1. ᠳ᠋ᠢᠩ ᠰᠢᠤᠸᠠᠢ ᠰᠢᠶᠠᠩ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ 2025 ᠣᠨ᠎ᠤ ᠣᠨ᠎ᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ᠂ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠲᠡᠷᠢᠭᠦᠯᠡᠭᠴᠢ ᠳ᠋ᠢᠩ ᠰᠢᠤᠸᠠᠢ ᠰᠢᠶᠠᠩ 16᠎ᠤ ᠡᠳᠦᠷ ᠪᠡᠭᠡᠵᠢᠩ᠎ᠳᠦ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ 2025 ᠣᠨ᠎ᠤ ᠣᠨ᠎ᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ ᠃
2. 《 ᠨᠢᠭᠡ ᠪᠦᠰᠡ ᠨᠢᠭᠡ ᠵᠠᠮ 》᠎ᠤᠨ ᠪᠣᠬᠢᠷᠲᠤᠯ ᠦᠭᠡᠢ ᠰᠢᠨ᠎ᠡ᠎ᠶᠢ ᠡᠭᠦᠳᠬᠦ ᠶᠡᠬᠡ ᠬᠤᠷᠠᠯ 2025 ᠪᠡᠭᠡᠵᠢᠩ᠎ᠳᠦ ᠬᠤᠷᠠᠯᠳᠤᠪᠠ
2025 ᠣᠨ᠎ᠤ 10 ᠰᠠᠷ᠎ᠠ᠎ᠶᠢᠨ 18᠎ᠤ ᠡᠳᠦᠷ᠂ 《 ᠨᠢᠭᠡ ᠪᠦᠰᠡ ᠨᠢᠭᠡ ᠵᠠᠮ 》᠎ᠤᠨ ᠪᠣᠬᠢᠷᠲᠤᠯ ᠦᠭᠡᠢ ᠰᠢᠨ᠎ᠡ᠎ᠶᠢ ᠡᠭᠦᠳᠬᠦ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃ ᠬᠤᠷᠠᠯ᠎ᠠᠴᠠ ᠪᠦᠬᠦ ᠪᠥᠮᠪᠥᠷᠴᠡᠭ᠎ᠦᠨ ᠪᠣᠬᠢᠷᠲᠤᠯ ᠦᠭᠡᠢ ᠬᠥᠭᠵᠢᠯᠲᠡ᠎ᠶᠢᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠪᠣᠬᠢᠷᠲᠤᠯ ᠦᠭᠡᠢ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠪᠣᠯᠣᠨ ᠪᠣᠬᠢᠷᠲᠤᠯ ᠦᠭᠡᠢ ᠬᠡᠯᠪᠡᠷᠢ᠎ᠶᠢᠨ ᠬᠤᠪᠢᠷᠠᠭᠤᠯᠤᠯᠲᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠪᠠᠷ ᠭᠣᠣᠯ ᠰᠡᠳᠦᠪ ᠪᠣᠯᠭᠠᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠡᠢ᠃
3. ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ 2025 ᠣᠨ᠎ᠤ ᠣᠨ᠎ᠤ ᠬᠤᠷᠠᠯ ᠪᠡᠭᠡᠵᠢᠩ᠎ᠳᠦ ᠡᠬᠢᠯᠡᠪᠡ
10 ᠰᠠᠷ᠎ᠠ᠎ᠶᠢᠨ 15᠎ᠤ ᠡᠳᠦᠷ ᠂ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ (ᠳᠣᠷᠣᠭ᠍ᠰᠢ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ ᠭᠡᠵᠦ ᠲᠣᠪᠴᠢᠯᠠᠨ᠎ᠠ)᠎ᠤᠨ 2025 ᠣᠨ᠎ᠤ ᠣᠨ᠎ᠤ ᠬᠤᠷᠠᠯ ᠪᠡᠭᠡᠵᠢᠩ᠎ᠳᠦ ᠡᠬᠢᠯᠡᠪᠡ ᠃ ᠲᠣᠰ ᠤᠳᠠᠭᠠᠨ᠎ᠤ ᠣᠨ᠎ᠤ ᠬᠤᠷᠠᠯ᠎ᠤᠨ ᠭᠣᠣᠯ ᠰᠡᠳᠦᠪ ᠨᠢ 《 ᠪᠥᠬᠥ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠶᠢ ᠪᠠᠲᠤᠳᠬᠠᠵᠤ ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ᠎ᠶᠢ ᠠᠬᠢᠭᠤᠯᠤᠨ᠎ᠠ 》 ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ᠂ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠳᠤᠮᠳᠠᠳᠤ ᠤᠯᠤᠰ᠎ᠤᠨ ᠲᠠᠯ᠎ᠠ᠎ᠶᠢᠨ ᠭᠦᠢᠴᠡᠳᠭᠡᠭᠴᠢ ᠳᠡᠳ᠋ ᠲᠡᠷᠢᠭᠦᠯᠡᠭᠴᠢ ᠬᠤᠸᠠᠩ ᠷᠦᠨ ᠴᠢᠦ ᠡᠬᠢᠯᠡᠯᠲᠡ᠎ᠶᠢᠨ ᠶᠣᠰᠣᠯᠠᠯ᠎ᠢ ᠡᠷᠬᠢᠯᠡᠭᠰᠡᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠵᠠᠢ᠃
4. ᠬᠤᠸᠠᠩ ᠷᠦᠨ ᠴᠢᠦ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ 2025 ᠣᠨ᠎ᠤ ᠣᠨ᠎ᠤ ᠬᠤᠷᠠᠯ᠎ᠤᠨ ᠭᠣᠣᠯ ᠰᠡᠳᠦᠪᠲᠦ ᠶᠠᠷᠢᠶᠠᠨ᠎ᠤ ᠲᠠᠪᠴᠠᠩ᠎ᠳᠤ ᠣᠷᠣᠯᠴᠠᠭᠰᠠᠨ ᠪᠥᠭᠡᠳ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠭᠠᠳᠠᠭᠠᠳᠤ᠎ᠶᠢᠨ ᠳᠡᠳ᠋ ᠲᠡᠷᠢᠭᠦᠯᠡᠭᠴᠢ᠎ᠲᠠᠢ ᠠᠭᠤᠯᠵᠠᠪᠠ
10 ᠰᠠᠷ᠎ᠠ᠎ᠶᠢᠨ 16᠎ᠤ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ ( ᠳᠣᠷᠣᠭ᠍ᠰᠢ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ ᠭᠡᠵᠦ ᠳᠥᠭᠥᠮᠴᠢᠯᠡᠨ᠎ᠡ )᠎ᠤᠨ 2025 ᠣᠨ᠎ᠤ ᠣᠨ᠎ᠤ ᠬᠤᠷᠠᠯ᠎ᠤᠨ ᠰᠢᠷᠢᠰ ᠭᠣᠣᠯ ᠰᠡᠳᠦᠪᠲᠦ ᠶᠠᠷᠢᠶᠠᠨ᠎ᠤ ᠲᠠᠪᠴᠠᠩ ᠪᠡᠭᠡᠵᠢᠩ᠎ᠳᠦ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ᠂ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠳᠤᠮᠳᠠᠳᠤ᠎ᠶᠢᠨ ᠲᠠᠯ᠎ᠠ᠎ᠶᠢᠨ ᠭᠦᠢᠴᠡᠳᠭᠡᠭᠴᠢ ᠳᠡᠳ᠋ ᠲᠡᠷᠢᠭᠦᠯᠡᠭᠴᠢ ᠬᠤᠸᠠᠩ ᠷᠦᠨ ᠴᠢᠦ 《 ᠡᠬᠡ ᠬᠠᠭᠤᠷᠠᠢ ᠪᠠ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠵᠦ᠂ ᠬᠥᠮᠥᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ᠎ᠪᠠᠷ ᠣᠷᠣᠰᠢᠬᠤ ᠢᠷᠡᠭᠡᠳᠦᠢ ᠲᠡᠢᠰᠢ ᠤᠷᠤᠭᠰᠢᠯᠠᠶ᠎ᠠ 》 ᠭᠡᠬᠦ ᠭᠣᠣᠯ ᠰᠡᠳᠦᠪᠲᠦ ᠶᠠᠷᠢᠶᠠᠨ᠎ᠤ ᠲᠠᠪᠴᠠᠩ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
5. ᠠᠮᠢ ᠠᠬᠤᠢ ᠣᠷᠴᠢᠨ ᠲᠣᠭᠣᠷᠢᠨ᠎ᠤ ᠶᠠᠮᠤᠨ – ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠣᠨ᠎ᠤ ᠵᠥᠪᠳᠡᠯᠴᠡᠭᠡᠨ᠎ᠦ ᠬᠤᠷᠠᠯ᠎ᠤᠨ ᠳᠡᠭᠡᠳᠦ ᠲᠡᠰᠢ ᠬᠤᠷᠠᠯ ᠪᠡᠭᠡᠵᠢᠩ᠎ᠳᠦ ᠬᠤᠷᠠᠯᠳᠤᠪᠠ
10 ᠰᠠᠷ᠎ᠠ᠎ᠶᠢᠨ 17᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ︱ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠣᠨ᠎ᠤ ᠵᠥᠪᠳᠡᠯᠴᠡᠭᠡᠨ᠎ᠦ ᠬᠤᠷᠠᠯ᠎ᠤᠨ ᠳᠡᠭᠡᠳᠦ ᠲᠠᠰ᠎ᠤᠨ ᠬᠤᠷᠠᠯ ᠪᠡᠭᠡᠵᠢᠩ᠎ᠳᠦ ᠬᠤᠷᠠᠯᠳᠤᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠭᠦᠢᠴᠡᠳᠭᠡᠭᠴᠢ ᠡᠷᠬᠢᠯᠡᠭᠴᠢ ᠶᠢᠩ· ᠠᠨᠳᠧᠷᠰᠧᠨ ᠬᠤᠷᠠᠯ᠎ᠳᠤ ᠣᠷᠣᠯᠴᠠᠭᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠵᠠᠢ᠃
6. ᠳᠤᠮᠳᠠᠳᠤ ᠠᠦ᠋ᠰᠲᠷᠠᠯᠢᠶ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠰᠠᠢᠳ᠎ᠤᠨ ᠳᠡᠰ᠎ᠤᠨ ᠶᠢᠰᠦᠳᠦᠭᠡᠷ ᠤᠳᠠᠭᠠᠨ᠎ᠤ ᠶᠠᠷᠢᠯᠴᠠᠭ᠎ᠠ ᠪᠡᠭᠡᠵᠢᠩ᠎ᠳᠦ ᠬᠤᠷᠠᠯᠳᠤᠪᠠ
10 ᠰᠠᠷ᠎ᠠ᠎ᠶᠢᠨ 13᠎ᠤ ᠡᠳᠦᠷ ᠂ ᠳᠤᠮᠳᠠᠳᠤ ᠠᠦ᠋ᠰᠲᠷᠠᠯᠢᠶ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠰᠠᠢᠳ᠎ᠤᠨ ᠲᠠᠰ᠎ᠤᠨ ᠶᠢᠰᠦᠳᠦᠭᠡᠷ ᠤᠳᠠᠭᠠᠨ᠎ᠤ ᠶᠠᠷᠢᠯᠴᠠᠭ᠎ᠠ ᠪᠡᠭᠡᠵᠢᠩ᠎ᠳᠦ ᠬᠤᠷᠠᠯᠳᠤᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠣᠯᠣᠨ ᠠᠦ᠋ᠰᠲᠷᠠᠯᠢᠶ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠡᠨᠧᠷᠭᠢ᠎ᠶᠢᠨ ᠶᠠᠮᠤᠨ᠎ᠤ ᠰᠠᠢᠳ ᠺᠷᠢᠰ · ᠪᠤᠡᠧᠨ ᠠᠭᠤᠷ ᠠᠮᠢᠰᠬᠤᠯ᠎ᠤᠨ ᠤᠯᠠᠨ ᠲᠠᠯ᠎ᠠ᠎ᠶᠢᠨ ᠠᠬᠢᠴᠠ᠂ ᠲᠤᠰ ᠲᠤᠰ᠎ᠤᠨ ᠤᠯᠤᠰ᠎ᠤᠨ ᠳᠣᠲᠣᠭᠠᠳᠤ᠎ᠶᠢᠨ ᠠᠭᠤᠷ ᠠᠮᠢᠰᠬᠤᠯ᠎ᠤᠨ ᠲᠦᠷᠦ᠎ᠶᠢᠨ ᠪᠣᠳᠣᠯᠭ᠎ᠠ᠂ ᠠᠭᠤᠷ ᠠᠮᠢᠰᠬᠤᠯ᠎ᠤᠨ ᠬᠦᠷᠢᠶᠡᠨ᠎ᠦ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠵᠡᠷᠭᠡ ᠵᠥᠪᠯᠡᠬᠦ ᠵᠦᠢᠯ᠎ᠦᠨ ᠲᠤᠬᠠᠢ ᠭᠦᠨᠵᠡᠭᠡᠢ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃
7. ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠣᠷᠢᠨ ᠤᠯᠤᠰ᠎ᠤᠨ ᠪᠦᠯᠦᠭᠯᠡᠯ᠎ᠦᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠦᠷᠭᠦᠯᠵᠢᠯᠡᠬᠦ ᠰᠠᠢᠳ᠎ᠤᠨ ᠬᠤᠷᠠᠯᠳᠤᠭᠠᠨ᠎ᠳᠤ ᠣᠷᠣᠯᠴᠠᠪᠠ
2025 ᠣᠨ᠎ᠤ 10 ᠰᠠᠷ᠎ᠠ᠎ᠶᠢᠨ 16᠎ᠤ ᠡᠳᠦᠷ᠎ᠡᠴᠡ 17᠎ᠤ ᠡᠳᠦᠷ ᠪᠣᠯᠲᠠᠯ᠎ᠠ᠂ ᠬᠣᠷᠢᠨ ᠤᠯᠤᠰ᠎ᠤᠨ ᠪᠦᠯᠦᠭᠯᠡᠯ ( G20 )᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠦᠷᠭᠦᠯᠵᠢᠯᠡᠬᠦ ᠰᠠᠢᠳ ᠨᠠᠷ᠎ᠤᠨ ᠬᠤᠷᠠᠯ ᠡᠮᠦᠨᠡᠲᠦ ᠠᠹᠷᠢᠺᠠ᠎ᠶᠢᠨ ᠺᠠᠶ᠋ᠢᠫᠲ᠋ᠤᠨ ᠳ᠋ᠤ᠌ ᠬᠤᠷᠠᠯᠳᠤᠪᠠ᠃ ᠬᠤᠷᠠᠯ᠎ᠠᠴᠠ ᠪᠦᠬᠦ ᠪᠥᠮᠪᠥᠷᠴᠡᠭ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ᠂ ᠭᠠᠵᠠᠷ ᠰᠢᠷᠣᠢ᠎ᠶᠢᠨ ᠮᠠᠭᠤᠳᠠᠯ ᠪᠣᠯᠣᠨ ᠭᠠᠩ ᠬᠠᠭᠰᠠᠷᠠᠭᠠᠨ᠎ᠢ ᠰᠡᠷᠭᠡᠢᠯᠡᠨ ᠵᠠᠰᠠᠬᠤ᠂ ᠬᠢᠮᠢ᠎ᠶᠢᠨ ᠪᠣᠳᠠᠰ ᠪᠣᠯᠣᠨ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ᠂ ᠠᠭᠠᠷ᠎ᠤᠨ ᠶᠠᠰᠤ ᠴᠢᠨᠠᠷ ᠵᠢᠴᠢ ᠲᠠᠯᠠᠢ ᠲᠠᠩᠭᠢᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠭᠣᠣᠯ ᠵᠥᠪᠯᠡᠬᠦ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠢᠦᠢ ᠬᠤᠢ ᠸᠧᠨ ᠭᠠᠳᠠᠭᠠᠳᠤ ᠶᠠᠪᠤᠳᠠᠯ᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠢᠶᠠᠷ ᠪᠦᠷᠢᠯᠳᠦᠭᠰᠡᠨ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
8. ᠠᠮᠢ ᠠᠬᠤᠢ ᠣᠷᠴᠢᠨ ᠲᠣᠭᠣᠷᠢᠨ᠎ᠤ ᠶᠠᠮᠤᠨ ( ᠤᠯᠤᠰ᠎ᠤᠨ ᠴᠥᠮ᠎ᠡ᠎ᠶᠢᠨ ᠠᠮᠤᠷ ᠲᠦᠪᠰᠢᠨ᠎ᠦ ᠲᠣᠪᠴᠢᠶ᠎ᠠ ) ᠤᠯᠠᠷᠢᠯ᠎ᠤᠨ ᠴᠥᠮ᠎ᠡ᠎ᠶᠢᠨ ᠠᠮᠤᠷ ᠲᠦᠪᠰᠢᠨ᠎ᠦ ᠪᠠᠢᠳᠠᠯ᠎ᠳᠤ ᠵᠠᠳᠠᠯᠤᠯᠲᠠ ᠬᠢᠬᠦ ᠠᠵᠢᠯᠯᠠᠭ᠎ᠠ ᠥᠷᠨᠢᠭᠦᠯᠪᠡ
10 ᠰᠠᠷ᠎ᠠ᠎ᠶᠢᠨ 11᠎ᠦ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ( ᠤᠯᠤᠰ᠎ᠤᠨ ᠴᠥᠮ᠎ᠡ᠎ᠶᠢᠨ ᠠᠮᠤᠷ ᠲᠦᠪᠰᠢᠨ᠎ᠦ ᠲᠣᠪᠴᠢᠶ᠎ᠠ ) ᠪᠡᠭᠡᠵᠢᠩ᠎ᠳᠦ ᠤᠯᠠᠷᠢᠯ᠎ᠤᠨ ᠴᠥᠮ᠎ᠡ᠎ᠶᠢᠨ ᠠᠮᠤᠷ ᠲᠦᠪᠰᠢᠨ᠎ᠦ ᠪᠠᠢᠳᠠᠯ᠎ᠢ ᠵᠠᠳᠠᠯᠬᠤ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ᠂ ᠤᠯᠤᠰ᠎ᠤᠨ ᠴᠥᠮ᠎ᠡ᠎ᠶᠢᠨ ᠠᠮᠤᠷ ᠲᠦᠪᠰᠢᠨ᠎ᠦ ᠲᠣᠪᠴᠢᠶᠠᠨ᠎ᠤ ᠳᠠᠷᠤᠭ᠎ᠠ ᠳ᠋ᠦᠩ ᠪᠦᠦ ᠲᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
9. ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠧᠢᠯᠦᠨᠤ ᠶᠡᠬᠡ ᠬᠤᠷᠠᠯ᠎ᠤᠨ ᠰᠠᠢᠳ᠎ᠤᠨ ᠲᠡᠰ᠎ᠤᠨ ᠪᠡᠯᠡᠳᠬᠡᠯ ᠬᠤᠷᠠᠯ᠎ᠳᠦ ᠣᠷᠣᠯᠴᠠᠪᠠ
2025 ᠣᠨ᠎ᠤ 10 ᠰᠠᠷ᠎ᠠ᠎ᠶᠢᠨ 13 – 14᠎ᠦ ᠡᠳᠦᠷ ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠧᠢᠯᠦᠨᠤ ᠶᠡᠬᠡ ᠬᠤᠷᠠᠯ ( COP30 )᠎ᠤᠨ ᠰᠠᠢᠳ᠎ᠤᠨ ᠲᠡᠰ᠎ᠤᠨ ᠪᠡᠯᠡᠳᠬᠡᠯ ᠬᠤᠷᠠᠯ ᠪᠷᠠᠽᠢᠯ᠎ᠳᠤ ᠬᠤᠷᠠᠯᠳᠤᠪᠠ᠃ 72 ᠭᠡᠷᠡᠲᠦ ᠲᠠᠯ᠎ᠠ ᠵᠢᠴᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠠᠭᠤᠷ ᠠᠮᠢᠰᠬᠤᠯ᠎ᠤᠨ ᠨᠡᠶ᠋ᠢᠲᠡ᠎ᠶᠢᠨ ᠭᠡᠷ᠎ᠡ᠎ᠶᠢᠨ ᠨᠠᠷᠢᠨ ᠪᠢᠴᠢᠭ᠎ᠦᠨ ᠭᠠᠵᠠᠷ ᠵᠡᠷᠭᠡ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠰᠠᠢᠳ ᠪᠣᠯᠣᠨ ᠳᠡᠭᠡᠳᠦ ᠲᠡᠰ᠎ᠤᠨ ᠲᠥᠯᠥᠭᠡᠯᠡᠭᠴᠢᠳ᠂ COP30 ᠵᠢᠨ ᠵᠢᠱ᠌ᠢᠭᠰᠡᠨ ᠦᠷ᠎ᠡ ᠪᠦᠲᠦᠭᠡᠯ᠂ ᠤᠯᠤᠰ᠎ᠤᠨ ᠪᠡᠶ᠎ᠡ᠎ᠪᠡᠨ ᠳᠠᠭᠠᠭᠠᠭᠰᠠᠨ ᠬᠤᠪᠢ ᠨᠡᠮᠡᠷᠢ ( NDC )᠂ ᠠᠭᠤᠷ ᠠᠮᠢᠰᠬᠤᠯ᠎ᠤᠨ ᠪᠡᠯᠡ ᠮᠥᠩᠭᠥ᠂ ᠪᠦᠬᠦ ᠪᠥᠮᠪᠥᠷᠴᠡᠭ᠎ᠦᠨ ᠵᠣᠬᠢᠴᠠᠬᠤ ᠬᠠᠷᠠᠯᠲᠠ᠂ ᠲᠥᠪ ᠭᠣᠣᠯᠴᠢ᠎ᠪᠠᠷ ᠬᠡᠯᠪᠡᠷᠢ᠎ᠪᠡᠨ ᠬᠤᠪᠢᠷᠠᠭᠤᠯᠬᠤ᠂ ᠪᠦᠬᠦ ᠪᠥᠮᠪᠥᠷᠴᠡᠭ᠎ᠦᠨ ᠲᠣᠭᠠᠯᠠᠨ ᠪᠦᠷᠢᠳᠬᠡᠭᠰᠡᠨᠤ ᠳᠠᠷᠠᠭᠠᠬᠢ ᠲᠣᠬᠢᠷᠠᠭᠤᠯᠤᠯᠲᠠ᠂ ᠠᠭᠤᠷ ᠠᠮᠢᠰᠬᠤᠯ ᠪᠣᠯᠣᠨ ᠠᠷᠠᠯᠵᠢᠶᠠᠨ᠎ᠤ ᠬᠣᠯᠪᠣᠭᠳᠠᠯ ᠪᠦᠬᠦᠢ ᠭᠠᠭᠴᠠ ᠲᠠᠯ᠎ᠠ᠎ᠶᠢᠨ ᠠᠷᠭ᠎ᠠ ᠬᠡᠮᠵᠢᠶ᠎ᠡ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃ ᠬᠤᠷᠠᠯ᠎ᠤᠨ ᠳᠠᠷᠠᠭᠠᠬᠢ ᠨᠢᠭᠡ ᠡᠳᠦᠷ᠎ᠲᠦ ᠳᠡᠭᠡᠳᠦ ᠳᠡᠰ᠎ᠤᠨ ᠲᠡᠷᠢᠭᠦᠯᠡᠭᠴᠢ᠎ᠶᠢᠨ ᠵᠥᠪᠳᠡᠯᠴᠡᠭᠡ ᠬᠢᠵᠡᠢ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠭᠠᠳᠠᠭᠠᠳᠤ ᠶᠠᠪᠤᠳᠠᠯ᠎ᠤᠨ ᠶᠠᠮᠤᠨ᠎ᠠᠴᠠ ᠬᠥᠮᠥᠨ ᠲᠣᠮᠢᠯᠠᠵᠤ ᠪᠦᠷᠢᠯᠳᠦᠭᠰᠡᠨ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠬᠤᠷᠠᠯ᠎ᠳᠤ ᠣᠷᠣᠯᠴᠠᠪᠠ᠃
10. ᠠᠮᠢ ᠠᠬᠤᠢ ᠣᠷᠴᠢᠨ ᠲᠣᠭᠣᠷᠢᠨ᠎ᠤ ᠶᠠᠮᠤᠨ 10 ᠳ᠋ᠤᠭᠠᠷ ᠰᠠᠷ᠎ᠠ᠎ᠶᠢᠨ ᠳᠣᠣᠷ᠎ᠠ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
2025 ᠣᠨ᠎ᠤ 10 ᠰᠠᠷ᠎ᠠ᠎ᠶᠢᠨ 15᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠲᠥᠪ᠎ᠦᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠣᠨ ᠪᠡᠭᠡᠵᠢᠩ ᠬᠤᠳᠡ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠠᠮᠲᠤᠷᠠᠵᠤ᠂ 10 ᠳ᠋ᠤᠭᠠᠷ ᠰᠠᠷ᠎ᠠ᠎ᠶᠢᠨ ᠳᠣᠣᠷ᠎ᠠ ᠬᠠᠭᠠᠰ ᠰᠠᠷ᠎ᠠ (10 ᠰᠠᠷ᠎ᠠ᠎ᠶᠢᠨ 16 ︱ 31᠎ᠦ ᠡᠳᠦᠷ )᠎ᠶᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠪᠡ᠃