ᠰᠢ᠎ᠶᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠄ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ ᠲᠣᠭᠲᠠᠭᠤᠨ᠎ᠤ ᠳᠤᠮᠳᠠ ᠠᠬᠢᠯᠲᠠ ᠲᠠᠢ ᠪᠠᠢᠬᠤ᠎ᠶᠢ ᠪᠠᠷᠢᠮᠲᠠᠯᠠᠵᠤ ᠮᠠᠨ᠎ᠤ ᠤᠯᠤᠰ᠎ᠤᠨ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ ᠲᠠᠰᠤᠷᠠᠯᠲᠠ ᠦᠭᠡᠢ ᠰᠢᠨ᠎ᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ
ᠰᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶᠢᠨ 31᠎ᠤ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶ᠎ᠠ 1 ᠰᠠᠷ᠎ᠠ᠎ᠶᠢᠨ 30᠎ᠤ ᠦᠳᠡ᠎ᠶᠢᠨ ᠬᠣᠢᠨ᠎ᠠ ᠪᠠᠷᠠᠯᠠᠯᠳᠤ ᠪᠠᠢᠷᠢᠰᠢᠭᠤᠯᠤᠯᠲᠠ ᠪᠠ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠬᠦ ᠲᠤᠬᠠᠢ ᠬᠣᠷᠢᠨ ᠳᠥᠷᠪᠡᠳᠦᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠊ᠣᠠ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ᠎ᠶᠢᠨ ᠫᠢᠩ ᠰᠤᠷᠤᠯᠴᠠᠯᠭ᠎ᠠ᠎ᠶᠢ ᠡᠷᠭᠢᠯᠡᠬᠦ᠎ᠳᠡᠭᠡᠨ᠂ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠲᠦᠷᠭᠡᠰᠴᠦ᠂ ᠬᠣᠰᠢᠭᠤᠷᠠᠯ ᠮᠡᠷᠭᠡᠵᠢᠯ ᠲᠠᠰᠤᠷᠠᠯᠲᠠ ᠦᠭᠡᠢ ᠴᠣᠯᠭᠣᠷᠠᠨ ᠭᠠᠷᠴᠤ᠂ ᠢᠷᠡᠭᠡᠳᠦᠢ᠎ᠶᠢᠨ ᠠᠵᠤ ᠦᠢᠯᠡᠰ᠎ᠦᠨ ᠲᠦᠷᠭᠡᠨ ᠬᠥᠭᠵᠢᠨ ᠮᠠᠨᠳᠤᠬᠤ᠎ᠶᠢ ᠬᠥᠲᠥᠯᠥᠨ ᠳᠠᠭᠠᠭᠤᠯᠵᠤ ᠲᠤᠯᠭᠠᠭᠤᠷᠢᠯᠠᠵᠤ ᠪᠠᠢᠨ᠎ᠠ᠃ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠥᠨᠳᠥᠷᠴᠡ᠎ᠡᠴᠡ᠂ ᠪᠤᠰᠤᠳᠴᠢ ᠨᠥᠬᠥᠴᠡᠯ᠎ᠳᠡᠭᠡᠨ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠲᠣᠭᠲᠠᠭᠤᠨᠦ ᠳᠤᠮᠳᠠ ᠠᠬᠢᠯᠲᠠ ᠲᠠᠢ ᠪᠠᠢᠵᠤ᠂ ᠱᠠᠲᠤᠯᠢᠭ᠋ ᠮᠠᠶᠢᠭ᠋᠎ᠢᠶᠠᠷ ᠪᠣᠢᠵᠢᠭᠤᠯᠬᠤ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠲᠠᠰᠤᠷᠠᠯᠳᠠ ᠦᠭᠡᠢ ᠰᠢᠨ᠎ᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠮᠡᠳᠡᠭᠡ ᠵᠠᠩᠭᠢ ᠴᠢᠮᠡᠭᠡ ᠬᠣᠯᠪᠣᠭ᠎ᠠ᠎ᠶᠢᠨ ᠰᠤᠳᠤᠯᠭᠠᠨ᠎ᠤ ᠬᠦᠷᠢᠶᠡᠯᠡᠩ᠎ᠦᠨ ᠢᠦᠢ ᠰᠢᠶᠣᠣ ᠬᠤᠢ ᠨᠥᠬᠥᠷ ᠡᠨᠡ ᠠᠰᠠᠭᠤᠳᠠᠯ᠎ᠤᠨ ᠲᠤᠬᠠᠢ ᠲᠠᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠨᠥᠬᠥᠳ ᠲᠠᠢᠯᠤᠮᠵᠢ᠎ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃
ᠰᠢ᠎ᠶᠢᠨ ᠫᠢᠩ ᠲᠠᠢᠯᠤᠮᠵᠢ ᠪᠠ ᠶᠠᠷᠢᠯᠴᠠᠭ᠎ᠠ᠎ᠶᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ ᠬᠥᠭᠵᠢᠭᠦᠯᠬᠦ ᠨᠢ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠠᠵᠤ ᠦᠢᠯᠡᠰ᠎ᠦᠨ ᠠᠰᠢᠭ᠍ᠲᠠᠢ ᠪᠠᠢᠷᠢ᠎ᠶᠢ ᠡᠵᠡᠯᠡᠬᠦ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠰᠢᠬᠦ᠂ ᠰᠢᠨ᠎ᠡ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ ᠪᠣᠯᠣᠨ ᠨᠡᠢᠭᠡᠮ᠎ᠦᠨ ᠪᠦᠬᠦ ᠲᠠᠯ᠎ᠠ᠎ᠶᠢᠨ ᠳᠠᠪᠰᠢᠯᠲᠠ᠎ᠶᠢ ᠠᠬᠢᠭᠤᠯᠬᠤ᠎ᠳᠤ ᠪᠦᠷ ᠴᠢᠬᠤᠯᠠ ᠠᠴᠢ ᠬᠣᠯᠪᠣᠭᠳᠠᠯ᠎ᠲᠠᠢ ᠶᠤᠮ᠃ ᠣᠢᠷ᠎ᠠ᠎ᠶᠢᠨ ᠵᠢᠯ᠎ᠡᠴᠡ᠂ ᠨᠠᠮ᠎ᠤᠨ ᠲᠥᠪ ᠬᠣᠷᠢᠶ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠴᠢᠩᠭᠠᠳᠬᠠᠵᠤ᠂ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠳᠦ ᠰᠠᠢᠨ ᠰᠠᠢᠬᠠᠨ ᠪᠠᠢᠳᠠᠯ ᠢᠯᠡᠷᠡᠬᠦ᠎ᠶᠢ ᠠᠬᠢᠭᠤᠯᠵᠠᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠢᠷᠡᠭᠡᠳᠦᠢ᠎ᠶᠢᠨ ᠠᠵᠤ ᠦᠢᠯᠡᠰ ᠪᠠᠷᠠᠯᠠᠯᠳᠤ ᠴᠢᠨᠠᠷ᠂ ᠪᠠᠢᠯᠳᠤᠬᠤ ᠪᠣᠳᠣᠯᠭ᠎ᠠ᠎ᠶᠢᠨ ᠴᠢᠨᠠᠷ᠂ ᠳᠣᠩᠰᠣᠯᠤᠯᠲᠠ᠎ᠶᠢᠨ ᠴᠢᠨᠠᠷ ᠵᠡᠷᠭᠡ ᠣᠨᠴᠠᠯᠢᠭ᠋᠎ᠲᠠᠢ ᠪᠠᠢᠵᠤ᠂ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠪᠥᠬᠥ ᠲᠠᠯ᠎ᠠ᠎ᠪᠡᠷ ᠨᠢᠭᠡᠳᠦᠯᠲᠡᠢ ᠲᠥᠯᠥᠪᠵᠢᠭᠦᠯᠬᠦ᠎ᠶᠢ ᠱᠠᠭᠠᠷᠳᠠᠨ᠎ᠠ᠃ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠭᠣᠣᠯ ᠰᠢᠪᠲᠤᠯᠤᠯᠲᠠ᠎ᠶᠢᠨ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠮᠡᠷᠭᠡᠵᠢᠯ᠎ᠦᠨ ᠱᠤᠭᠤᠮ᠎ᠢ ᠰᠢᠨᠵᠢᠯᠡᠬᠦ ᠤᠬᠠᠭᠠᠨᠴᠢ᠎ᠪᠠᠷ ᠨᠤᠲᠠᠯᠠᠵᠤ᠂ ᠬᠣᠰᠢᠭᠤᠷᠠᠯ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶᠢᠨ ᠮᠠᠭᠠᠳᠯᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠂ ᠮᠡᠷᠭᠡᠵᠢᠯ᠎ᠦᠨ ᠪᠣᠯᠪᠠᠰᠤᠷᠠᠯᠲᠠ᠎ᠶᠢᠨ ᠬᠡᠮᠵᠢᠶ᠎ᠡ᠂ ᠡᠯᠧᠮᠧᠨ᠋ᠲ᠎ᠦᠨ ᠲᠤᠯᠭᠠᠭᠤᠷᠢᠯᠠᠬᠤ ᠨᠥᠬᠥᠴᠡᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠣᠯᠪᠢᠴᠠᠭᠤᠯᠤᠨ ᠬᠥᠭᠵᠢᠭᠦᠯᠬᠦ ᠬᠡᠷᠡᠭᠲᠡᠢ᠃ ᠠᠵᠤ ᠦᠢᠯᠡᠰ᠎ᠦᠨ ᠬᠠᠮᠵᠢᠯᠴᠠᠭ᠎ᠠ᠎ᠶᠢ ᠴᠢᠩᠭᠠᠳᠬᠠᠵᠤ᠂ ᠢᠷᠡᠭᠡᠳᠦᠢ᠎ᠶᠢᠨ ᠠᠵᠤ ᠦᠢᠯᠡᠰ ᠪᠣᠯᠣᠨ ᠰᠢᠨ᠎ᠡ᠎ᠪᠡᠷ ᠮᠠᠨᠳᠤᠭᠰᠠᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ᠎ᠦᠨ ᠬᠠᠷᠢᠯᠴᠠᠨ ᠨᠥᠬᠥᠪᠦᠷᠢᠯᠡᠵᠦ ᠬᠠᠷᠢᠯᠴᠠᠨ ᠠᠰᠢᠭ᠋ ᠬᠦᠷᠲᠡᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ᠎ᠶᠢᠨ ᠫᠢᠩ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠪᠲᠤᠯᠤᠯᠲᠠ᠎ᠶᠢᠨ ᠬᠡᠮᠵᠢᠶ᠎ᠡ ᠨᠢ ᠮᠠᠰᠢ ᠶᠡᠬᠡ ᠬᠡᠮᠵᠢᠶᠡᠨ ᠳᠡᠭᠡᠷ᠎ᠡ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠬᠤᠷᠳᠤᠴᠠ᠂ ᠥᠷᠭᠡᠴᠡ᠂ ᠭᠦᠨᠴᠡ᠎ᠶᠢ ᠲᠣᠭᠲᠠᠭᠠᠨ᠎ᠠ᠃ ᠰᠢᠨ᠎ᠡ ᠬᠡᠯᠪᠡᠷᠢ᠎ᠶᠢᠨ ᠤᠯᠤᠰ ᠳᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ 《 ᠠᠵᠤ ᠦᠢᠯᠡᠰ ᠰᠡᠳᠦᠪ ᠭᠠᠷᠭᠠᠬᠤ᠂ ᠰᠢᠨᠵᠢᠯᠡᠬᠦ ᠤᠬᠠᠭᠠᠨ ᠮᠡᠷᠭᠡᠵᠢᠯ ᠰᠡᠳᠦᠪ ᠬᠠᠷᠢᠭᠤᠯᠬᠤ》᠎ᠶᠢ ᠪᠠᠷᠢᠮᠲᠠᠯᠠᠨ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠡᠷᠴᠢᠮ᠎ᠢᠶᠠᠨ ᠴᠢᠩᠭᠠᠷᠠᠭᠤᠯᠵᠤ᠂ ᠰᠠᠭᠤᠷᠢ ᠰᠤᠳᠤᠯᠭᠠᠨ᠎ᠤ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠪᠠᠷᠠᠯᠠᠯᠳᠤ ᠴᠢᠨᠠᠷᠲᠠᠢ᠂ ᠰᠢᠰᠲᠧᠮᠵᠢᠭᠰᠡᠨ ᠪᠠᠢᠷᠢᠰᠢᠯ᠎ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ᠎ᠶᠢ ᠲᠦᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠢᠷᠡᠭᠡᠳᠦᠢ᠎ᠶᠢᠨ ᠮᠠᠰᠢ ᠣᠯᠠᠨ ᠠᠵᠤ ᠦᠢᠯᠡᠰ᠎ᠦᠨ ᠬᠥᠭᠵᠢᠯᠲᠡ ᠨᠢ ᠠᠵᠤ ᠠᠬᠤᠢᠯᠠᠯ᠎ᠤᠨ ᠠᠯᠬᠤᠮ ᠠᠯᠬᠤᠮ᠎ᠢᠶᠠᠷ ᠰᠢᠪᠲᠤᠯᠵᠤ ᠳᠠᠢᠴᠢᠯᠠᠬᠤ᠎ᠳᠤ ᠲᠦᠰᠢᠭᠯᠡᠨ᠎ᠡ᠃ ᠠᠵᠤ ᠠᠬᠤᠢᠯᠠᠯ᠎ᠤᠨ ᠭᠣᠣᠯ ᠴᠣᠭᠴᠠ᠎ᠶᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠦᠷᠦᠯ᠎ᠦᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠵᠤ᠂ ᠭᠣᠣᠯᠯᠠᠬᠤ ᠮᠡᠷᠭᠡᠵᠢᠯ᠎ᠢᠶᠡᠷ ᠣᠷᠣᠢᠯᠠᠭᠰᠠᠨ᠂ ᠰᠢᠨ᠎ᠡ᠎ᠶᠢ ᠡᠭᠦᠳᠬᠦ ᠴᠢᠳᠠᠪᠤᠷᠢ᠎ᠪᠠᠷ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠪᠣᠯᠣᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠶᠡᠬᠡᠪᠡᠷ ᠪᠣᠢᠵᠢᠭᠤᠯᠵᠤ᠂ ᠠᠵᠤ ᠦᠢᠯᠡᠰ᠎ᠦᠨ ᠬᠣᠰᠢᠭᠤᠷᠠᠯ ᠪᠠ ᠳᠡᠭᠡᠳᠦ ᠳᠡᠰ᠎ᠤᠨ ᠬᠦᠷᠢᠶ᠎ᠡ ᠴᠠᠷᠠᠭ᠎ᠠ ᠲᠡᠢᠰᠢ ᠤᠷᠤᠭᠰᠢᠯᠠᠬᠤ᠎ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ᠎ᠶᠢᠨ ᠫᠢᠩ᠂ ᠢᠷᠡᠭᠡᠳᠦᠢ᠎ᠶᠢᠨ ᠠᠵᠤ ᠦᠢᠯᠡᠰ᠎ᠦᠨ ᠪᠣᠶ᠋ᠢᠵᠢᠯᠲᠠ᠎ᠶᠢᠨ ᠦᠶᠡᠯᠡᠯ᠎ᠦᠨ ᠬᠤᠭᠤᠴᠠᠭ᠎ᠠ ᠣᠷᠳᠣ᠌᠂ ᠵᠠᠬ᠎ᠠ ᠳᠡᠯᠭᠡᠭᠦᠷ᠎ᠦᠨ ᠲᠦᠭᠰᠢᠭᠦᠷᠢ ᠶᠡᠬᠡ ᠪᠣᠯᠬᠣᠷ ᠲᠥᠷᠥ᠎ᠶᠢᠨ ᠪᠣᠳᠣᠯᠭ᠎ᠠ᠎ᠶᠢᠨ ᠲᠠᠯ᠎ᠠ᠎ᠪᠠᠷ ᠳᠡᠮᠵᠢᠵᠦ᠂ ᠵᠠᠰᠠᠭ᠎ᠤᠨ ᠣᠷᠳᠣᠨ ᠰᠠᠢᠲᠤᠷ ᠦᠢᠯᠡᠴᠢᠯᠡᠬᠦ ᠬᠡᠷᠡᠭᠲᠡᠢ᠃ ᠡᠳ᠋᠎ᠦᠨ ᠵᠠᠰᠠᠭ ᠭᠠᠢᠯᠢ ᠵᠡᠷᠭᠡ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠎ᠤᠨ ᠮᠥᠩᠭᠥᠨ ᠭᠦᠢᠯᠭᠡᠭᠡ᠎ᠶᠢ ᠶᠡᠬᠡᠪᠡᠷ ᠬᠥᠭᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠠᠵᠢᠯ᠎ᠢ ᠪᠦᠬᠦ ᠲᠠᠯ᠎ᠠ᠎ᠪᠠᠷ ᠰᠠᠢᠲᠤᠷ ᠬᠢᠵᠦ᠂ ᠨᠡᠢᠭᠡᠮ ᠳᠠᠶᠠᠭᠠᠷ᠎ᠲᠤ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠬᠤ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠳᠦ ᠬᠣᠯᠪᠣᠭᠳᠠᠬᠤ ᠬᠡᠪᠴᠢᠶ᠎ᠡ ᠥᠷᠭᠡᠨ᠂ ᠡᠷᠬᠡᠪᠰᠢ ᠵᠠᠰᠠᠯᠲᠠ᠎ᠶᠢᠨ ᠰᠢᠰᠲᠧᠮ᠎ᠢ ᠪᠦᠷᠢᠨᠰᠢᠭᠦᠯᠬᠦ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠢ ᠬᠢᠨᠠᠯᠲᠠ ᠬᠠᠮᠢᠶᠠᠷᠤᠯᠲᠠ᠎ᠶᠢᠨ ᠠᠷᠭ᠎ᠠ ᠬᠡᠯᠪᠡᠷᠢ᠎ᠶᠢ ᠰᠦᠪᠡᠭᠴᠢᠯᠡᠵᠦ᠂ ᠬᠣᠯᠪᠣᠭᠳᠠᠯ ᠪᠦᠬᠦᠢ ᠠᠶᠤᠯ ᠲᠦᠭᠰᠢᠭᠦᠷᠢ᠎ᠶᠢ ᠰᠡᠷᠭᠡᠢᠯᠡᠵᠦ᠂ 《ᠠᠮᠢᠳᠤᠯᠢᠭ᠋ ᠪᠣᠯᠭᠠᠬᠤ》 ᠪᠥᠭᠡᠳ 《ᠰᠠᠢᠲᠤᠷ ᠬᠠᠮᠢᠶᠠᠷᠬᠤ》 ᠶ᠋ᠢ ᠪᠠᠲᠤᠯᠠᠬᠤ ᠬᠡᠷᠡᠭᠲᠡᠢ᠃ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠡᠯ᠎ᠡ ᠲᠠᠯ᠎ᠠ᠎ᠶᠢᠨ ᠬᠢᠨ᠎ᠦ ᠪᠠᠷᠢᠮᠵᠢᠶ᠎ᠠ᠎ᠶᠢ ᠬᠠᠮᠲᠤ᠎ᠪᠠᠷ ᠪᠠᠶ᠋ᠢᠭᠤᠯᠬᠤ᠂ ᠳᠦᠷᠢᠮ᠎ᠢ ᠬᠠᠮᠲᠤ᠎ᠪᠠᠷ ᠵᠥᠪᠳᠡᠯᠴᠡᠬᠦ᠂ ᠠᠵᠤ ᠦᠢᠯᠡᠰ᠎ᠢ ᠬᠠᠮᠲᠤ᠎ᠪᠠᠷ ᠠᠬᠢᠭᠤᠯᠬᠤ᠎ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨ ᠮᠡᠷᠭᠡᠵᠢᠯ᠎ᠦᠨ ᠬᠣᠰᠢᠭᠤᠷᠠᠯ ᠮᠡᠳᠡᠯᠭᠡ᠎ᠶᠢᠨ ᠰᠤᠷᠤᠯᠴᠠᠯᠭ᠎ᠠ᠎ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ᠎ᠢ ᠮᠡᠳᠡᠬᠦ᠂ ᠠᠵᠤ ᠦᠢᠯᠡᠰ᠎ᠢ ᠣᠢᠯᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠠᠭᠠᠨ ᠴᠢᠳᠠᠮᠠᠭᠠᠢ ᠪᠣᠯᠬᠤ᠎ᠪᠠᠷ ᠴᠢᠷᠮᠠᠢᠬᠤ ᠬᠡᠷᠡᠭᠲᠡᠢ ᠭᠡᠵᠦ ᠴᠢᠬᠤᠯᠠᠴᠢᠯᠠᠪᠠ᠃