ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠰᠢ᠎ᠶᠢᠨ ᠫᠢᠩ ᠠᠩᠭ᠌ᠯᠢ᠎ᠶᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2026-02-04

      ᠤᠯᠤᠰ᠎ᠤᠨ ᠲᠡᠷᠢᠭᠦᠯᠡᠭᠴᠢ ᠰᠢ᠎ᠶᠢᠨ ᠫᠢᠩ 1 ᠰᠠᠷ᠎ᠠ ᠎ᠶᠢᠨ 29᠎ᠦ ᠡᠳᠦᠷ᠎ᠦᠨ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠡᠷ ᠢᠷᠡᠭᠰᠡᠨ ᠠᠩᠭ᠌ᠯᠢ᠎ᠶᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢ ᠰᠢᠶᠠᠩ ᠰᠡᠭᠦᠳᠡᠷᠯᠡᠪᠡ
      ᠰᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶᠢᠨ 29᠎ᠤ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠱᠤᠤ ᠢ ᠪᠥᠸᠧ) 1 ᠰᠠᠷ᠎ᠠ᠎ᠶᠢᠨ 29᠎ᠦ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠡᠷ ᠢᠷᠡᠭᠰᠡᠨ ᠠᠩᠭ᠌ᠯᠢ᠎ᠶᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠳᠤᠮᠳᠠᠳᠤ ᠠᠩᠭ᠌ᠯᠢ᠎ᠶᠢᠨ ᠤᠷᠳᠤ ᠬᠤᠭᠤᠴᠠᠭ᠎ᠠ᠎ᠪᠠᠷ ᠲᠣᠭᠲᠠᠭᠤᠨ ᠪᠠᠢᠬᠤ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠪᠠᠨ ᠬᠥᠭᠵᠢᠭᠦᠯᠬᠦ᠎ᠶᠢ ᠵᠥᠪᠰᠢᠶᠡᠷᠡᠪᠡ᠃
      ᠰᠢ᠎ᠶᠢᠨ ᠫᠢᠩ᠂ ᠣᠳᠣᠬᠠᠨ᠎ᠳᠤ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠵᠤ᠂ ᠳᠤᠮᠳᠠᠳᠤ ᠠᠩᠭ᠌ᠯᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠶᠤᠯᠭᠦᠢ᠎ᠶᠢᠨ ᠵᠥᠪᠯᠡᠯ᠎ᠦᠨ ᠪᠠᠢᠩᠭᠤ᠎ᠶᠢᠨ ᠬᠡᠷᠡᠭ ᠡᠷᠬᠢᠯᠡᠭᠴᠢ ᠤᠯᠤᠰ ᠪᠠ ᠳᠡᠯᠡᠬᠡᠢ᠎ᠶᠢᠨ ᠭᠣᠣᠯ ᠪᠣᠯᠬᠤ ᠠᠵᠤ ᠠᠬᠤᠢ᠎ᠶᠢᠨ ᠴᠣᠭᠴᠠ ᠪᠣᠯᠤᠭᠰᠠᠨ᠎ᠤ ᠬᠤᠪᠢ᠎ᠳᠤ᠂ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ ᠪᠠᠢᠳᠠᠯ᠎ᠢ ᠬᠠᠮᠠᠭᠠᠯᠠᠬᠤ ᠪᠠ ᠬᠣᠶᠠᠷ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠢ ᠠᠬᠢᠭᠤᠯᠬᠤ᠎ᠳᠤ ᠴᠥᠮ ᠶᠠᠷᠢᠯᠴᠠᠭ᠎ᠠ ᠪᠠ ᠬᠠᠮᠲᠤᠷᠠᠯᠴᠠᠭ᠎ᠠ᠎ᠪᠠᠨ ᠴᠢᠩᠭᠠᠳᠬᠠᠬᠤ ᠴᠢᠬᠤᠯᠠᠲᠠᠢ ᠶᠤᠮ᠃ ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠠᠩᠭ᠌ᠯᠢ᠎ᠶᠢᠨ ᠲᠠᠯ᠎ᠠ᠎ᠶᠢᠨ ᠬᠢᠨ᠎ᠲᠠᠢ ᠶᠡᠬᠡ ᠲᠡᠦᠬᠡ᠎ᠶᠢᠨ ᠦᠵᠡᠯᠲᠡ᠎ᠶᠢ ᠪᠠᠷᠢᠮᠲᠠᠯᠠᠵᠤ᠂ ᠵᠥᠷᠢᠯᠳᠦᠭᠡᠨ᠎ᠢ ᠳᠠᠪᠠᠵᠤ᠂ ᠬᠠᠷᠢᠯᠴᠠᠨ ᠬᠦᠨᠳᠦᠳᠬᠡᠵᠦ᠂ ᠳᠤᠮᠳᠠᠳᠤ ᠠᠩᠭ᠌ᠯᠢ᠎ᠶᠢᠨ ᠬᠠᠮᠲᠤᠷᠠᠯᠴᠠᠭ᠎ᠠ᠎ᠶᠢᠨ 《 ᠶᠡᠬᠡ ᠦᠢᠯᠡᠰ᠎ᠢ ᠪᠦᠲᠦᠭᠡᠵᠦ ᠪᠣᠯᠬᠤ 》 ᠳᠠᠯᠳᠠ ᠬᠦᠴᠦᠨ᠎ᠢ  《 ᠶᠡᠬᠡ ᠦᠢᠯᠡᠰ ᠪᠦᠲᠦᠭᠡᠬᠦ 》 ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠳᠤᠮᠳᠠᠳᠤ ᠠᠩᠭ᠌ᠯᠢ᠎ᠶᠢᠨ ᠬᠠᠷᠢᠯᠴᠠᠭ᠎ᠠ ᠪᠣᠯᠣᠨ ᠬᠠᠮᠲᠤᠷᠠᠯᠴᠠᠭ᠎ᠠ᠎ᠳᠤ ᠰᠢᠨ᠎ᠡ ᠪᠠᠢᠳᠠᠯ᠎ᠢ ᠨᠡᠭᠡᠭᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠎ᠪᠡᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ᠎ᠳᠤ ᠠᠰᠢᠭ᠋ ᠬᠦᠷᠲᠡᠭᠡᠨ᠎ᠡ ᠭᠡᠵᠦ ᠵᠢᠭᠠᠵᠤ ᠭᠠᠷᠭᠠᠪᠠ᠃
      ᠰᠢ᠎ᠶᠢᠨ ᠫᠢᠩ᠂ ᠢᠲᠡᠭᠡᠯᠴᠡᠭᠡ ᠪᠣᠯ ᠤᠯᠤᠰ᠎ᠤᠨ ᠬᠣᠭᠣᠷᠣᠨᠳᠣᠬᠢ ᠬᠠᠷᠢᠯᠴᠠᠭ᠎ᠠ᠎ᠶᠢᠨ ᠲᠣᠭᠲᠠᠭᠤᠨ᠎ᠢᠶᠠᠷ ᠬᠤᠯᠠ ᠠᠶᠠᠯᠠᠬᠤ᠎ᠶᠢᠨ ᠰᠠᠭᠤᠷᠢ ᠮᠥᠨ᠃ ᠳᠤᠮᠳᠠᠳᠤ ᠤᠯᠤᠰ ᠢᠮᠠᠭᠲᠠ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠶᠡᠷᠦ᠎ᠡᠴᠡ ᠰᠠᠨᠠᠭᠠᠴᠢᠯᠠᠭ᠎ᠠ᠎ᠠᠴᠠ᠎ᠪᠠᠨ ᠨᠢᠭᠡ ᠤᠳᠠᠭᠠᠨ᠎ᠤ ᠲᠠᠢ᠍ᠢᠨ᠎ᠢ ᠥᠳᠥᠭᠡᠵᠦ ᠥᠩᠭᠡᠷᠡᠭᠰᠡᠨ ᠦᠭᠡᠢ᠂ ᠶᠡᠷᠦ᠎ᠡᠴᠡ ᠪᠤᠰᠤᠳ ᠤᠯᠤᠰ᠎ᠤᠨ ᠢᠮᠠᠬᠤ᠎ᠶᠢᠨ ᠲᠡᠳᠦᠢ ᠭᠠᠵᠠᠷ ᠰᠢᠷᠣᠢ᠎ᠶᠢ ᠡᠵᠡᠯᠡᠵᠦ ᠥᠩᠭᠡᠷᠡᠭᠰᠡᠨ ᠦᠭᠡᠢ᠂ ᠳᠤᠮᠳᠠᠳᠤ ᠤᠯᠤᠰ ᠬᠡᠷᠬᠢᠨ ᠬᠥᠭᠵᠢᠨ ᠪᠤᠵᠠᠭᠠᠢᠷᠠᠭᠰᠠᠨ ᠴᠤ᠌ ᠪᠤᠰᠤᠳ ᠤᠯᠤᠰ᠎ᠲᠤ ᠰᠦᠷᠳᠡᠭᠦᠯᠦᠯ ᠪᠣᠯᠬᠤ ᠦᠭᠡᠢ ᠶᠤᠮ᠃ ᠳᠤᠮᠳᠠᠳᠤ ᠤᠯᠤᠰ᠎ᠤᠨ ᠰᠣᠶᠣᠯ᠎ᠤᠨ ᠤᠯᠠᠮᠵᠢᠯᠠᠯ ᠪᠣᠯ 《ᠡᠶ᠎ᠡ ᠡᠪ᠎ᠢ ᠡᠷᠬᠢᠮᠯᠡᠬᠦ》 ᠪᠣᠯᠣᠨ᠎ᠠ᠂ 《ᠨᠠᠢᠷᠠᠮᠳᠠᠭᠤ ᠠᠳᠠᠯ᠎ᠠ ᠢᠯᠭᠠᠭ᠎ᠠ ᠲᠠᠢ》 ᠪᠠᠢᠬᠤ᠎ᠶᠢ ᠬᠥᠭᠡᠭᠡᠴᠡᠯᠳᠦᠳᠡᠭ᠃ ᠳᠤᠮᠳᠠᠳᠤ ᠠᠩᠭ᠌ᠯᠢ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢᠨ ᠮᠥᠨ ᠴᠢᠨᠠᠷ ᠪᠣᠯ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠶᠠᠪᠤᠳᠠᠯ ᠪᠣᠯᠣᠨ᠎ᠠ᠃ ᠡᠨᠡ ᠵᠢᠯ ᠪᠣᠯ ᠳᠤᠮᠳᠠᠳᠤ ᠤᠯᠤᠰ᠎ᠤᠨ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠬᠣᠶᠠᠷ ᠲᠠᠯ᠎ᠠ᠎ᠪᠠᠷ᠎ᠢᠶᠠᠨ ᠰᠤᠷᠭᠠᠨ ᠬᠥᠮᠦᠵᠢᠯ᠂ ᠡᠮ ᠡᠮᠨᠡᠯᠭᠡ᠂ ᠮᠥᠩᠭᠥᠨ ᠭᠦᠢᠯᠭᠡᠭᠡ᠂ ᠦᠢᠯᠡᠴᠢᠯᠡᠭᠡᠨ᠎ᠦ ᠦᠢᠯᠡᠰ᠎ᠦᠨ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠶᠢ ᠥᠷᠭᠡᠳᠬᠡᠵᠦ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠰᠢᠨᠵᠢᠯᠡᠬᠦ ᠤᠬᠠᠭᠠᠨ᠂ ᠰᠢᠨ᠎ᠡ ᠡᠨᠧᠷᠭᠢ ᠪᠣᠯᠣᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠡᠷᠭᠡ ᠬᠦᠷᠢᠶᠡᠨ᠎ᠦ ᠬᠠᠮᠲᠤᠷᠠᠭᠰᠠᠨ ᠰᠤᠳᠤᠯᠭᠠᠨ ᠪᠠ ᠠᠵᠤ ᠦᠢᠯᠡᠰ᠎ᠦᠨ ᠬᠤᠪᠢᠷᠠᠭᠤᠯᠤᠯᠲᠠ᠎ᠶᠢ ᠥᠷᠨᠢᠭᠦᠯᠵᠦ᠂ ᠬᠠᠮᠲᠤ᠎ᠶᠢᠨ ᠬᠥᠭᠵᠢᠯ ᠴᠡᠴᠡᠭᠯᠡᠯ᠎ᠢ ᠪᠡᠶᠡᠯᠡᠭᠦᠯᠦᠶ᠎ᠡ᠃ ᠠᠩᠭ᠌ᠯᠢ᠎ᠶᠢᠨ ᠲᠠᠯ᠎ᠠ᠎ᠶᠢᠨ ᠬᠢᠨ ᠳᠤᠮᠳᠠᠳᠤ ᠤᠯᠤᠰ᠎ᠤᠨ ᠠᠵᠤ ᠠᠬᠤᠢᠯᠠᠯ᠎ᠳᠤ ᠡᠷᠬᠡ ᠲᠡᠭᠰᠢ᠂ ᠲᠥᠪ ᠭᠣᠣᠯᠴᠢ᠂ ᠭᠠᠳᠠᠭᠤᠷᠴᠢᠯᠠᠯ᠎ᠤᠨ ᠪᠤᠰᠤ ᠡᠵᠡᠩᠨᠡᠯᠲᠡ᠎ᠶᠢᠨ ᠣᠷᠴᠢᠨ ᠲᠣᠭᠣᠷᠢᠨ᠎ᠢ ᠬᠠᠩᠭᠠᠬᠤ᠎ᠶᠢ ᠬᠦᠰᠡᠵᠦ ᠪᠠᠢᠨ᠎ᠠ᠃ ᠳᠤᠮᠳᠠᠳᠤ ᠠᠩᠭ᠌ᠯᠢ ᠪᠣᠯ ᠴᠥᠮ ᠰᠣᠶᠣᠯ᠎ᠤᠨ ᠲᠣᠮᠣ᠌ ᠤᠯᠤᠰ ᠮᠥᠨ᠂ ᠴᠥᠮ ᠬᠥᠮᠥᠨ ᠲᠥᠷᠥᠯᠬᠢᠲᠡᠨ᠎ᠦ ᠬᠥᠭᠵᠢᠯᠲᠡ ᠲᠠᠪᠰᠢᠯᠳᠠ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠬᠣᠶᠠᠷ ᠲᠠᠯ᠎ᠠ᠎ᠪᠠᠷ᠎ᠢᠶᠠᠨ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠬᠥᠮᠥᠰ᠎ᠦᠨ ᠶᠠᠪᠤᠯᠴᠠᠭ᠎ᠠ᠎ᠳᠤ ᠤᠯᠠᠮ ᠨᠢᠭᠡ ᠠᠯᠬᠤᠮ ᠲᠥᠬᠥᠮ ᠦᠵᠡᠭᠦᠯᠦᠶ᠎ᠡ᠃ ᠠᠩᠭ᠌ᠯᠢ᠎ᠶᠢᠨ ᠵᠠᠰᠠᠭ᠎ᠤᠨ ᠣᠷᠳᠣᠨ᠂ ᠵᠥᠪᠯᠡᠯᠭᠡᠨ᠎ᠦ ᠬᠤᠷᠠᠯ᠂ ᠣᠷᠣᠨ ᠨᠤᠲᠤᠭ᠎ᠤᠨ ᠡᠯ᠎ᠡ ᠡᠲᠡᠭᠡᠳ᠎ᠦᠨ ᠬᠢᠨ᠎ᠦ ᠳᠤᠮᠳᠠᠳᠤ ᠤᠯᠤᠰ᠎ᠲᠤ ᠢᠯᠡᠭᠦᠬᠡᠨ ᠢᠷᠡᠵᠤ ᠠᠶ᠋ᠢᠯᠴᠢᠯᠠᠯᠲᠠ ᠬᠢᠵᠦ᠂ ᠳᠤᠮᠳᠠᠳᠤ ᠤᠯᠤᠰ᠎ᠤᠨ ᠲᠤᠬᠠᠢ ᠪᠦᠬᠦ ᠲᠠᠯ᠎ᠠ᠎ᠶᠢᠨ᠂ ᠪᠤᠰᠤᠳᠴᠢ᠂ ᠵᠥᠪ ᠲᠠᠨᠢᠯᠲᠠ᠎ᠪᠠᠨ ᠨᠡᠮᠡᠭᠳᠡᠭᠦᠯᠬᠦ᠎ᠶᠢ ᠪᠠᠶᠠᠷᠯᠠᠨ ᠤᠭᠲᠤᠵᠤ ᠪᠠᠢᠨ᠎ᠠ᠃ ᠳᠤᠮᠳᠠᠳᠤ ᠤᠯᠤᠰ ᠳᠤᠷᠠᠲᠠᠶ᠎ᠠ ᠠᠩᠭ᠌ᠯᠢ᠎ᠳᠤ ᠭᠠᠭᠴᠠ ᠲᠠᠯ᠎ᠠ᠎ᠶᠢᠨ ᠦᠯᠦ ᠸᠢᠰᠠᠯᠠᠬᠤ᠎ᠶᠢ ᠢᠳᠡᠪᠬᠢᠲᠡᠢ ᠪᠣᠳᠣᠯᠬᠢᠯᠠᠨ᠎ᠠ ᠭᠡᠵᠦ ᠴᠢᠬᠤᠯᠠᠴᠢᠯᠠᠪᠠ᠃
      ᠰᠢ᠎ᠶᠢᠨ ᠫᠢᠩ᠂ ᠬᠡᠰᠡᠭ ᠬᠤᠭᠤᠴᠠᠭᠠᠨ᠎ᠤ ᠲᠤᠷᠰᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠬᠦᠴᠦᠷᠬᠡᠭᠯᠡᠯ᠎ᠦᠨ ᠤᠯᠤᠰ ᠲᠥᠷᠥ ᠶᠡᠬᠡ᠎ᠪᠡᠷ ᠰᠠᠮᠠᠭᠤᠷᠠᠵᠤ᠂ ᠣᠯᠠᠨ ᠤᠯᠤᠰ᠎ᠤᠨ ᠡᠮᠬᠢ ᠵᠢᠷᠤᠮ ᠬᠦᠨᠳᠦ ᠨᠣᠴᠢᠲᠠᠢ ᠳᠠᠭᠠᠷᠢᠯᠲᠠ᠎ᠳᠤ ᠤᠴᠠᠷᠠᠪᠠ᠃ ᠤᠯᠠᠨ ᠤᠯᠤᠰ᠎ᠤᠨ ᠬᠠᠤᠯᠢ᠎ᠶᠢ ᠭᠠᠭᠴᠠ ᠬᠦ᠌ ᠡᠯ᠎ᠡ ᠤᠯᠤᠰ ᠴᠥᠮ ᠵᠢᠷᠤᠮᠯᠠᠨ ᠰᠠᠬᠢᠬᠤ ᠦᠶ᠎ᠡ᠎ᠳᠦ ᠰᠠᠶᠢ ᠵᠢᠩᠬᠢᠨᠢ ᠬᠦᠴᠦᠨ᠎ᠲᠠᠢ ᠪᠣᠯᠵᠤ ᠴᠢᠳᠠᠨ᠎ᠠ᠂ ᠲᠣᠮᠣ᠌ ᠤᠯᠤᠰ ᠨᠡᠩ ᠴᠤ᠌ ᠲᠦᠷᠦᠭᠦᠯᠡᠨ ᠬᠢᠬᠦ ᠬᠡᠷᠡᠭᠲᠡᠢ᠂ ᠡᠰᠡ ᠲᠡᠭᠡᠪᠡᠯ ᠪᠠᠯᠠᠷ ᠤᠢ᠎ᠶᠢᠨ ᠶᠢᠷᠲᠢᠨᠴᠦ᠎ᠳᠦ ᠪᠤᠴᠠᠬᠤ ᠪᠣᠯᠣᠨ᠎ᠠ᠃ ᠳᠤᠮᠳᠠᠳᠤ ᠠᠩᠭ᠌ᠯᠢ ᠬᠣᠶᠠᠷ ᠤᠯᠤᠰ ᠴᠥᠮ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶ᠎ᠠ᠎ᠶᠢ ᠲᠡᠮᠵᠢᠵᠦ ᠪᠠᠢᠨ᠎ᠠ᠂ ᠵᠢᠩᠬᠢᠨᠢ ᠤᠯᠠᠨ ᠲᠠᠯᠠᠲᠤ ᠦᠵᠡᠯ᠎ᠢ ᠬᠠᠮᠲᠤ᠎ᠪᠠᠷ ᠰᠠᠨᠠᠭᠠᠴᠢᠯᠠᠨ ᠦᠢᠯᠡᠳᠦᠯᠭᠡᠵᠢᠭᠦᠯᠵᠦ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠵᠤ᠂ ᠡᠷᠬᠡ ᠲᠡᠭᠰᠢ ᠡᠮᠬᠢ ᠳᠢᠭ᠌ᠯᠢᠮ᠎ᠲᠠᠢ ᠤᠯᠠᠨ ᠲᠦᠢᠯᠵᠢᠯᠳᠡ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠳᠡᠯᠡᠬᠡᠢᠵᠢᠯᠲᠡ᠎ᠶᠢ ᠪᠡᠶᠡᠯᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃
      ᠤᠯᠤᠰ᠎ᠤᠨ ᠲᠡᠷᠢᠭᠦᠯᠡᠭᠴᠢ ᠰᠢ᠎ᠶᠢᠨ ᠫᠢᠩ 1 ᠰᠠᠷ᠎ᠠ ᠎ᠶᠢᠨ 29᠎ᠦ ᠡᠳᠦᠷ᠎ᠦᠨ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠡᠷ ᠢᠷᠡᠭᠰᠡᠨ ᠠᠩᠭ᠌ᠯᠢ᠎ᠶᠢᠨ ᠲᠡᠷᠢᠭᠦᠨ ᠰᠠᠢᠳ ᠰᠲ᠋ᠠᠮᠦ᠋ᠸᠸ ᠲᠠᠢ ᠠᠭᠤᠯᠵᠠᠪᠠ ᠃ ᠰᠢᠨᠬᠤᠸᠠ ᠬᠣᠷᠢᠶᠠᠨ ᠪ᠊ ᠰᠤᠷᠪᠤᠯᠵᠢᠯᠠᠭ᠍ᠴᠢ ᠱᠧᠨ ᠬᠤᠩ ᠰᠡᠭᠦᠳᠡᠷᠯᠡᠪᠡ
      ᠰᠲ᠋ᠠᠮᠦ᠋ᠸᠸ ᠤᠯᠤᠰ᠎ᠤᠨ ᠸᠠᠩ ᠴᠠᠷᠯᠧᠰ ᠭᠤᠷᠪᠠᠳᠤᠭᠠᠷ᠎ᠤᠨ ᠲᠡᠷᠢᠭᠦᠯᠡᠭᠴᠢ ᠰᠢ᠎ᠶᠢᠨ ᠫᠢᠩ᠎ᠳᠦ ᠳᠡᠪᠰᠢᠭᠦᠯᠦᠭᠰᠡᠨ ᠮᠡᠨᠳᠦᠴᠢᠯᠡᠯ᠎ᠢ ᠳᠠᠮᠵᠢᠭᠤᠯᠪᠠ᠃ ᠰᠲ᠋ᠠᠮᠦ᠋ᠸᠸ᠂ 8 ᠵᠢᠯ᠎ᠦᠨ ᠲᠤᠷᠰᠢ ᠳᠤᠮᠳᠠᠳᠤ ᠤᠯᠤᠰ᠎ᠲᠤ ᠠᠶ᠋ᠢᠯᠴᠢᠯᠠᠭᠰᠠᠨ ᠠᠩᠬᠠᠳᠠᠭ᠍ᠴᠢ ᠠᠩᠭ᠌ᠯᠢ᠎ᠶᠢᠨ ᠲᠡᠷᠢᠭᠦᠨ ᠰᠠᠢᠳ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠢᠨ᠎ᠠ᠃ ᠡᠨᠡ ᠤᠳᠠᠭ᠎ᠠ ᠪᠢ ᠠᠩᠭ᠌ᠯᠢ᠎ᠶᠢᠨ ᠴᠢᠬᠤᠯᠠ ᠦᠢᠯᠡᠳᠪᠦᠷᠢ ᠬᠤᠳᠠᠯᠳᠤᠭ᠎ᠠ᠂ ᠰᠣᠶᠣᠯ᠎ᠤᠨ ᠡᠲᠡᠭᠡᠳ᠎ᠦᠨ 60 ᠭᠠᠷᠤᠢ ᠲᠥᠯᠥᠭᠡᠯᠡᠭᠴᠢ᠎ᠶᠢ ᠳᠠᠭᠠᠭᠤᠯᠤᠨ ᠳᠤᠮᠳᠠᠳᠤ ᠤᠯᠤᠰ᠎ᠲᠤ ᠠᠶ᠋ᠢᠯᠴᠢᠯᠠᠯᠲᠠ ᠬᠢᠭᠰᠡᠨ ᠨᠢ ᠠᠩᠭ᠌ᠯᠢ ᠳᠤᠮᠳᠠᠳᠤ᠎ᠶᠢᠨ ᠬᠠᠮᠲᠤᠷᠠᠯᠴᠠᠭ᠎ᠠ᠎ᠶᠢᠨ ᠥᠷᠭᠡᠴᠡ ᠪᠣᠯᠣᠨ ᠠᠩᠭ᠌ᠯᠢ᠎ᠶᠢᠨ ᠲᠠᠯ᠎ᠠ᠎ᠶᠢᠨ ᠬᠢᠨ᠎ᠦ ᠳᠤᠮᠳᠠᠳᠤ ᠤᠯᠤᠰ ᠯᠤᠭ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ ᠥᠷᠭᠡᠳᠬᠡᠬᠦ᠎ᠪᠡᠷ ᠬᠦᠴᠦᠯᠡᠨ ᠴᠢᠷᠮᠠᠢᠬᠤ ᠵᠣᠷᠢᠭ᠋᠎ᠢ ᠭᠦᠢᠴᠡᠳ ᠢᠯᠡᠷᠡᠭᠦᠯᠪᠡ᠃ ᠠᠩᠭ᠌ᠯᠢ ᠳᠤᠮᠳᠠᠳᠤ ᠪᠣᠯ ᠳᠡᠯᠡᠬᠡᠢ᠎ᠶᠢᠨ ᠴᠢᠬᠤᠯᠠ ᠠᠵᠤ ᠠᠬᠤᠢ᠎ᠶᠢᠨ ᠴᠣᠭᠴᠠ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠶᠤᠯᠭᠦᠢ᠎ᠶᠢᠨ ᠵᠥᠪᠯᠡᠯ᠎ᠦᠨ ᠪᠠᠢᠩᠭᠤ᠎ᠶᠢᠨ ᠬᠡᠷᠡᠭ ᠡᠷᠬᠢᠯᠡᠭᠴᠢ ᠤᠯᠤᠰ ᠪᠣᠯᠣᠨ᠎ᠠ᠂ ᠣᠳᠣᠬᠠᠨ᠎ᠤ ᠣᠷᠣᠭ᠎ᠠ ᠪᠣᠰᠬᠠᠭ᠎ᠠ ᠬᠡᠪᠡᠷᠡᠭ ᠪᠠᠭᠤᠷᠠᠢ ᠳᠡᠯᠡᠬᠡᠢ᠎ᠶᠢᠨ ᠪᠠᠢᠳᠠᠯ ᠳᠣᠣᠷ᠎ᠠ᠂ ᠠᠩᠭ᠌ᠯᠢ᠎ᠶᠢᠨ ᠬᠢᠨ ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ ᠵᠣᠷᠢᠭ᠋ ᠰᠠᠨᠠᠭ᠎ᠠ᠎ᠪᠠᠷ ᠳᠤᠮᠳᠠᠳᠤ ᠤᠯᠤᠰ ᠯᠤᠭ᠎ᠠ ᠤᠷᠳᠤ ᠬᠤᠭᠤᠴᠠᠭᠠᠨ᠎ᠤ ᠲᠣᠭᠲᠠᠭᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠬᠤ ᠨᠢ ᠲᠤᠢᠯ᠎ᠤᠨ ᠴᠢᠬᠤᠯᠠ ᠶᠤᠮ᠃ ᠠᠩᠭ᠌ᠯᠢ᠎ᠶᠢᠨ ᠬᠢᠨ ᠲᠠᠢᠸᠠᠨ᠎ᠤ ᠠᠰᠠᠭᠤᠳᠠᠯ᠎ᠤᠨ ᠲᠠᠯ᠎ᠠ᠎ᠪᠠᠷ ᠤᠷᠳᠦ ᠬᠤᠭᠤᠴᠠᠭ᠎ᠠ ᠪᠠᠷᠢᠮᠲᠠᠯᠠᠭᠰᠠᠭᠠᠷ ᠢᠷᠡᠭᠰᠡᠨ ᠲᠥᠷᠥ᠎ᠶᠢᠨ ᠪᠣᠳᠣᠯᠭ᠎ᠠ ᠬᠤᠪᠢᠷᠠᠭᠰᠠᠨ ᠦᠭᠡᠢ ᠪᠥᠭᠡᠳ ᠬᠤᠪᠢᠷᠠᠬᠤ ᠴᠤ᠌ ᠦᠭᠡᠢ ᠶᠤᠮ᠃ ᠠᠩᠭ᠌ᠯᠢ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠪᠠᠲᠤᠯᠠᠵᠤ᠂ ᠶᠠᠷᠢᠯᠴᠠᠭ᠎ᠠ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠥᠨ ᠭᠦᠢᠯᠭᠡᠭᠡ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠲᠤᠰ ᠲᠤᠰ᠎ᠤᠨ᠎ᠢᠶᠠᠨ ᠠᠵᠤ ᠠᠬᠤᠢ᠎ᠶᠢᠨ ᠨᠡᠮᠡᠭᠳᠡᠯ᠎ᠳᠦ ᠬᠦᠴᠦᠨ ᠨᠡᠮᠡᠷᠢᠯᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ᠃ ᠠᠷᠠᠳ ᠲᠦᠮᠡᠨ᠎ᠦ ᠶᠠᠪᠤᠯᠴᠠᠭ᠎ᠠ ᠤᠯᠠᠮ ᠨᠢᠭ᠍ᠲᠠ ᠪᠣᠯᠬᠤ ᠲᠤᠳᠤᠮ ᠣᠢᠯᠠᠭᠠᠯᠴᠠᠭ᠎ᠠ᠎ᠪᠠᠨ ᠨᠡᠮᠡᠭᠳᠡᠭᠦᠯᠬᠦ᠎ᠳᠦ ᠤᠯᠠᠮ ᠠᠰᠢᠭ᠍ᠲᠠᠢ ᠪᠣᠯᠣᠨ᠎ᠠ᠂ ᠠᠩᠭ᠌ᠯᠢ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ᠎ᠪᠠᠷ ᠬᠣᠶᠠᠷ ᠤᠯᠤᠰ᠎ᠤᠨ ᠬᠠᠤᠯᠢ ᠲᠣᠭᠲᠠᠭᠠᠬᠤ ᠪᠠᠢᠭᠤᠯᠤᠮᠵᠢ ᠵᠡᠷᠭᠡ ᠡᠯ᠎ᠡ ᠡᠲᠡᠭᠡᠳ᠎ᠦᠨ ᠶᠠᠪᠤᠯᠴᠠᠭ᠎ᠠ᠎ᠪᠠᠨ ᠴᠢᠩᠭᠠᠳᠬᠠᠬᠤ᠎ᠶᠢ ᠠᠬᠢᠭᠤᠯᠤᠨ᠎ᠠ᠃ ᠰᠢᠶᠠᠩᠭᠠᠩ᠎ᠤᠨ ᠬᠥᠭᠵᠢᠯ ᠴᠡᠴᠡᠭᠯᠡᠯ ᠪᠠ ᠲᠣᠭᠲᠠᠭᠤᠨ ᠪᠠᠢᠳᠠᠯ ᠨᠢ ᠬᠣᠶᠠᠷ ᠤᠯᠤᠰ᠎ᠤᠨ ᠬᠠᠮᠲᠤ᠎ᠶᠢᠨ ᠠᠰᠢᠭ᠋ ᠲᠤᠰᠠ᠎ᠳᠤ ᠨᠡᠢᠴᠡᠨ᠎ᠡ᠂ ᠰᠢᠶᠠᠩᠭᠠᠩ ᠨᠢ ᠠᠩᠭ᠌ᠯᠢ ᠳᠤᠮᠳᠠᠳᠤ᠎ᠶᠢᠨ ᠬᠣᠭᠣᠷᠣᠨᠳᠣᠬᠢ ᠥᠪᠡᠷᠮᠢᠴᠡ ᠴᠢᠬᠤᠯᠠ ᠬᠥᠭᠥᠷᠭᠡ ᠬᠣᠯᠪᠣᠭᠠᠰᠤ ᠪᠣᠯᠤᠭᠰᠠᠨ᠎ᠢ ᠠᠩᠭ᠌ᠯᠢ᠎ᠶᠢᠨ ᠬᠢᠨ ᠣᠯᠵᠤ ᠬᠠᠷᠠᠬᠤ ᠳᠤᠷᠠᠲᠠᠢ ᠪᠠᠢᠨ᠎ᠠ᠃ ᠳᠤᠮᠳᠠᠳᠤ ᠤᠯᠤᠰ ᠳᠡᠯᠡᠬᠡᠢ᠎ᠶᠢᠨ ᠬᠡᠷᠡᠭ ᠶᠠᠪᠤᠳᠠᠯ᠎ᠳᠤ ᠵᠠᠩᠭᠢᠯᠠᠭ᠎ᠠ᠎ᠶᠢᠨ ᠦᠢᠯᠡᠳᠦᠯ ᠦᠵᠡᠭᠦᠯᠵᠦ ᠪᠤᠢ᠂ ᠠᠩᠭ᠌ᠯᠢ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ᠎ᠢ ᠠᠷᠭᠠᠴᠠᠬᠤ ᠲᠠᠯ᠎ᠠ᠎ᠪᠠᠷ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ᠎ᠢ ᠬᠠᠮᠲᠤ᠎ᠪᠠᠷ ᠬᠠᠮᠠᠭᠠᠯᠠᠨ᠎ᠠ ᠭᠡᠵᠦ ᠢᠯᠡᠳᠬᠡᠪᠡ᠃
      ᠸᠠᠩ ᠢ ᠠᠭᠤᠯᠵᠠᠯᠲᠠ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号