ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
《ᠦᠨᠡᠨ》 ᠰᠡᠳᠬᠦᠯ ᠶᠡᠷᠦᠩᠬᠡᠶ ᠱᠦᠵᠢ ᠰᠢ᠎ᠶ᠋ᠢᠨ ᠫᠢᠩ᠎ᠤᠨ 《ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠭᠡᠨ ᠪᠦᠳᠦᠭᠡᠨ ᠪᠠᠢᠭᠤᠯᠬᠤ ᠬᠡᠷᠡᠭ᠌ᠲᠡᠢ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ
ᠨᠡᠶ᠋ᠢᠲᠡᠯᠡᠭᠰᠡᠨ ᠴᠠᠭ᠄ 2025-07-22

    ᠱᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶ᠋ᠢᠨ 31 ᠎ᠤ ᠡᠳᠦᠷ᠎ᠤᠨ ᠮᠡᠳᠡᠭᠡ 6 ᠰᠠᠷ᠎ᠠ᠎ᠶ᠋ᠢᠨ 1 ᠎ᠤ ᠡᠳᠦᠷ ᠬᠡᠪᠯᠡᠭ᠌ᠳᠡᠭ᠌ᠰᠡᠨ 11 ᠳ᠋ᠦᠭᠡᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ᠎ᠤᠨ 《ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠭᠡᠨ ᠪᠦᠳᠦᠭᠡᠨ ᠪᠠᠢᠭᠤᠯᠬᠤ ᠬᠡᠷᠡᠭ᠌ᠲᠡᠢ》 ᠭᠡᠬᠦ᠌ ᠴᠢᠬᠤᠯᠠ ᠵᠣᠬᠢᠶᠠᠯ᠎ᠢ ᠨᠡᠢᠳᠡᠯᠡᠪᠡ᠃
    ᠵᠣᠬᠢᠶᠠᠯ᠎ᠳᠤ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠰᠠᠭᠤᠷᠢ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠢᠳᠠ ᠰᠤᠷᠭᠠᠨ ᠬᠥᠮᠦᠵᠢᠯ᠎ᠢ ᠤᠯᠤᠰ᠎ᠤᠨ ᠶᠡᠭᠡ ᠪᠤᠳᠤᠯᠭ᠎ᠠ᠂ ᠨᠠᠮ᠎ᠤᠨ ᠶᠡᠭᠡ ᠪᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠂ ᠰᠤᠷᠭᠠᠨ ᠬᠥᠮᠦᠵᠢᠯ᠎ᠤᠨ ᠣᠳᠣᠬᠢᠴᠢᠯᠠᠯᠲᠠ᠎ᠶ᠋ᠢ ᠲᠦᠷᠭᠡᠳᠭᠡᠬᠦ᠌ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠭᠠᠷᠭᠠᠵᠤ᠂ 2035 ᠣᠨ ᠪᠣᠯᠬᠤ᠎ᠳᠤ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠲᠡᠮᠡᠴᠡᠯ᠎ᠤᠨ ᠬᠠᠷᠠᠯᠲᠠ᠎ᠶ᠋ᠢ ᠲᠣᠭ᠍ᠲᠠᠭᠠᠵᠤ᠂ ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ᠎ᠤᠨ ᠦᠢᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ ᠪᠠᠢᠷᠢᠱᠢᠯ᠎ᠤᠨ ᠴᠢᠨᠠᠷᠲᠠᠢ ᠬᠤᠪᠢᠷᠠᠯᠲᠠ ᠭᠠᠷᠬᠤ᠎ᠶ᠋ᠢ ᠠᠬᠢᠭᠤᠯᠵᠤ ᠪᠠᠢᠨ᠎ᠠ ᠭᠡᠵᠦ᠍ ᠴᠢᠬᠤᠯᠠᠴᠢᠯᠠᠪᠠ᠃
    ᠵᠣᠬᠢᠶᠠᠯ᠎ᠳᠤ᠂ ᠪᠢᠳᠡᠨ᠎ᠤ ᠪᠦᠳᠦᠭᠡᠨ ᠪᠠᠢᠭᠤᠯᠬᠤ ᠭᠡᠵᠦ᠍ ᠪᠠᠢᠭ᠎ᠠ ᠰᠤᠷᠭᠠᠨ ᠬᠥᠮᠦᠵᠢᠯ᠎ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠤᠷᠭᠠᠨ ᠬᠥᠮᠦᠵᠢᠯ᠎ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠦᠳᠦᠯᠦᠨ ᠳᠠᠭᠠᠭᠤᠯᠬᠤ ᠬᠦᠴᠦᠨ᠂ ᠴᠢᠳᠠᠪᠤᠷᠢᠲᠠᠨ᠎ᠤ ᠦᠷᠢᠰᠦᠯᠳᠦᠬᠦ᠌ ᠬᠦᠴᠦᠨ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠤᠯᠭᠠᠭᠤᠷᠢᠯᠠᠬᠤ ᠬᠦᠴᠦᠨ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠶ᠋ᠢᠨ ᠬᠦᠴᠦᠨ᠂ ᠨᠡᠢᠭᠡᠮ᠎ᠤᠨ ᠬᠠᠮᠵᠢᠯᠴᠠᠬᠤ ᠬᠦᠴᠦᠨ᠂ ᠳᠡᠯᠡᠬᠡᠢ᠎ᠳᠤ ᠨᠥᠯᠥᠭᠡᠯᠡᠬᠦ᠌ ᠬᠦᠴᠦᠨ᠎ᠲᠠᠢ ᠪᠠᠢᠪᠠᠯ ᠵᠣᠬᠢᠨ᠎ᠠ᠃ ᠡᠢᠮᠦᠷᠬᠦᠦ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ᠂ ᠡᠷᠬᠡᠪᠰᠢ ᠦᠨᠳᠦᠰᠦ ᠰᠠᠭᠤᠷᠢ᠎ᠶ᠋ᠢ ᠪᠠᠬᠢᠵᠢᠭᠦᠯᠵᠦ᠍ ᠰᠦᠭ ᠰᠦᠨᠡᠰᠦ᠎ᠶ᠋ᠢ ᠱᠤᠭᠤᠬᠤ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠤᠨ ᠱᠢᠰᠲ᠋ᠧᠮ᠂ ᠲᠥᠪ ᠭᠤᠣᠯᠴᠢ ᠴᠢᠨᠠᠷ ᠰᠠᠢᠲᠠᠢ ᠰᠠᠭᠤᠷᠢ ᠰᠤᠷᠭᠠᠨ ᠬᠥᠮᠦᠵᠢᠯ᠎ᠤᠨ ᠱᠢᠰᠲ᠋ᠧᠮ᠂ ᠥᠪᠡᠷ᠎ᠢ᠎ᠪᠠᠨ ᠬᠦᠴᠦᠷᠬᠡᠭ᠌ᠵᠢᠬᠦᠯᠵᠦ᠍ ᠭᠠᠷᠮᠠᠭᠠᠢ ᠠᠮᠵᠢᠯᠳᠠ ᠪᠦᠳᠦᠮᠵᠢ ᠣᠯᠣᠭ᠍ᠰᠠᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠱᠢᠰᠲ᠋ᠧᠮ᠂ ᠦᠢᠯᠡᠳᠪᠦᠷᠢᠯᠡᠯ ᠵᠢᠭᠠᠨ ᠰᠤᠷᠭᠠᠯᠳᠠ᠎ᠶ᠋ᠢ ᠠᠭᠤᠰᠤᠯᠴᠠᠭᠤᠯᠤᠭ᠍ᠰᠠᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠱᠢᠰᠲ᠋ᠧᠮ᠂ ᠲᠦᠭᠡᠮᠡᠯ ᠬᠠᠷᠠᠭᠠᠯᠵᠠᠯᠳᠤ ᠨᠠᠰᠤᠨ ᠲᠤᠷᠱᠢᠳᠠ᠎ᠶ᠋ᠢᠨ ᠰᠤᠷᠭᠠᠨ ᠬᠥᠮᠦᠵᠢᠯ᠎ᠤᠨ ᠱᠢᠰᠲ᠋ᠧᠮ᠂ ᠱᠢᠨ᠎ᠡ᠎ᠶ᠋ᠢ ᠡᠭᠦᠳᠴᠦ᠍ ᠬᠦᠳᠦᠯᠦᠨ ᠲᠠᠭᠠᠭᠤᠯᠬᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠤᠯᠭᠠᠭᠤᠷᠢᠯᠠᠯ᠎ᠤᠨ ᠱᠢᠰᠲ᠋ᠧᠮ᠂ ᠬᠡᠪ ᠪᠣᠯᠪᠠᠰᠤᠷᠠᠯ ᠱᠢᠯᠢᠳᠡᠭ ᠰᠠᠢᠨ ᠪᠠᠭ᠍ᠰᠢ᠎ᠶ᠋ᠢᠨ ᠡᠩᠨᠡᠭᠡᠨ᠎ᠤ ᠱᠢᠰᠲ᠋ᠧᠮ᠂ ᠨᠡᠭᠡᠭᠡᠯᠳᠡᠳᠡᠢ ᠬᠠᠷᠢᠯᠴᠠᠨ ᠲᠤᠯᠢ ᠪᠣᠯᠭᠠᠬᠤ ᠤᠯᠠᠨ ᠤᠯᠤᠰ᠎ᠤᠨ ᠬᠠᠮᠲᠤᠷᠠᠯᠴᠠᠭᠠᠨ᠎ᠤ ᠱᠢᠰᠲ᠋ᠧᠮ᠎ᠢ ᠪᠦᠬᠦ᠌ ᠲᠠᠯ᠎ᠠ᠎ᠪᠠᠷ ᠪᠠᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
    ᠵᠣᠬᠢᠶᠠᠯ᠎ᠳᠤ᠂ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠪᠣᠯ ᠨᠢᠭᠡᠨ ᠨᠠᠷᠢᠨ ᠪᠤᠳᠤᠯᠢᠶᠠᠨᠲᠠᠶ ᠱᠢᠰᠲ᠋ᠧᠮᠲᠦ ᠢᠨᠵᠧᠨᠧᠷᠢᠩ ᠮᠥᠨ᠂ ᠰᠤᠷᠭᠠᠨ ᠬᠥᠮᠦᠵᠢᠯ᠎ᠤᠨ ᠤᠯᠤᠰ ᠲᠦᠷᠦ᠍᠎ᠶ᠋ᠢᠨ ᠱᠢᠨᠵᠢ ᠴᠢᠨᠠᠷ᠂ ᠠᠷᠠᠳ ᠲᠦᠮᠡᠨ᠎ᠤ ᠱᠢᠨᠵᠢ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠱᠢᠨᠵᠢ ᠴᠢᠨᠠᠷ᠎ᠢ ᠪᠦᠬᠦ᠌ ᠲᠠᠯ᠎ᠠ᠎ᠪᠠᠷ ᠡᠵᠡᠮᠱᠢᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠲᠤᠯᠭᠠᠭᠤᠷᠢᠯᠠᠬᠤ ᠪᠠ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠬᠠᠷᠢᠴᠠᠭ᠎ᠠ᠂ ᠮᠡᠳᠡᠯᠭᠡ᠎ᠶ᠋ᠢᠨ ᠰᠤᠷᠤᠯᠴᠠᠯᠭ᠎ᠠ ᠪᠠ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠬᠠᠷᠢᠴᠠᠭ᠎ᠠ᠂ ᠴᠢᠳᠠᠪᠤᠷᠢᠲᠠᠨ᠎ᠢ ᠬᠥᠮᠦᠵᠢᠭᠦᠯᠬᠦ᠌ ᠪᠠ ᠨᠡᠢᠭᠡᠮ᠎ᠤᠨ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠬᠠᠷᠢᠴᠠᠭ᠎ᠠ᠂ ᠡᠮᠬᠢ ᠵᠢᠷᠤᠮ᠎ᠲᠠᠢ ᠪᠠᠢᠯᠭᠠᠬᠤ ᠪᠠ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢᠨ ᠬᠠᠷᠢᠴᠠᠭ᠎ᠠ᠂ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦᠯᠡᠬᠦ᠌ ᠪᠠ ᠤᠯᠠᠨ ᠤᠯᠤᠰ᠎ᠤᠨ ᠲᠤᠷᠱᠢᠯᠭ᠎ᠠ᠎ᠪᠠᠷ ᠲᠤᠯᠢ ᠪᠣᠯᠭᠠᠬᠤ᠎ᠶ᠋ᠢᠨ ᠬᠠᠷᠢᠴᠠᠭ᠎ᠠ᠎ᠶ᠋ᠢ ᠵᠥᠪ ᠱᠢᠶ᠋ᠳᠪᠦᠷᠢᠯᠡᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
    ᠵᠣᠬᠢᠶᠠᠯ᠎ᠳᠤ᠂ ᠲᠣᠭ᠍ᠲᠠᠭ᠍ᠰᠠᠨ ᠬᠤᠭᠤᠴᠠᠭᠠᠨ᠎ᠳᠤ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠬᠡᠨ ᠪᠠᠢᠭᠤᠯᠬᠤ᠎ᠳᠤ ᠡᠭᠦᠷᠭᠡ ᠬᠦᠨᠳᠦ ᠪᠠᠢᠨ᠎ᠠ᠂ ᠴᠠᠭ ᠪᠢᠳᠡᠨ᠎ᠢ ᠬᠦᠯᠢᠶᠡᠬᠦ᠌ ᠦᠬᠡᠢ᠃ ᠨᠢᠭᠡᠳᠦᠭᠡᠷ᠎ᠲᠤ᠌᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠡᠷᠡᠰ ᠭᠤᠢᠪᠢᠰᠢ ᠦᠭᠡᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌᠎ᠶ᠋ᠢ ᠴᠥᠬᠦᠷᠡᠰᠢ ᠦᠭᠡᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠤᠨ ᠪᠠᠢᠭᠤᠯᠤᠯᠲᠠ ᠪᠣᠯᠤᠨ ᠨᠠᠮ᠎ᠤᠨ ᠱᠢᠨ᠎ᠡ ᠡᠬᠦᠳᠦᠯᠳᠡ᠎ᠶ᠋ᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠵᠡᠷᠭᠡ᠎ᠪᠠᠷ ᠠᠬᠢᠭᠤᠯᠬᠤ᠎ᠶ᠋ᠢ ᠪᠠᠷᠢᠮᠳᠠᠯᠠᠬᠤ ᠬᠡᠷᠡᠭ᠌ᠲᠡᠢ᠃ ᠨᠠᠮ᠎ᠤᠨ ᠱᠢᠨ᠎ᠡ ᠡᠬᠦᠳᠦᠯᠳᠡ᠎ᠶ᠋ᠢᠨ ᠤᠨᠤᠯ᠎ᠤᠨ ᠱᠢᠰᠲ᠋ᠧᠮᠵᠢᠭ᠌ᠰᠡᠨ ᠣᠨᠣᠯᠵᠢᠨ ᠶᠣᠰᠣᠵᠢᠭ᠍ᠰᠠᠨ ᠰᠤᠳᠤᠯᠭᠠᠨ ᠲᠠᠢᠯᠪᠤᠷᠢᠯᠠᠯᠳᠠ᠎ᠶ᠋ᠢ ᠴᠢᠩᠭᠠᠳᠭᠠᠵᠤ᠂ ᠡᠯ᠎ᠡ ᠱᠢᠨᠵᠢᠯᠡᠭᠡᠨ᠎ᠤ ᠰᠠᠯᠠᠭ᠎ᠠ᠎ᠶ᠋ᠢᠨ ᠪᠡᠯᠭᠡ ᠳᠡᠮᠳᠡᠭ᠎ᠤᠨ ᠴᠢᠨᠠᠷᠲᠠᠢ ᠤᠬᠠᠭ᠍ᠳᠠᠬᠤᠨ᠂ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠤᠨᠤᠯ᠎ᠢᠶᠠᠷ ᠭᠤᠣᠯ ᠪᠣᠯᠭᠠᠭ᠍ᠰᠠᠨ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠪᠡᠶ᠎ᠡ᠎ᠪᠠᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ ᠬᠡᠷᠡᠭ᠌ᠲᠡᠢ᠃ ᠦᠢᠯᠡᠳᠦᠯᠭᠡ᠎ᠪᠠᠷ ᠬᠥᠮᠦᠨ᠎ᠢ ᠬᠥᠮᠦᠵᠢᠭᠦᠯᠬᠦ᠌ ᠪᠠ ᠰᠦᠯᠵᠢᠶ᠎ᠡ᠎ᠪᠠᠷ ᠬᠥᠮᠦᠨ᠎ᠢ ᠬᠥᠮᠦᠵᠢᠭᠦᠯᠬᠦ᠌ ᠣᠷᠣᠨ ᠵᠠᠶ ᠪᠠ ᠵᠢᠭ᠍ᠰᠠᠭᠠᠯ᠎ᠤᠨ ᠭᠠᠵᠠᠷ᠎ᠢ ᠲᠠᠰᠤᠷᠠᠯᠲᠠ ᠦᠭᠡᠢ ᠦᠷᠭᠡᠳᠭᠡᠬᠦ᠌ ᠬᠡᠷᠡᠭ᠌ᠲᠡᠢ᠃ ᠬᠤᠶᠠᠳᠤᠭᠠᠷ᠎ᠲᠤ᠌᠂ ᠱᠢᠨᠵᠢᠯᠡᠬᠦ᠌ ᠤᠬᠠᠭᠠᠨ ᠮᠡᠷᠭᠡᠵᠢᠯ ᠪᠠ ᠴᠢᠳᠠᠪᠤᠷᠢᠲᠠᠨ᠎ᠳᠤ ᠦᠵᠡᠭᠦᠯᠬᠦ᠌ ᠰᠤᠷᠭᠠᠨ ᠬᠥᠮᠦᠵᠢᠯ᠎ᠤᠨ ᠲᠤᠯᠭᠠᠭᠤᠷᠢᠯᠠᠬᠤ ᠦᠢᠯᠡᠳᠦᠯ᠎ᠢ ᠴᠢᠩᠭᠠᠳᠭᠠᠬᠤ ᠬᠡᠷᠡᠭ᠌ᠲᠡᠢ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠮᠡᠷᠭᠡᠵᠢᠯ᠎ᠤᠨ ᠴᠢᠳᠠᠪᠤᠷᠢᠲᠠᠨ᠎ᠤ ᠰᠠᠢᠨ ᠣᠷᠴᠢᠯ᠎ᠢ ᠲᠦᠯᠬᠢᠨ ᠠᠬᠢᠭᠤᠯᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠤᠯᠤᠰ ᠣᠷᠣᠨ᠎ᠢᠶᠠᠨ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠂ ᠴᠢᠳᠠᠪᠤᠷᠢᠲᠠᠨ᠎ᠢᠶᠠᠷ ᠤᠯᠤᠰ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠂ ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠵᠦ᠍᠂ ᠰᠤᠷᠭᠠᠨ ᠬᠥᠮᠦᠵᠢᠯ᠎ᠤᠨ ᠬᠥᠭ᠌ᠵᠢᠯᠲᠡ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠨᠢᠭᠡ ᠴᠤᠭ᠍ᠴᠠᠵᠢᠭᠤᠯᠤᠨ ᠲᠦᠯᠬᠢᠨ ᠠᠬᠢᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠥᠭ᠌ᠵᠢᠯᠲᠡ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠪᠠᠷ ᠬᠥᠲᠥᠯᠦᠮᠵᠢ ᠪᠣᠯᠭᠠᠵᠤ᠂ ᠶᠡᠭᠡ ᠳᠡᠭᠡᠳᠦ ᠰᠤᠷᠭᠠᠭᠤᠯᠢ᠎ᠶ᠋ᠢᠨ ᠬᠢᠴᠢᠶᠡᠯ ᠲᠥᠷᠥᠯ᠎ᠤᠨ ᠪᠠᠢᠷᠢᠯᠠᠭᠤᠯᠤᠯᠲᠠ ᠲᠤᠬᠢᠷᠠᠭᠤᠯᠤᠯᠳᠠ᠎ᠶ᠋ᠢᠨ ᠲᠣᠭ᠍ᠲᠠᠴᠠ ᠪᠠ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ᠎ᠢ ᠲᠡᠬᠦᠯᠳᠡᠷᠵᠢᠬᠦᠯᠬᠦ᠌ ᠬᠡᠷᠡᠭ᠌ᠲᠡᠢ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠪᠠᠢᠷᠢᠱᠢᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢᠲᠠᠨ᠎ᠤ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃ ᠭᠤᠷᠪᠠᠳᠤᠭᠠᠷ᠎ᠲᠤ᠌᠂ ᠰᠤᠷᠭᠠᠨ ᠬᠥᠮᠦᠵᠢᠯ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠤ ᠶᠠᠰᠤ ᠴᠢᠨᠠᠷ ᠪᠠ ᠬᠢᠷᠢ ᠲᠦᠪᠱᠢᠨ᠎ᠢ ᠲᠡᠭᠡᠭ᠌ᠰᠢᠯᠡᠬᠦᠯᠬᠦ᠌ ᠬᠡᠷᠡᠭ᠌ᠲᠡᠢ᠃ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠰᠤᠷᠭᠠᠨ ᠬᠥᠮᠦᠵᠢᠯ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠦᠭᠡᠮᠡᠯ ᠬᠠᠷᠠᠭᠠᠯᠵᠠᠯᠳᠤ ᠴᠢᠨᠠᠷ᠂ ᠬᠦᠷᠦᠯᠴᠡᠬᠦ᠌ ᠴᠢᠨᠠᠷ᠂ ᠳᠥᠭᠦᠮ ᠳᠥᠲᠡ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠰᠤᠷᠭᠠᠨ ᠬᠥᠮᠦᠵᠢᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭ᠌ᠰᠢ᠎ᠪᠠᠷ ᠬᠦᠷᠲᠡᠭᠡᠬᠦ᠌ ᠬᠡᠷᠡᠭ᠌ᠲᠡᠢ᠃ ᠣᠷᠣᠨ ᠪᠦᠰᠡ᠎ᠶ᠋ᠢᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ 《ᠬᠤᠶᠠᠷ᠎ᠢ ᠬᠦᠩᠭᠡᠷᠡᠬᠦᠯᠦᠭ᠌ᠰᠡᠨ》 ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠵᠦ᠍᠂ ᠤᠯᠤᠰ᠎ᠤᠨ ᠰᠤᠷᠭᠠᠨ ᠬᠥᠮᠦᠵᠢᠯ᠎ᠤᠨ ᠲᠤᠭᠠᠴᠢᠯᠠᠯᠳᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠦᠨ᠂ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠤ ᠬᠢᠷᠢ ᠲᠦᠪᠱᠢᠨ᠎ᠢ ᠲᠡᠭᠡᠭ᠌ᠰᠢᠯᠡᠬᠦᠯᠬᠦ᠌ ᠬᠡᠷᠡᠭ᠌ᠲᠡᠢ᠃ ᠳᠥᠷᠪᠡᠳᠦᠭᠡᠷ᠎ᠲᠤ᠌᠂ ᠱᠢᠨ᠎ᠡ ᠴᠠᠭ ᠦᠶ᠎ᠡ᠎ᠶ᠋ᠢᠨ ᠥᠨᠳᠥᠷ ᠲᠦᠪᠱᠢᠨ ᠪᠦᠬᠦᠢ ᠪᠠᠭ᠍ᠰᠢ᠎ᠶ᠋ᠢᠨ ᠡᠩᠨᠡᠭᠡ᠎ᠶ᠋ᠢ ᠬᠥᠮᠦᠵᠢᠭᠦᠯᠦᠨ ᠪᠣᠢᠵᠢᠭᠤᠯᠬᠤ ᠬᠡᠷᠡᠭ᠌ᠲᠡᠢ᠃ ᠰᠤᠷᠭᠠᠨ ᠬᠦᠮᠦᠵᠢᠯᠳᠡᠨ᠎ᠤ ᠵᠣᠷᠢᠭ ᠰᠠᠨᠠᠭ᠎ᠠ᠎ᠪᠠᠷ ᠰᠦᠭ ᠰᠦᠨᠡᠰᠦ᠎ᠶ᠋ᠢ ᠱᠤᠭᠤᠵᠤ ᠪᠠᠭ᠍ᠰᠢ᠎ᠶ᠋ᠢ ᠬᠦᠴᠦᠷᠬᠡᠭ᠌ᠵᠢᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠭ᠍ᠰᠢ᠎ᠶ᠋ᠢ ᠬᠥᠮᠦᠵᠢᠭᠦᠯᠦᠨ ᠪᠣᠯᠪᠠᠰᠤᠷᠠᠭᠤᠯᠬᠤ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠪᠠᠭ᠍ᠰᠢ᠎ᠶ᠋ᠢᠨ ᠬᠠᠮᠢᠶᠠᠷᠤᠯᠲᠠ ᠪᠠ ᠡᠬᠢ ᠪᠠᠶᠠᠯᠢᠭ᠎ᠤᠨ ᠲᠤᠬᠢᠷᠠᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠬᠦᠯᠬᠦ᠌ ᠬᠡᠷᠡᠭ᠌ᠲᠡᠢ᠃ ᠪᠠᠭ᠍ᠰᠢ᠎ᠶ᠋ᠢᠨ ᠤᠯᠤᠰ ᠲᠦᠷᠦ᠍᠎ᠶ᠋ᠢᠨ ᠪᠠᠢᠷᠢ ᠰᠠᠭᠤᠷᠢ᠂ ᠨᠡᠢᠭᠡᠮ᠎ᠤᠨ ᠪᠠᠢᠷᠢ ᠰᠠᠭᠤᠷᠢ᠂ ᠠᠵᠢᠯ ᠮᠡᠷᠭᠡᠵᠢᠯ᠎ᠤᠨ ᠪᠠᠢᠷᠢ ᠰᠠᠭᠤᠷᠢ᠎ᠶ᠋ᠢ ᠳᠡᠭᠡᠭ᠌ᠰᠢᠯᠡᠭᠦᠯᠵᠦ᠍᠂ ᠪᠠᠭ᠍ᠰᠢ ᠨᠠᠷ᠎ᠲᠤ ᠡᠷᠬᠢᠮ ᠳᠡᠭᠡᠳᠦ ᠨᠡᠢᠭᠡᠮ᠎ᠤᠨ ᠨᠡᠷ᠎ᠡ ᠬᠦᠨᠳᠦ ᠬᠦᠷᠲᠡᠭᠡᠵᠦ᠍᠂ ᠨᠡᠢᠭᠡᠮ ᠨᠡᠢᠳᠡ᠎ᠳᠤ ᠬᠠᠮᠤᠭ᠎ᠠᠴᠠ ᠬᠦᠨᠳᠦᠳᠭᠡᠭ᠌ᠳᠡᠬᠦ᠌ ᠠᠵᠢᠯ ᠮᠡᠷᠭᠡᠵᠢᠯ᠎ᠤᠨ ᠨᠢᠭᠡ ᠪᠣᠯᠭᠠᠬᠤ ᠬᠡᠷᠡᠭ᠌ᠲᠡᠢ᠃ ᠲᠠᠪᠤᠳᠤᠭᠠᠷ᠎ᠲᠤ᠌᠂ ᠪᠦᠬᠦ᠌ ᠪᠥᠮᠪᠥᠷᠴᠡᠭ᠎ᠲᠤ ᠨᠥᠯᠥᠭᠡᠯᠡᠬᠦ᠌ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ᠎ᠤᠨ ᠲᠥᠪ᠎ᠢ ᠪᠠᠢᠭᠤᠯᠬᠤ ᠬᠡᠷᠡᠭ᠌ᠲᠡᠢ᠃ ᠰᠤᠷᠭᠠᠨ ᠬᠥᠮᠦᠵᠢᠯ᠎ᠤᠨ ᠭᠠᠳᠠᠭᠠᠳᠤ ᠨᠡᠭᠡᠭᠡᠯᠳᠡ᠎ᠶ᠋ᠢ ᠭᠦᠨᠵᠡᠭᠡᠶ ᠲᠦᠯᠬᠢᠨ ᠠᠬᠢᠭᠤᠯᠵᠤ᠂ 《ᠭᠠᠳᠠᠭᠠᠳᠤ᠎ᠠᠴᠠ ᠣᠷᠣᠭᠤᠯᠵᠤ ᠠᠪᠴᠢᠷᠠᠬᠤ》 ᠪᠠ 《ᠭᠠᠳᠠᠭᠠᠳᠤ᠎ᠳᠤ ᠭᠠᠷᠴᠤ᠌ ᠶᠠᠪᠤᠬᠤ》 ᠎ᠶ᠋ᠢ ᠨᠢᠭᠡᠳᠦᠯᠲᠡᠶ ᠲᠦᠯᠦᠪᠵᠢᠬᠦᠯᠦᠨ᠂ ᠰᠤᠷᠭᠠᠨ ᠬᠥᠮᠦᠵᠢᠯ᠎ᠤᠨ ᠳᠡᠯᠡᠬᠡᠶ᠎ᠳᠠᠬᠢ ᠨᠥᠯᠥᠭᠡᠯᠡᠬᠦ᠌ ᠬᠦᠴᠦᠨ᠂ ᠥᠷᠢᠰᠥᠯᠳᠦᠬᠦ᠌ ᠬᠦᠴᠦᠨ ᠪᠠ ᠦᠭᠡ ᠬᠡᠯᠡᠬᠦ᠌ ᠡᠷᠬᠡ᠎ᠶ᠋ᠢ ᠲᠠᠰᠤᠷᠠᠯᠳᠠ ᠦᠭᠡᠢ ᠲᠡᠭᠡᠭ᠌ᠰᠢᠯᠡᠬᠦᠯᠬᠦ᠌ ᠬᠡᠷᠡᠭ᠌ᠲᠡᠢ᠃ ᠪᠦᠬᠦ᠌ ᠪᠥᠮᠪᠥᠷᠴᠡᠭ᠎ᠤᠨ ᠰᠤᠷᠭᠠᠨ ᠬᠥᠮᠦᠵᠢᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠪᠦᠬᠦ᠌ ᠪᠥᠮᠪᠥᠷᠴᠡᠭ᠎ᠤᠨ ᠰᠤᠷᠭᠠᠨ ᠬᠥᠮᠦᠵᠢᠯ᠎ᠤᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠨᠡᠩ ᠤᠯᠠᠨ ᠳᠤᠮᠳᠠᠳᠤ ᠤᠯᠤᠰ᠎ᠤᠨ ᠬᠦᠴᠦᠨ᠎ᠢ ᠨᠡᠮᠡᠷᠢᠯᠡᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
    ᠵᠣᠬᠢᠶᠠᠯ᠎ᠳᠤ᠂ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠪᠣᠯ ᠣᠢᠷ᠎ᠠ ᠦᠶ᠎ᠡ᠎ᠠᠴᠠ ᠨᠠᠭᠠᠱᠢᠬᠢ ᠳᠤᠮᠳᠠᠳᠤ᠎ᠶ᠋ᠢᠨ ᠦᠨᠳᠦᠰᠦᠲᠡᠨ᠎ᠤ ᠬᠦᠰᠡᠨ ᠮᠥᠷᠥᠭᠡᠳᠦᠭ᠌ᠰᠡᠭᠡᠷ ᠢᠷᠡᠭ᠌ᠰᠡᠨ ᠰᠠᠢᠨ ᠰᠠᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠳᠥᠯᠭᠢᠨ ᠠᠬᠢᠭᠤᠯᠬᠤ ᠬᠤᠱᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠢᠯᠳᠤᠬᠤ ᠪᠣᠳᠣᠯᠭ᠎ᠠ ᠲᠤᠯᠭᠠᠭᠤᠷᠢᠯᠠᠯ ᠮᠥᠨ᠃ ᠢᠲᠡᠭᠡᠯ ᠵᠣᠷᠢᠭ᠎ᠢᠶᠠᠨ ᠪᠠᠲᠤᠳᠭᠠᠵᠤ᠂ ᠵᠤᠷᠢᠭ᠍ᠳᠠᠢ ᠤᠷᠤᠭ᠍ᠰᠢᠯᠠᠵᠤ᠂ ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠠᠤᠭ᠎ᠠ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号