1. ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠷᠯᠢᠭ᠋᠎ᠲᠤ ᠭᠠᠷᠤᠨ ᠦᠰᠦᠭ ᠵᠢᠷᠤᠵᠤ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠳᠦᠷᠢᠮ 》᠎ᠢ ᠨᠡᠢᠲᠡᠯᠡᠪᠡ
ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠷᠯᠢᠭ᠋᠎ᠲᠤ ᠭᠠᠷᠤᠨ ᠥᠰᠥᠭ ᠵᠢᠷᠤᠵᠤ᠂ 《 ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠳᠦᠷᠢᠮ 》᠎ᠢ ᠨᠡᠢᠲᠡᠯᠡᠵᠦ᠂ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
11 ᠰᠠᠷ᠎ᠠ᠎ᠶᠢᠨ 3᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《 ᠡᠮᠴᠢᠯᠡᠭᠡᠨ᠎ᠦ ᠪᠠᠢᠭᠤᠯᠤᠮᠵᠢ᠎ᠶᠢᠨ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》᠎ᠳᠤ ᠵᠠᠰᠠᠪᠤᠷᠢ ᠣᠷᠣᠭᠤᠯᠬᠤ ᠬᠠᠭᠤᠳᠠᠰᠤ᠂ 《 ᠼᠧᠮᠧᠨ᠋ᠲ᠎ᠶᠢᠨ ᠠᠵᠤ ᠦᠢᠯᠡᠳᠪᠦᠷᠢ᠎ᠶᠢᠨ ᠠᠭᠠᠷ ᠮᠠᠨᠳᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》᠎ᠳᠤ ᠵᠠᠰᠠᠪᠤᠷᠢ ᠣᠷᠣᠭᠤᠯᠬᠤ ᠬᠠᠭᠤᠳᠠᠰᠤ᠂ 《 ᠬᠣᠲᠠ᠎ᠶᠢᠨ ᠲᠡᠮᠦᠷ ᠵᠠᠮᠲᠤ ᠵᠠᠮ ᠬᠠᠷᠢᠯᠴᠠᠭᠠᠨ᠎ᠤ ᠲᠠᠭᠤ ᠱᠤᠤᠭᠢᠶᠠᠨ ᠭᠠᠷᠭᠠᠬᠤ ᠪᠠᠷᠢᠮᠵᠢᠶ᠎ᠠ 》 《 ᠳᠤᠮᠳᠠᠳᠤ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠮᠡᠳᠡᠭᠦᠯᠦᠯᠲᠡ ( 2025 ) 》᠂ 《 2024 ᠂ 2025 ᠣᠨ᠎ᠤ ᠪᠥᠬᠥ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭᠠᠨ ᠬᠠᠢᠯᠤᠭᠤᠯᠬᠤ ᠠᠵᠢᠯ ᠲᠥᠷᠥᠯ᠎ᠦᠨ ᠲᠣᠬᠢᠷᠠᠭᠤᠯᠤᠯᠲᠠ᠎ᠶᠢᠨ ᠶᠡᠷᠦᠩᠬᠡᠢ ᠬᠡᠮᠵᠢᠶ᠎ᠡ ᠪᠠ ᠬᠤᠪᠢᠶᠠᠷᠢᠯᠠᠯᠲᠠ᠎ᠶᠢᠨ ᠲᠥᠰᠥᠯ》 ᠂ ᠵᠧᠵᠢᠶᠠᠩ᠎ᠤᠨ ᠰᠠᠨ ᠤᠣ ᠴᠥᠮ᠎ᠡ᠎ᠶᠢᠨ ᠴᠠᠬᠢᠯᠭᠠᠨ᠎ᠤ ᠦᠢᠯᠡᠳᠪᠦᠷᠢ᠎ᠶᠢᠨ 3 ᠂ 4 ᠳ᠋ᠦ᠍ᠭᠡᠷ ᠮᠠᠰᠢᠨ ᠴᠣᠭᠴᠠᠯᠠᠪᠤᠷᠢ ᠪᠠ ᠱᠠᠨᠳᠦ᠋ᠩ᠎ᠦᠨ ᠵᠣᠣ ᠶᠤᠸᠠᠨ ᠴᠥᠮ᠎ᠡ᠎ᠶᠢᠨ ᠴᠠᠬᠢᠯᠭᠠᠨ᠎ᠤ ᠦᠢᠯᠡᠳᠪᠦᠷᠢ᠎ᠶᠢᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ ( ᠪᠠᠶ᠋ᠢᠭᠤᠯᠬᠤ ᠱᠠᠲᠤ ) ᠪᠠ ᠪᠠᠶ᠋ᠢᠭᠤᠯᠬᠤ ᠵᠥᠪᠰᠢᠶᠡᠷᠡᠯ᠎ᠦᠨ ᠦᠨᠡᠮᠯᠡᠯ᠎ᠦᠨ ᠭᠤᠶᠤᠴᠢᠯᠠᠯ᠎ᠢ ᠬᠢᠨᠠᠨ ᠦᠨᠡᠯᠡᠵᠦ ᠬᠢᠨᠠᠯᠲᠠ ᠲᠠᠯᠪᠢᠭ᠍ᠰᠠᠨ ᠪᠠᠢᠳᠠᠯ᠎ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ᠎ᠪᠡᠨ ᠪᠠᠲᠤᠯᠠᠪᠠ᠃
3. ᠶᠢᠰᠦᠳᠦᠭᠡᠷ ᠬᠤᠭᠤᠴᠠᠭᠠᠨ᠎ᠤ ᠠᠭᠤᠷ ᠠᠮᠢᠰᠬᠤᠯ᠎ᠤᠨ ᠠᠵᠢᠯᠯᠠᠭ᠎ᠠ᠎ᠶᠢᠨ ᠰᠠᠢᠳ᠎ᠤᠨ ᠲᠡᠰ᠎ᠦᠨ ᠬᠤᠷᠠᠯᠳᠤᠭᠠᠨ ᠬᠤᠷᠠᠯᠳᠤᠪᠠ
ᠲᠤᠬᠠᠢ᠎ᠶᠢᠨ ᠭᠠᠵᠠᠷ᠎ᠤᠨ ᠴᠠᠭ᠎ᠢᠶᠠᠷ 2025 ᠣᠨ᠎ᠤ 10 ᠰᠠᠷ᠎ᠠ᠎ᠶᠢᠨ 31᠎ᠦ ᠡᠳᠦᠷ᠎ᠡᠴᠡ 11 ᠰᠠᠷ᠎ᠠ᠎ᠶᠢᠨ 1᠎ᠦ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ᠎ᠤ ᠠᠭᠤᠷ ᠠᠮᠢᠰᠬᠤᠯ᠎ᠤᠨ ᠠᠵᠢᠯᠯᠠᠭᠠᠨ᠎ᠤ ᠰᠠᠢᠳ᠎ᠤᠨ ᠲᠠᠰ᠎ᠤᠨ ᠬᠤᠷᠠᠯᠳᠤᠭᠠᠨ ( MoCA ) ᠺᠠᠨᠠᠳᠠ᠎ᠶᠢᠨ ᠲᠣᠷᠣᠨᠲ᠋ᠣ᠋ᠳᠦ ᠬᠤᠷᠠᠯᠳᠤᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠳᠤᠮᠳᠠᠳᠤ᠎ᠶᠢᠨ ᠲᠠᠯ᠎ᠠ᠎ᠶᠢᠨ ᠬᠠᠮᠲᠤᠷᠠᠭᠰᠠᠨ ᠲᠡᠷᠢᠭᠦᠯᠡᠭᠴᠢ᠎ᠶᠢᠨ ᠬᠤᠪᠢ᠎ᠪᠠᠷ ᠬᠤᠷᠠᠯ᠎ᠳᠤ ᠸᠢᠳᠢᠤ᠋᠎ᠪᠠᠷ ᠪᠠᠶᠠᠷ᠎ᠤᠨ ᠦᠭᠡ ᠬᠡᠯᠡᠪᠡ᠃
4. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯᠴᠢᠨ᠎ᠤ ᠡᠪᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠴᠢᠨ᠎ᠤ ᠡᠪᠯᠡᠯ᠎ᠦᠨ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠪᠦᠬᠦᠳᠡ ᠬᠤᠷᠠᠯ ᠬᠤᠷᠠᠯᠳᠤᠪᠠ
2025 ᠣᠨ᠎ᠤ 11 ᠰᠠᠷ᠎ᠠ᠎ᠶᠢᠨ 3᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯᠴᠢᠨ᠎ᠤ ᠡᠪᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠴᠢᠨ᠎ᠤ ᠡᠪᠯᠡᠯ᠎ᠦᠨ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠪᠦᠬᠦᠳᠡ ᠬᠤᠷᠠᠯ ᠪᠡᠭᠡᠵᠢᠩ᠎ᠳᠦ ᠬᠤᠷᠠᠯᠳᠤᠵᠤ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠢᠦᠢ ᠬᠤᠢ ᠸᠧᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠠᠵᠢᠯ᠎ᠤᠨ ᠬᠣᠷᠢᠶ᠎ᠠ᠎ᠶᠢᠨ ᠤᠯᠠᠨ ᠲᠦᠮᠡᠨ᠎ᠦ ᠠᠵᠢᠯ᠎ᠤᠨ ᠬᠡᠯᠲᠡᠰ ( ᠨᠢᠭᠡᠳᠦᠮᠡᠯ ᠹᠷᠣᠨᠲ᠎ᠤᠨ ᠬᠡᠯᠲᠡᠰ )᠎ᠤᠨ ᠳᠠᠷᠤᠭ᠎ᠠ ᠾᠧᠦ ᠶᠦᠩ ᠹᠧᠩ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃