ᠶᠡᠷᠦᠩᠬᠡᠢ ᠱᠦᠵᠢ ᠰᠢ ᠵᠢᠨ ᠫᠢᠩ 17᠎ᠤ ᠡᠳᠦᠷ᠎ᠤᠨ ᠦᠳᠡ ᠵᠢᠨ ᠬᠣᠢ᠌ᠨ᠎ᠠ ᠭᠦᠢ᠍ᠵᠧᠦ ᠵᠢᠨ ᠯᠢ ᠫᠢᠩ ᠰᠢᠶᠠᠨ᠎ᠤ ᠵᠣᠣ ᠰᠢᠩ᠎ᠤᠨ ᠳ᠋ᠦᠩ ᠦᠨᠳᠦᠰᠦᠲᠡᠨ᠎ᠤ ᠲᠣᠰᠬᠤᠨ᠎ᠳᠤ ᠬᠦᠷᠴᠦ᠂ ᠳ᠋ᠦᠩ ᠦᠨᠳᠦᠰᠦᠲᠡᠨ᠎ᠤ ᠶᠡᠬᠡ ᠳᠠᠭᠤᠤ ᠵᠢᠨ ᠲᠣᠭᠯᠠᠯᠲᠠ ᠵᠢ ᠰᠣᠨᠢᠷᠬᠠᠨ᠂ ᠠᠢ᠌ᠯ ᠲᠣᠰᠬᠣᠨ᠎ᠤ ᠥᠩᠭᠡ ᠦᠵᠡᠮᠵᠢ ᠪᠣᠯᠣᠨ ᠳ᠋ᠦᠩ ᠦᠨᠳᠦᠰᠦᠲᠡᠨ᠎ᠤ ᠰᠣᠶᠣᠯ᠎ᠤᠨ ᠦᠵᠡᠭᠦᠯᠭᠡ ᠵᠢᠨ ᠲᠥᠪ᠎ᠢ ᠪᠠᠢ᠌ᠴᠠᠭ᠋ᠠᠨ ᠦᠵᠡᠵᠦ᠂ ᠳ᠋ᠦᠩ ᠦᠨᠳᠦᠰᠦᠲᠡᠨ᠎ᠤ ᠨᠡᠬᠡᠮᠡᠯ᠂ ᠪᠤᠳᠤᠭ᠂ ᠬᠠᠳᠬᠤᠮᠠᠯ᠎ᠤᠨ ᠣᠨᠴᠠᠯᠢᠭᠲᠤ ᠠᠵᠤ ᠦᠢ᠍ᠯᠡᠰ᠎ᠤᠨ ᠰᠠᠭᠤᠷᠢᠨ ᠭᠠᠵᠠᠷ᠎ᠲᠤ ᠭᠦᠨᠵᠡᠭᠡᠢ᠌ᠷᠡᠨ᠂ ᠨᠤᠲᠤᠭ᠎ᠤᠨ ᠬᠥᠮᠥᠰ᠎ᠲᠠᠢ ᠳᠣᠲᠣᠨᠣ᠎ᠪᠠᠷ ᠶᠠᠷᠢᠯᠴᠠᠪᠠ᠃ ᠰᠢ ᠵᠢᠨ ᠫᠢᠩ ᠬᠡᠯᠡᠬᠦ᠎ᠳᠡᠭᠡᠨ᠂ ᠳᠡᠭᠦᠵᠢᠩ ᠠᠰᠠᠷ᠂ ᠡᠷᠲᠡᠨ᠎ᠤ ᠴᠠᠢ᠌ᠵᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠥᠭᠵᠢᠮᠳᠡᠭᠦᠷ᠂ ᠳ᠋ᠦᠩ ᠦᠨᠳᠦᠰᠦᠲᠡᠨ᠎ᠤ ᠶᠡᠬᠡ ᠳᠠᠭᠤᠤ᠂ ᠯᠠᠳᠠᠨ ᠪᠤᠳᠤᠬᠤ ᠤᠷᠠᠯᠠᠯ ᠵᠡᠷᠭᠡ ᠦᠨᠳᠦᠰᠦᠲᠡᠨ᠎ᠤ ᠣᠨᠴᠠᠯᠢᠭ᠎ᠨᠢ ᠮᠠᠰᠢ ᠪᠣᠷᠣᠭᠵᠢᠭᠤᠨ ᠪᠥᠭᠡᠳ ᠮᠤᠤᠳ᠋ ᠪᠠᠢ᠌ᠳᠠᠭ᠃ ᠨᠠᠮ ᠪᠣᠯᠣᠨ ᠵᠠᠰᠠᠭ᠎ᠤᠨ ᠣᠷᠳᠣᠨ᠎ᠤ ᠳᠡᠮᠵᠢᠯᠭᠡ ᠳᠣᠣᠷ᠎ᠠ᠂ ᠨᠤᠲᠤᠭ᠎ᠤᠨ ᠬᠥᠮᠥᠰ᠎ᠤᠨ ᠵᠣᠯ ᠵᠢᠷᠭ᠋ᠠᠯᠲᠤ ᠠᠮᠢᠳᠤᠷᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠡᠩ ᠰᠠᠢ᠌ᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠨᠡᠩ ᠰᠠᠢ᠌ᠲᠤᠷ ᠪᠦᠲᠦᠭᠡᠨ ᠪᠠᠶ᠋ᠢᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠠᠶᠠᠷᠯᠠᠬᠤᠠᠴᠠᠪᠠᠨ ᠡᠮᠦᠨ᠎ᠡ᠂ ᠨᠤᠲᠤᠭ᠎ᠤᠨ ᠬᠥᠮᠥᠰ 《ᠳ᠋ᠦᠩ ᠦᠨᠳᠦᠰᠦᠲᠡᠨ᠎ᠤ ᠳᠠᠭᠤᠤ᠎ᠪᠠᠨ ᠨᠠᠮ᠎ᠳᠠᠭᠠᠨ ᠡᠷᠭᠦᠶ᠎ᠡ》 ᠭᠡᠬᠦ ᠳᠠᠭᠤᠤ ᠵᠢ ᠬᠠᠩᠭᠢᠨᠠᠲᠠᠯ᠎ᠠ ᠳᠠᠭᠤᠯᠠᠵᠤ᠂ ᠶᠡᠷᠦᠩᠬᠡᠢ ᠱᠦᠵᠢ ᠵᠢ ᠬᠠᠯᠠᠭᠤᠨ ᠵᠶ᠋ᠠᠷ ᠦᠳᠡᠨ ᠮᠣᠷᠳᠠᠭᠤᠯᠪᠠ᠃ ᠤᠶᠠᠩᠭ᠋ᠠᠯᠢᠭ ᠳᠠᠭᠤᠤ ᠵᠢᠨ ᠠᠶᠠᠰ ᠬᠥᠳᠡᠭᠡ ᠲᠣᠰᠬᠣᠨ᠎ᠳᠤ ᠤᠳᠠᠲᠠᠯ᠎ᠠ ᠴᠤᠤᠷᠢᠶᠠᠲᠤᠨ᠎ᠠ᠃