ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-24

      1 ᠰᠠᠷ᠎ᠠ᠎ᠶᠢᠨ 19᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠴᠢ ᠹᠧᠢ ᠶᠦᠨ ᠨᠠᠮ᠎ᠤᠨ ᠤᠳᠤᠷᠢᠳᠬᠤ ᠳᠤᠭᠤᠢᠯᠠᠩ᠎ᠤᠨ ( ᠥᠷᠭᠡᠳᠬᠡᠭᠰᠡᠨ ) ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯ᠂ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠵᠢᠴᠢ 《 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠲᠤᠭᠤᠰᠢᠯᠠᠭᠤᠯᠤᠶ᠎ᠠ 》 ᠭᠡᠬᠦ ᠴᠢᠬᠤᠯᠠ ᠨᠡᠷ᠎ᠡ ᠬᠠᠳᠠᠭᠰᠠᠨ ᠵᠣᠬᠢᠶᠠᠯ᠎ᠢ ᠤᠯᠠᠮᠵᠢᠯᠠᠨ ᠰᠤᠷᠤᠯᠴᠠᠵᠤ᠂ 2026 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠬᠤᠷᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠠᠪᠤᠳᠠᠯ᠎ᠢ ᠰᠤᠳᠤᠯᠵᠤ᠂ ᠲᠥᠪ᠎ᠦᠨ ᠲᠣᠭᠣᠷᠢᠨ ᠪᠠᠢᠴᠠᠭᠠᠯᠲᠠ᠎ᠶᠢᠨ ᠬᠠᠷᠢᠭᠤ ᠲᠤᠰᠬᠠᠭᠰᠠᠨ ᠰᠠᠨᠠᠯ ᠪᠣᠯᠣᠨ ᠭᠤᠷᠪᠠᠳᠤᠭᠠᠷ ᠡᠭᠡᠯᠵᠢ᠎ᠶᠢᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠪᠠᠢᠷᠢᠯᠠᠭᠤᠯᠪᠠ᠃
      ᠬᠤᠷᠠᠯ᠎ᠠᠴᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭᠠᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠲᠣᠭᠲᠠᠭᠠᠵᠤ ᠨᠡᠢᠲᠡᠯᠡᠬᠦ᠎ᠶᠢ ᠲᠦᠷᠭᠡᠳᠬᠡᠵᠦ᠂ 2026 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠯ᠎ᠡ ᠵᠦᠢᠯ᠎ᠦᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠦᠨ ᠠᠬᠢᠭᠤᠯᠵᠤ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠬᠠᠮᠲᠤ ᠳ᠋ᠤᠨᠢ ᠪᠠᠢᠴᠠᠭᠠᠵᠤ ᠬᠠᠮᠲᠤ ᠳ᠋ᠤᠨᠢ ᠵᠠᠰᠠᠬᠤ᠎ᠶᠢ ᠭᠦᠨᠵᠡᠭᠡᠢ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢᠯᠭᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠲᠢᠩᠬᠢᠮ᠎ᠦᠨ ᠤᠳᠤᠷᠢᠳᠬᠤ ᠪᠠᠭ᠎ᠤᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠥᠨᠳᠥᠷ ᠪᠠᠷᠢᠮᠵᠢᠶ᠎ᠠ᠎ᠪᠠᠷ ᠪᠡᠯᠡᠳᠬᠡᠨ ᠬᠤᠷᠠᠯᠳᠤᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠤᠢᠪᠢᠰᠢ ᠦᠭᠡᠢ ᠭᠦᠨᠵᠡᠭᠡᠢᠷᠡᠭᠦᠯᠵᠦ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ᠎ᠢ ᠡᠴᠦᠰ ᠲᠦ᠍ᠨᠢ ᠲᠤᠯᠲᠠᠯ᠎ᠠ ᠬᠢᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠤᠯᠤᠰ ᠲᠦᠷᠦ᠎ᠶᠢᠨ ᠰᠠᠭᠤᠷᠢ᠎ᠶᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠲᠥᠪ᠎ᠦᠨ ᠲᠣᠭᠣᠷᠢᠨ ᠪᠠᠢᠴᠠᠭᠠᠯᠲᠠ᠎ᠶᠢᠨ ᠬᠠᠷᠢᠭᠤ ᠲᠤᠰᠬᠠᠭᠰᠠᠨ ᠰᠠᠨᠠᠯ ᠪᠣᠯᠣᠨ ᠭᠤᠷᠪᠠᠳᠤᠭᠠᠷ ᠡᠭᠡᠯᠵᠢ᠎ᠶᠢᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠴᠢᠩᠭ᠎ᠠ ᠪᠣᠳᠠᠲᠠᠢ ᠰᠠᠢᠲᠤᠷ ᠠᠳᠬᠤᠵᠤ᠂ ᠠᠵᠢᠯ᠎ᠤᠨ ᠬᠠᠷᠢᠭᠤᠴᠠᠯᠭ᠎ᠠ᠎ᠶᠢ ᠤᠯᠠᠮ ᠴᠢᠨᠠᠭᠰᠢᠳᠠ ᠪᠠᠲᠤᠳᠬᠠᠵᠤ᠂ ᠬᠠᠪᠰᠤᠷᠤᠨ ᠲᠡᠳᠬᠦᠵᠦ ᠵᠢᠭᠠᠨ ᠵᠢᠯᠣᠭᠣᠳᠤᠯᠭ᠎ᠠ᠎ᠪᠠᠨ ᠴᠢᠩᠭᠠᠳᠬᠠᠵᠤ᠂ ᠱᠠᠯᠠᠪᠳᠠᠭᠤᠯᠤᠨ ᠰᠢᠢᠳᠪᠦᠷᠢᠯᠡᠬᠦ ᠪᠠ ᠠᠩᠬᠠᠷᠤᠨ ᠰᠢᠢᠳᠪᠦᠷᠢᠯᠡᠬᠦ᠎ᠶᠢ ᠴᠢᠩᠭᠠᠳᠬᠠᠵᠤ᠂ ᠪᠢᠲᠡᠭᠦᠦ ᠬᠠᠮᠢᠶᠠᠷᠤᠯᠲᠠ᠎ᠶᠢ ᠭᠦᠨᠵᠡᠭᠡᠢᠷᠡᠭᠦᠯᠵᠦ᠂ ᠴᠡᠭᠴᠡᠯᠡᠨ ᠰᠠᠢᠵᠢᠷᠠᠭᠤᠯᠬᠤ ᠠᠬᠢᠴᠠ᠎ᠶᠢ ᠲᠦᠷᠭᠡᠳᠬᠡᠵᠦ᠂ ᠴᠡᠭᠴᠡᠯᠡᠨ ᠰᠠᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠴᠡᠭᠴᠡᠯᠡᠨ ᠰᠠᠢᠵᠢᠷᠠᠭᠤᠯᠤᠭᠰᠠᠨ ᠦᠨᠡᠨ ᠪᠣᠳᠠᠲᠠᠢ ᠦᠷ᠎ᠡ ᠪᠦᠲᠦᠮᠵᠢ᠎ᠪᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠰ᠎ᠦᠨ ᠲᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号