠳᠠᠢ᠌ᠴᠢᠯᠠᠬᠤ ᠭᠣᠣᠯ ᠬᠥᠳᠡᠯᠭᠡᠬᠦ ᠬᠦᠴᠦᠨ ᠪᠠ ᠲᠣᠭᠲᠠᠪᠤᠷᠢᠵᠢᠭᠤᠯᠤᠭᠴᠢ ᠪᠣᠯᠭ᠋ᠠᠬᠤ ᠬᠡᠷᠡᠭᠲᠡᠢ᠃
      2025 ᠣᠨ᠎ᠤ 1 ᠰᠠᠷ᠎ᠠ ᠵᠢᠨ 22᠎ᠤᠨ ᠡᠳᠦᠷ᠎ᠠᠴᠠ 24᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠠᠬᠢᠷ ᠬᠦᠢ᠍ᠲᠡᠨ᠎ᠢ ᠬᠠᠢ᠌ᠬᠤᠷᠤᠯ ᠦᠭᠡᠢ᠎ᠪᠠᠷ ᠯᠢᠶᠣᠤᠨᠢᠩ᠎ᠳᠤ ᠢᠷᠠᠵᠤ᠂ ᠦᠨᠳᠦᠰᠦᠨ ᠱᠠᠲᠤᠨ᠎ᠢ ᠺᠠᠳ᠋ᠷ ᠤᠯᠠᠨ ᠲᠦᠮᠡᠨ᠎ᠢ ᠪᠣᠯᠭᠣᠭ᠋ᠠᠨ ᠦᠵᠡᠪᠡ᠃ ᠵᠢᠷᠤᠭ ᠪᠣᠯ 23᠎ᠤ ᠡᠳᠦᠷ᠎ᠤᠨ ᠦᠳᠡ ᠵᠢᠨ ᠡᠮᠦᠨ᠎ᠡ ᠰᠢ ᠵᠢᠨ ᠫᠢᠩ ᠮᠦᠭᠳᠡᠨ᠎ᠤ ᠳ᠋ᠠ ᠳ᠋ᠦᠩ ᠬᠣᠯᠢᠰᠢᠨ ᠢᠳᠡᠭᠡᠨ᠎ᠤ ᠬᠤᠳᠠᠯᠳᠤᠭ᠋ᠠᠨ᠎ᠤ ᠲᠠᠯᠠᠪᠤᠷ᠎ᠲᠤ ᠠᠵᠢᠯ ᠪᠠᠢ᠌ᠴᠠᠭ᠋ᠠᠬᠤ᠎ᠳᠠᠭᠠᠨ ᠳᠡᠯᠭᠡᠭᠦᠷ᠎ᠤᠨ ᠡᠵᠡᠨ ᠪᠣᠯᠣᠨ ᠵᠣᠴᠢᠳ᠎ᠲᠠᠢ ᠳᠣᠲᠣᠨᠣ᠎ᠪᠠᠷ ᠶᠠᠷᠢᠯᠴᠠᠵᠤ᠂ ᠤᠯᠠᠨ᠎ᠳᠤ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠵᠦ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ
      ᠭᠤᠷᠪᠠ᠎ᠳᠤ ᠡᠷᠬᠡᠪᠰᠢ ᠰᠢᠨ᠎ᠡ ᠬᠥᠳᠡᠯᠭᠡᠭᠴᠢ ᠡᠨᠧᠷᠭᠢ ᠵᠢ ᠪᠣᠢ᠌ᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠵᠢ ᠰᠢᠨᠡᠳᠬᠡᠬᠦ ᠵᠢᠨ ᠬᠠᠷᠢᠴᠠᠭ᠎ᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠢ ᠶᠡᠬᠡᠪᠡᠷ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠤᠯᠠᠨ ᠤᠯᠤᠰ᠎ᠤᠨ ᠥᠷᠢᠰᠥᠯᠳᠦᠭᠡᠨ᠎ᠤ ᠠᠰᠢᠭᠲᠠᠢ ᠪᠠᠶ᠋ᠢᠷᠢ ᠵᠢ ᠡᠵᠡᠯᠡᠵᠦ᠂ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠠᠵᠤ ᠠᠬᠤᠢ ᠵᠢᠨ ᠨᠡᠮᠡᠭᠳᠡᠯ ᠪᠣᠯᠣᠨ ᠠᠵᠢᠯ ᠣᠯᠭᠣᠯᠲᠠ ᠵᠢᠨ ᠣᠷᠣᠯᠭ᠎ᠠ ᠵᠢᠨ ᠦᠨᠳᠦᠰᠦᠨ ᠲᠦᠰᠢᠭ ᠪᠣᠯᠬᠤ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠵᠤ᠂ ᠰᠢᠨ᠎ᠡ ᠬᠠᠭᠤᠴᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠤ ᠲᠣᠭᠲᠠᠭᠤᠨ ᠵᠶ᠋ᠠᠷ ᠦᠷᠭᠦᠯᠵᠢᠯᠡᠨ ᠰᠣᠯᠢᠭᠳᠠᠬᠤ ᠵᠢ ᠠᠬᠢᠭᠤᠯᠬᠤ ᠬᠡᠷᠡᠭᠲᠡᠢ᠃
      ᠳᠥᠷᠪᠡ᠎ᠳᠤ ᠡᠷᠬᠡᠪᠰᠢ ᠨᠡᠮᠡᠭᠳᠡᠯ᠎ᠢ ᠰᠢᠯᠢᠳᠡᠭᠵᠢᠭᠦᠯᠬᠦ ᠪᠠ ᠨᠥᠭᠡᠴᠡ ᠵᠢ ᠠᠮᠢᠳᠤᠯᠢᠭᠵᠢᠭᠤᠯᠬᠤ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠠᠰᠢᠭ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠣᠷᠳᠣ ᠬᠤᠭᠤᠴᠠᠭ᠋ᠠᠨ᠎ᠤ ᠬᠥᠭᠵᠢᠯᠲᠡ᠎ᠪᠠᠷ ᠳᠡᠮᠵᠢᠨ᠂ ᠮᠠᠨ᠎ᠤ ᠤᠯᠤᠰ ᠡᠳ᠋ ᠬᠥᠷᠥᠩᠭᠡ ᠵᠢᠨ ᠬᠠᠮᠢᠶᠠᠷᠤᠯᠲᠠ ᠪᠠ ᠥᠷᠢ ᠰᠢᠷᠢ ᠵᠢᠨ ᠬᠠᠮᠢᠶᠠᠷᠤᠯᠲᠠ ᠵᠢ ᠬᠠᠮᠲᠤ᠎ᠳᠤᠨᠢ ᠴᠢᠩᠭ᠋ᠠᠳᠬᠠᠵᠤ᠂ ᠡᠯ᠎ᠡ ᠲᠥᠷᠥᠯ᠎ᠤᠨ ᠨᠡᠮᠡᠭᠳᠡᠯ ᠡᠬᠢ ᠪᠠᠶᠠᠯᠢᠭ ᠪᠠ ᠨᠥᠭᠡᠴᠡ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠡᠷᠡᠭᠯᠡᠵᠦ᠂ ᠨᠥᠭᠡᠴᠡ ᠵᠢ ᠠᠮᠢᠳᠤᠯᠢᠭᠵᠢᠭᠤᠯᠬᠤ᠎ᠪᠠᠷ ᠳᠠᠮᠵᠢᠭᠤᠯᠤᠨ ᠨᠡᠮᠡᠭᠳᠡᠯ᠎ᠢ ᠳᠠᠢ᠌ᠴᠢᠯᠠᠬᠤ᠎ᠳᠠᠭᠠᠨ ᠴᠢᠳᠠᠮᠠᠭ᠋ᠠᠢ ᠪᠠᠶ᠋ᠢᠬᠤ ᠬᠡᠷᠡᠭᠲᠡᠶ᠃ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ 《ᠰᠢᠩᠭᠡᠯᠢᠭ ᠵᠶ᠋ᠡᠨ ᠰᠤᠯᠠᠯᠠᠵᠤ ᠰᠢᠪᠠᠭᠤ᠎ᠪᠠᠨ ᠰᠣᠯᠢᠬᠤ》 ᠵᠢ ᠦᠷᠭᠦᠯᠵᠢᠯᠡᠨ ᠠᠬᠢᠭᠤᠯᠵᠤ᠂ ᠨᠥᠭᠡᠴᠡ ᠳᠠᠯᠳᠠ ᠥᠭᠴᠡᠭᠡ ᠵᠢ ᠰᠣᠯᠢᠬᠤ᠂ ᠨᠥᠭᠡᠴᠡ ᠭᠠᠵᠠᠷ ᠰᠢᠷᠣᠢ ᠵᠢ ᠠᠮᠢᠳᠤᠯᠢᠭᠵᠢᠭᠤᠯᠬᠤ ᠵᠡᠷᠭᠡ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠨ᠂ ᠨᠡᠮᠡᠭᠳᠡᠯ᠎ᠢ ᠰᠢᠯᠢᠳᠡᠭᠵᠢᠭᠦᠯᠬᠦ ᠪᠠ ᠨᠥᠭᠡᠴᠡ ᠵᠢ ᠠᠮᠢᠳᠤᠯᠢᠭᠵᠢᠭᠤᠯᠬᠤ᠂ ᠡᠳ᠋ ᠬᠥᠷᠥᠩᠭᠡ ᠵᠢ ᠰᠠᠶ᠋ᠢᠲᠤᠷ ᠬᠠᠮᠢᠶᠠᠷᠬᠤ ᠪᠠ ᠥᠷᠢ ᠰᠢᠷᠢ ᠵᠢ ᠲᠣᠬᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠵᠢᠨ ᠰᠢᠨ᠎ᠡ ᠣᠷᠣᠨ ᠵᠠᠢ ᠵᠢ ᠥᠷᠭᠡᠳᠬᠡᠬᠦ ᠬᠡᠷᠡᠭᠲᠡᠢ᠃
      ᠲᠠᠪᠤ᠎ᠳᠤ ᠡᠷᠬᠡᠪᠰᠢ ᠶᠠᠰᠤ ᠴᠢᠨᠠᠷ᠎ᠢ ᠳᠡᠭᠡᠭᠰᠢᠯᠡᠭᠦᠯᠬᠦ ᠪᠠ ᠶᠡᠷᠦᠩᠬᠡᠢ ᠬᠡᠮᠵᠢᠶ᠎ᠡ ᠵᠢ ᠶᠡᠬᠡᠰᠬᠡᠬᠦ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠣᠳᠠᠰ᠎ᠤᠨ ᠰᠠᠭᠤᠷᠢ ᠵᠢ ᠪᠠᠲᠤᠳᠬᠠᠬᠤ ᠬᠡᠷᠡᠭᠲᠡᠶ᠃ ᠮᠠᠨ᠎ᠤ ᠤᠯᠤᠰ ᠯᠤᠲᠤ ᠶᠡᠬᠡ ᠠᠵᠤ ᠠᠬᠤᠢ ᠵᠢᠨ ᠪᠠᠭᠲᠠᠭ᠋ᠠᠮᠵᠢ᠂ ᠵᠠᠬ᠎ᠠ ᠳᠡᠯᠭᠡᠭᠦᠷ᠎ᠤᠨ ᠪᠠᠭᠲᠠᠭ᠋ᠠᠮᠵᠢ ᠪᠠ ᠠᠵᠤ ᠦᠢ᠍ᠯᠡᠰ᠎ᠤᠨ ᠢᠵᠢ ᠪᠦᠷᠢᠳᠦᠭᠦᠯᠬᠦ ᠴᠢᠳᠠᠪᠤᠷᠢ᠎ᠲᠠᠢ ᠪᠠᠢ᠌ᠵᠤ᠂ ᠡᠨᠡ᠎ᠨᠢ ᠶᠠᠰᠤ ᠴᠢᠨᠠᠷ᠎ᠢ ᠳᠡᠭᠡᠭᠰᠢᠯᠡᠭᠦᠯᠬᠦ᠂ ᠰᠢᠯᠢᠳᠡᠭᠵᠢᠭᠦᠯᠦᠨ ᠬᠦᠴᠦᠷᠬᠡᠭᠵᠢᠭᠦᠯᠬᠦ ᠵᠢᠨ ᠠᠰᠢᠭᠲᠠᠢ ᠨᠥᠬᠥᠴᠡᠯ ᠮᠥᠨ᠃ ᠮᠠᠨ᠎ᠤ ᠤᠯᠤᠰ᠎ᠤᠨ ᠬᠥᠮᠥᠨ ᠪᠦᠷᠢ᠎ᠳᠤ ᠳᠤᠮᠳᠠᠴᠢ᠎ᠪᠠᠷ ᠨᠣᠭᠳᠠᠬᠤ ᠤᠯᠤᠰ ᠠᠷᠠᠳ᠎ᠤᠨ ᠣᠷᠣᠯᠭ᠎ᠠ ᠳᠡᠯᠡᠬᠡᠢ ᠵᠢᠨ ᠳᠤᠮᠳᠠᠴᠢ ᠬᠢᠷᠢ ᠬᠡᠮᠵᠢᠶᠡᠨ᠎ᠳᠤ ᠬᠠᠷᠠᠬᠠᠨ ᠬᠦᠷᠦᠭᠡᠳᠦᠢ ᠪᠠᠢ᠌ᠵᠤ᠂ ᠬᠥᠭᠵᠢᠯᠲᠡ ᠵᠢᠨ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠠᠰᠠᠭᠤᠳᠠᠯ ᠮᠥᠨ ᠯᠡ ᠲᠣᠪᠣᠢ᠌ᠮ᠎ᠠ ᠪᠠᠢ᠌ᠨ᠎ᠠ᠃  ᠶᠠᠰᠤ ᠴᠢᠨᠠᠷ ᠵᠶ᠋ᠠᠷ ᠣᠷᠣᠢ᠌ᠯᠠᠬᠤ ᠪᠠ ᠬᠡᠪᠴᠢᠶᠡᠲᠦ ᠦᠢ᠍ᠯᠡᠳᠦᠯ᠎ᠢ ᠪᠠᠳᠠᠷᠠᠭᠤᠯᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠬᠡᠲᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ ᠪᠠ ᠡᠯᠪᠡᠭ ᠪᠠᠶᠠᠯᠢᠭ ᠬᠡᠷᠡᠭᠯᠡᠭᠡᠨ᠎ᠤ ᠣᠷᠴᠢᠨ᠎ᠢ ᠰᠠᠶ᠋ᠢᠲᠤᠷ ᠠᠰᠢᠭᠯᠠᠵᠤ᠂ ᠨᠡᠩ ᠤᠯᠠᠨ ᠳᠡᠯᠡᠬᠡᠢ ᠵᠢᠨ ᠲᠡᠷᠢᠭᠦᠨ᠎ᠤ ᠠᠵᠤ ᠠᠬᠤᠢ᠌ᠯᠠᠯ ᠪᠠ ᠲᠡᠷᠢᠭᠦᠨ᠎ᠤ ᠮᠡᠷᠭᠡᠵᠢᠯ᠎ᠢ ᠪᠣᠢ᠌ᠵᠢᠭᠤᠯᠵᠤ᠂ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠲᠣᠭ᠎ᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠢ ᠴᠢᠨᠠᠷ ᠰᠠᠢ᠌ᠲᠠᠢ ᠬᠥᠭᠵᠢᠯᠲᠡ ᠵᠢᠨ ᠪᠦᠬᠦ ᠶᠠᠪᠤᠴᠠ᠎ᠳᠤ ᠨᠢᠭᠡᠳᠬᠡᠬᠦ ᠬᠡᠷᠡᠭᠲᠡᠢ᠃
ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2024 ᠣᠨ᠎ᠤ 12 ᠰᠠᠷ᠎ᠠ ᠵᠢᠨ 11᠎ᠤ ᠡᠳᠦᠷ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ ᠬᠡᠯᠡᠭᠰᠡᠨ ᠦᠭᠡ ᠵᠢᠨ ᠨᠢᠭᠡ ᠬᠡᠰᠡᠭ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号