ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ ( 10.26︱11.1 )
ᠨᠡᠶ᠋ᠢᠲᠡᠯᠡᠭᠰᠡᠨ ᠴᠠᠭ᠄ 2025-11-04

      1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
      10 ᠰᠠᠷ᠎ᠠ᠎ᠶᠢᠨ 31᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ 《 ᠵᠠᠭᠤᠨ ᠵᠢᠯ᠎ᠦᠨ ᠰᠠᠬᠢᠨ ᠬᠠᠮᠠᠭᠠᠯᠠᠯᠲᠠ︱ᠪᠣᠷᠣ᠌ ᠬᠣᠲᠠ᠎ᠠᠴᠠ ᠬᠠᠭᠠᠨ᠎ᠤ ᠣᠷᠳᠣᠨ᠎ᠤ ᠮᠦᠽᠧᠢ 》 ᠵᠢᠨ ᠦᠵᠡᠰᠬᠦᠯᠡᠩ᠎ᠢ ᠲᠣᠭᠣᠷᠢᠨ ᠦᠵᠡᠬᠦ ᠦᠶ᠎ᠡ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠠᠬᠠᠮᠠᠳ ᠺᠠᠳ᠋ᠷᠴᠤᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠲᠤᠭᠤᠰᠢᠯᠠᠭᠤᠯᠪᠠ᠃
      2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ 2025 ᠣᠨ᠎ᠤ ᠶᠠᠮᠤᠨ᠎ᠤ ᠰᠢᠰᠲᠧᠮ᠎ᠦᠨ 《 ᠨᠢᠭᠡᠳᠦᠭᠡᠷ ᠤᠳᠤᠷᠢᠳᠤᠯᠭ᠎ᠠ 》᠎ᠶᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠪᠡ
      10 ᠰᠠᠷ᠎ᠠ᠎ᠶᠢᠨ 28᠎ᠠᠴᠠ 30᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ 2025 ᠣᠨ᠎ᠤ ᠶᠠᠮᠤᠨ᠎ᠤ ᠰᠢᠰᠲᠧᠮ᠎ᠦᠨ 《 ᠨᠢᠭᠡᠳᠦᠭᠡᠷ ᠤᠳᠤᠷᠢᠳᠤᠯᠭ᠎ᠠ 》᠎ᠶᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠵᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠂ ᠣᠨᠴᠠᠭᠠᠢᠯᠠᠨ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠯᠤᠰ ᠲᠦᠷᠦ᠎ᠶᠢᠨ ᠬᠡᠪ ᠪᠣᠯᠪᠠᠰᠤᠷᠠᠯ ᠪᠣᠯᠣᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢᠶᠡᠨ ᠴᠢᠨᠠᠭᠰᠢᠳᠠ ᠪᠠᠳᠠᠷᠠᠭᠤᠯᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠢᠴᠢᠯᠠᠯᠲᠠ᠎ᠶᠢᠨ ᠶᠠᠷᠢᠶ᠎ᠠ ᠲᠠᠯᠪᠢᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠰᠤᠷᠤᠯᠭ᠎ᠠ ᠡᠬᠢᠯᠡᠬᠦ ᠶᠣᠰᠣᠯᠠᠯ᠎ᠢ ᠡᠷᠬᠢᠯᠡᠬᠦ᠎ᠶᠢᠨ ᠬᠠᠮᠲᠤ ᠶᠠᠷᠢᠶ᠎ᠠ ᠲᠠᠯᠪᠢᠵᠠᠢ᠃
      3. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠰᠢᠶᠠᠩᠭᠠᠩ᠎ᠤᠨ ᠬᠣᠷᠢᠳᠤᠭᠠᠷ ᠬᠤᠭᠤᠴᠠᠭᠠᠨ᠎ᠤ ᠣᠯᠠᠨ ᠤᠯᠤᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠵᠡᠭᠦᠯᠭᠡ᠎ᠳᠦ ᠣᠷᠣᠯᠴᠠᠪᠠ
      2025 ᠣᠨ᠎ᠤ 10 ᠰᠠᠷ᠎ᠠ᠎ᠶᠢᠨ 27 ᠡᠴᠡ 29᠎ᠦ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠢᠦᠢ ᠬᠤᠶ ᠸᠸᠨ ᠪᠦᠯᠬᠦᠮ ᠳᠠᠭᠠᠭᠤᠯᠤᠨ ᠰᠢᠶᠠᠩᠭᠠᠩ᠎ᠤᠨ ᠬᠣᠷᠢᠳᠤᠭᠠᠷ ᠬᠤᠭᠤᠴᠠᠭᠠᠨ᠎ᠤ ᠣᠯᠠᠨ ᠤᠯᠤᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠵᠡᠰᠬᠦᠯᠡᠩ᠎ᠳᠦ ᠣᠷᠣᠯᠴᠠᠵᠤ᠂ ᠲᠡᠷᠡᠴᠢᠯᠡᠨ ᠡᠬᠢᠯᠡᠯᠲᠡ᠎ᠶᠢᠨ ᠶᠣᠰᠣᠯᠠᠯ ᠳᠡᠭᠡᠷ᠎ᠡ ᠪᠠᠶᠠᠷ᠎ᠤᠨ ᠦᠭᠡ ᠬᠡᠯᠡᠬᠦ᠎ᠳᠡᠭᠡᠨ᠂ ᠲᠤᠰ ᠤᠳᠠᠭ᠎ᠠ᠎ᠶᠢᠨ ᠦᠵᠡᠰᠬᠦᠯᠡᠩ ᠨᠢ 《 ᠪᠣᠬᠢᠷᠲᠤᠯ ᠦᠭᠡᠢ ᠰᠢᠨᠵᠢᠯᠡᠬᠦ ᠤᠬᠠᠭᠠᠨ ᠮᠡᠷᠭᠡᠵᠢᠯ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ ᠦᠭᠡᠢ ᠢᠷᠡᠭᠡᠳᠦᠢ᠎ᠶᠢ ᠬᠥᠲᠥᠯᠥᠨ ᠳᠠᠭᠠᠭᠤᠯᠬᠤ 》 ᠪᠡᠷ ᠭᠣᠣᠯ ᠰᠡᠳᠦᠪ ᠪᠣᠯᠭᠠᠵᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ᠎ᠶᠢ ᠠᠬᠢᠭᠤᠯᠬᠤ ᠵᠣᠷᠢᠭ᠋᠎ᠢ ᠬᠠᠷᠠᠭᠤᠯᠵᠤ᠂ ᠰᠢᠶᠠᠩᠭᠠᠩ᠎ᠤᠨ ᠪᠣᠬᠢᠷᠲᠤᠯ ᠦᠭᠡᠢ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠰᠠᠭᠠᠷᠮᠠᠭᠵᠢᠭᠤᠯᠬᠤ ᠠᠬᠢᠴᠠ᠎ᠶᠢ ᠠᠬᠢᠭᠤᠯᠬᠤ᠎ᠳᠤ ᠲᠤᠰᠠᠲᠠᠢ ᠪᠠᠢᠵᠤ᠂ ᠰᠢᠶᠠᠩᠭᠠᠩ᠎ᠤᠨ ᠬᠢᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠲᠦᠷᠭᠡᠨ ᠠᠭᠤᠰᠤᠯᠴᠠᠵᠤ᠂ ᠪᠣᠬᠢᠷᠲᠤᠯ ᠦᠭᠡᠢ 《 ᠨᠢᠭᠡ ᠪᠦᠰᠡ ᠨᠢᠭᠡ ᠵᠠᠮ 》᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠳᠡᠯᠡᠬᠡᠢ᠎ᠶᠢᠨ ᠲᠡᠷᠢᠭᠦᠨ᠎ᠦ ᠦᠵᠡᠰᠬᠦᠯᠡᠩᠲᠦ ᠰᠠᠢᠬᠠᠨ ᠪᠤᠯᠤᠩ᠎ᠤᠨ ᠣᠷᠣᠨ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠶᠢ ᠬᠦᠰᠡᠵᠦ ᠪᠠᠢᠨ᠎ᠠ ᠭᠡᠵᠦ ᠢᠯᠡᠷᠬᠡᠢᠯᠡᠪᠡ᠃ ᠺᠠᠽᠠᠭᠰᠲ᠋ᠠᠨ ᠵᠡᠷᠭᠡ 11 《 ᠨᠢᠭᠡ ᠪᠦᠰᠡ ᠨᠢᠭᠡ ᠵᠠᠮ 》᠎ᠤᠨ ᠤᠯᠤᠰ᠎ᠤᠨ ᠵᠠᠰᠠᠭ᠎ᠤᠨ ᠣᠷᠳᠣᠨ᠎ᠤ ᠲᠥᠯᠥᠭᠡᠯᠡᠭᠴᠢ᠂ ᠲᠥᠪ᠎ᠦᠨ ᠠᠷᠠᠳ᠎ᠤᠨ ᠵᠠᠰᠠᠭ᠎ᠤᠨ ᠣᠷᠳᠣᠨ᠎ᠤ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠳᠤ ᠰᠠᠭᠤᠭ᠎ᠠ ᠬᠣᠯᠪᠣᠭ᠎ᠠ ᠠᠪᠬᠤ ᠠᠯᠪᠠᠨ ᠭᠡᠷ᠎ᠦᠨ ᠲᠥᠯᠥᠭᠡᠯᠡᠭᠴᠢ᠂ ᠭᠤᠸᠠᠩᠳᠦ᠋ᠩ ᠵᠡᠷᠭᠡ 11 ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ) ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠦᠨ ᠲᠥᠯᠥᠭᠡᠯᠡᠭᠴᠢ᠂ ᠰᠢᠶᠠᠩᠭᠠᠩ ᠪᠣᠯᠣᠨ ᠣᠣᠮᠧᠨ᠎ᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠰᠠᠯᠠᠭ᠎ᠠ ᠮᠥᠴᠢᠷ᠎ᠦᠨ ᠲᠥᠯᠥᠭᠡᠯᠡᠭᠴᠢ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠦᠷᠢᠶᠡᠨ᠎ᠳᠡᠬᠢ ᠳᠤᠮᠳᠠᠳᠤ ᠭᠠᠳᠠᠭᠠᠳᠤ᠎ᠶᠢᠨ ᠠᠵᠤ ᠠᠬᠤᠢᠯᠠᠯ᠎ᠤᠨ ᠲᠥᠯᠥᠭᠡᠯᠡᠭᠴᠢ ᠬᠠᠮᠲᠤ᠎ᠪᠠᠷ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠵᠡᠰᠬᠦᠯᠡᠩ᠎ᠳᠦ ᠣᠷᠣᠯᠴᠠᠪᠠ᠃
      4. ᠠᠮᠢ ᠠᠬᠤᠢ ᠣᠷᠴᠢᠨ ᠲᠣᠭᠣᠷᠢᠨ᠎ᠤ ᠶᠠᠮᠤᠨ 10 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ
      10 ᠰᠠᠷ᠎ᠠ᠎ᠶᠢᠨ 29᠎ᠦ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 10 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠳᠠᠷᠤᠭ᠎ᠠ ᠰᠢᠶᠠ ᠶᠢᠩ ᠰᠢᠶᠠᠨ ᠰᠣᠨᠢᠨ ᠮᠡᠳᠡᠭᠡ ᠨᠡᠢᠲᠡᠯᠡᠬᠦ ᠬᠤᠷᠠᠯ᠎ᠳᠤ ᠣᠷᠣᠯᠴᠠᠵᠤ᠂ ᠮᠠᠨ᠎ᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠬᠠᠮᠤᠭ᠎ᠤᠨ ᠰᠢᠨ᠎ᠡ ᠠᠬᠢᠴᠠ᠎ᠶᠢᠨ ᠪᠠᠢᠳᠠᠯ᠎ᠢ ᠲᠠᠨᠢᠯᠴᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠣᠨᠢᠨ ᠮᠡᠳᠡᠭᠡᠨ᠎ᠦ ᠥᠭᠦᠯᠡᠭᠴᠢ ᠂ ᠤᠬᠠᠭᠤᠯᠭ᠎ᠠ ᠬᠥᠮᠦᠵᠢᠯ᠎ᠦᠨ ᠵᠤᠷᠭᠠᠨ᠎ᠤ ᠳᠠᠷᠤᠭ᠎ᠠ ᠫᠧᠢ ᠰᠢᠶᠣᠣ ᠹᠧᠢ ᠰᠣᠨᠢᠨ ᠮᠡᠳᠡᠭᠡ ᠨᠡᠢᠲᠡᠯᠡᠬᠦ ᠬᠤᠷᠠᠯ᠎ᠢ ᠡᠷᠭᠢᠯᠡᠵᠦ ᠂ ᠣᠢᠷ᠎ᠠ᠎ᠶᠢᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠣᠣᠯᠳᠠᠯᠭ᠎ᠠ᠎ᠲᠠᠢ ᠠᠵᠢᠯ᠎ᠤᠨ ᠠᠬᠢᠴᠠ᠎ᠶᠢ ᠵᠠᠷᠯᠠᠨ ᠮᠡᠳᠡᠭᠳᠡᠭᠰᠡᠨ ᠪᠥᠭᠡᠳ ᠬᠠᠮᠲᠤ᠎ᠪᠠᠷ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      5. ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠳᠤᠮᠳᠠᠳᠤ ᠤᠯᠤᠰ᠎ᠤᠨ ᠲᠥᠷᠥ᠎ᠶᠢᠨ ᠪᠣᠳᠣᠯᠭ᠎ᠠ ᠬᠢᠭᠡᠳ ᠠᠵᠢᠯᠯᠠᠭ᠎ᠠ᠎ᠶᠢᠨ ᠲᠤᠬᠠᠢ 2025 ᠣᠨ᠎ᠤ ᠮᠡᠳᠡᠭᠦᠯᠦᠯᠲᠡ 》᠎ᠶᠢ ᠨᠡᠢᠲᠡᠯᠡᠪᠡ
      ᠮᠠᠨ᠎ᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠬᠦᠷᠢᠶᠡᠨ᠎ᠳᠡᠬᠢ ᠲᠦᠷᠦ᠎ᠶᠢᠨ ᠪᠣᠳᠣᠯᠭ᠎ᠠ᠎ᠶᠢᠨ ᠠᠵᠢᠯᠯᠠᠭ᠎ᠠ ᠪᠠ ᠠᠵᠢᠯ᠎ᠤᠨ ᠪᠠᠢᠳᠠᠯ᠎ᠢ ᠪᠦᠬᠦ ᠲᠠᠯ᠎ᠠ᠎ᠪᠠᠷ ᠲᠤᠰᠬᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠳᠤ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠢᠳᠡᠪᠬᠢᠲᠡᠢ ᠠᠷᠭᠠᠴᠠᠭᠰᠠᠨ ᠦᠷ᠎ᠡ ᠪᠦᠲᠦᠮᠵᠢ᠎ᠶᠢ ᠲᠠᠨᠢᠯᠴᠠᠭᠤᠯᠬᠤ᠎ᠶᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠲᠦᠷᠦ᠎ᠶᠢᠨ ᠪᠣᠳᠣᠯᠭ᠎ᠠ ᠪᠠ ᠠᠵᠢᠯᠯᠠᠭ᠎ᠠ᠎ᠶᠢᠨ 2025 ᠣᠨ᠎ᠤ ᠮᠡᠳᠡᠭᠦᠯᠦᠯᠲᠡ 》 ᠶ᠋ᠢ ᠨᠠᠢᠷᠠᠭᠤᠯᠤᠨ ᠵᠣᠬᠢᠶᠠᠭᠰᠠᠨ ᠪᠥᠭᠡᠳ 2025 ᠣᠨ᠎ᠤ 10 ᠰᠠᠷ᠎ᠠ᠎ᠶᠢᠨ 29᠎ᠦ ᠡᠳᠦᠷ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠵᠢᠩᠬᠢᠨᠢ᠎ᠪᠡᠷ ᠨᠡᠢᠲᠡᠯᠡᠪᠡ᠃
      6. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ 9 ᠳ᠋ᠦ᠍ᠭᠡᠷ ᠰᠠᠷ᠎ᠠ ᠪᠣᠯᠣᠨ 1 – 9 ᠰᠠᠷ᠎ᠠ᠎ᠶᠢᠨ ᠪᠦᠬᠦ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ
      ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ 9 ᠳ᠋ᠦ᠍ᠭᠡᠷ ᠰᠠᠷ᠎ᠠ ᠪᠠ 1—9 ᠰᠠᠷ᠎ᠠ᠎ᠶᠢᠨ ᠪᠥᠬᠥ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠵᠠᠭᠤᠴᠢᠯᠠᠭᠤᠷ᠎ᠤᠨ ᠬᠢᠨ᠎ᠳᠦ ᠨᠡᠢᠲᠡᠯᠡᠪᠡ ᠃
      7. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠭᠤᠷᠪᠠᠳᠤᠭᠠᠷ ᠤᠯᠠᠷᠢᠯ ᠪᠠ 1 – 9 ᠰᠠᠷ᠎ᠠ᠎ᠶᠢᠨ ᠪᠦᠬᠦ ᠤᠯᠤᠰ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ
      ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠭᠤᠷᠪᠠᠳᠤᠭᠠᠷ ᠤᠯᠠᠷᠢᠯ ( 7 9 ᠰᠠᠷ᠎ᠠ ) ᠪᠣᠯᠣᠨ 1︱9 ᠰᠠᠷ᠎ᠠ᠎ᠶᠢᠨ ᠪᠥᠬᠥ ᠤᠯᠤᠰ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ᠃
      8. ᠠᠮᠢ ᠠᠬᠤᠢ ᠣᠷᠴᠢᠨ ᠲᠣᠭᠣᠷᠢᠨ᠎ᠤ ᠶᠠᠮᠤᠨ 11 ᠳ᠋ᠦ᠍ᠭᠡᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
      2025 ᠣᠨ᠎ᠤ 10 ᠰᠠᠷ᠎ᠠ᠎ᠶᠢᠨ 31᠎ᠦ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ ᠲᠥᠪ᠎ᠦᠨ ᠴᠠᠭ ᠠᠭᠤᠷ᠎ᠤᠨ ᠬᠣᠷᠢᠶ᠎ᠠ ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠰᠢᠢᠳᠪᠦᠷᠢᠯᠡᠬᠦ ᠬᠠᠮᠲᠤᠷᠠᠭᠰᠠᠨ ᠲᠥᠪ ᠂ ᠵᠡᠭᠦᠨ ᠬᠣᠢᠲᠤ ᠣᠷᠣᠨ ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠲᠥᠪ ᠪᠠ ᠪᠡᠭᠡᠵᠢᠩ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠣᠯᠪᠤᠭᠠᠯᠠᠨ᠂ 11 ᠳ᠋ᠦ᠍ᠭᠡᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ ( 11 ᠰᠠᠷ᠎ᠠ᠎ᠶᠢᠨ 1᠎ᠦ ᠡᠳᠦᠷ᠎ᠡᠴᠡ 15᠎ᠤ ᠡᠳᠦᠷ ) ᠵᠢᠨ ᠪᠥᠬᠥ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号