ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠮᠧᠲ᠋ᠠᠨ ᠪᠣᠯᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠪᠤᠰᠤᠳ ᠬᠦᠯᠡᠮᠵᠢ᠎ᠶᠢᠨ ᠬᠡᠢ ᠪᠡᠶᠡᠲᠦ᠎ᠶᠢᠨ ᠲᠦᠷᠦᠭᠦᠴᠦᠳ᠎ᠦᠨ ᠬᠤᠷᠠᠯ᠎ᠳᠤ ᠣᠷᠣᠯᠴᠠᠭᠰᠠᠨ ᠪᠥᠭᠡᠳ ᠭᠠᠳᠠᠭᠠᠳᠤ᠎ᠶᠢᠨ ᠲᠠᠯ᠎ᠠ᠎ᠶᠢᠨ ᠳᠡᠭᠡᠳᠦ ᠲᠡᠰ᠎ᠦᠨ ᠲᠥᠯᠥᠭᠡᠯᠡᠭᠴᠢᠳ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-11-20

      ᠲᠤᠬᠠᠢ᠎ᠶᠢᠨ ᠭᠠᠵᠠᠷ᠎ᠤᠨ ᠴᠠᠭ᠎ᠢᠶᠠᠷ 11 ᠳ᠋ᠦ᠍ᠭᠡᠷ ᠰᠠᠷ᠎ᠠ᠎ᠶᠢᠨ 8᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠷᠠᠽᠢᠯ᠎ᠤᠨ ᠪᠸᠢᠢᠯᠦᠢᠨ᠎ᠳᠤ 《 ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠦᠳᠦᠭᠦᠪᠴᠢ ᠨᠡᠶ᠋ᠢᠲᠡ᠎ᠶᠢᠨ ᠭᠡᠷ᠎ᠡ 》 ( ᠳᠣᠷᠣᠭ᠍ᠰᠢ 《 ᠨᠡᠶ᠋ᠢᠲᠡ᠎ᠶᠢᠨ ᠭᠡᠷ᠎ᠡ 》 ᠭᠡᠵᠦ ᠳᠥᠭᠥᠮᠴᠢᠯᠡᠨ᠎ᠡ ) ᠵᠢᠨ ᠭᠤᠴᠢᠳᠤᠭᠠᠷ ᠤᠳᠠᠭ᠎ᠠ᠎ᠶᠢᠨ ᠭᠡᠷᠡᠲᠦ ᠲᠠᠯ᠎ᠠ᠎ᠶᠢᠨ ᠶᠡᠬᠡ ᠬᠤᠷᠠᠯ ( COP30 )᠎ᠳᠤ ᠣᠷᠤᠯᠴᠠᠬᠤ ᠬᠤᠭᠤᠴᠠᠭᠠᠨ᠎ᠳᠤ᠂ ᠮᠧᠲ᠋ᠠᠨ ᠪᠣᠯᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠪᠤᠰᠤᠳ ᠬᠦᠯᠡᠮᠵᠢ᠎ᠶᠢᠨ ᠬᠡᠢ ᠪᠡᠶᠡᠲᠦ᠎ᠶᠢᠨ ᠲᠦᠷᠦᠭᠦᠴᠦᠳ᠎ᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠬᠤᠸᠠᠩ ᠷᠦᠨ ᠴᠢᠦ᠂ ᠳᠤᠮᠳᠠᠳᠤ ᠤᠯᠤᠰ ᠪᠣᠯ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢᠨ ᠠᠬᠢᠴᠠ᠎ᠳᠤ ᠢᠳᠡᠪᠬᠢᠲᠡᠢ ᠣᠷᠣᠯᠴᠠᠬᠤ ᠪᠠ ᠬᠥᠲᠥᠯᠥᠨ ᠳᠠᠭᠠᠭᠤᠯᠵᠤ᠂ ᠳᠡᠯᠡᠬᠡᠢ᠎ᠶᠢᠨ ᠪᠣᠬᠢᠷᠲᠤᠯ ᠦᠭᠡᠢ ᠬᠥᠭᠵᠢᠯᠲᠡ᠎ᠶᠢᠨ ᠡᠷᠡᠰ ᠪᠠᠲᠤ ᠠᠵᠢᠯᠯᠠᠭ᠍ᠴᠢ᠂ ᠴᠢᠬᠤᠯᠠ ᠬᠤᠪᠢ ᠨᠡᠮᠡᠷᠢ ᠦᠵᠡᠭᠦᠯᠦᠭᠴᠢ ᠪᠣᠯᠣᠨ᠎ᠠ᠃ ᠡᠨᠡ ᠵᠢᠯ᠎ᠦᠨ 9 ᠳ᠋ᠦ᠍ᠭᠡᠷ ᠰᠠᠷ᠎ᠠ᠎ᠳᠤ᠂ ᠰᠢ᠎ᠶᠢᠨ ᠫᠢᠩ ᠲᠡᠷᠢᠭᠦᠯᠡᠭᠴᠢ ᠳᠤᠮᠳᠠᠳᠤ ᠤᠯᠤᠰ 2035 ᠣᠨ᠎ᠳᠤ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠵᠦ᠂ ᠬᠦᠯᠡᠮᠵᠢ᠎ᠶᠢᠨ ᠪᠤᠢ ᠪᠦᠬᠦᠢ ᠬᠡᠢ ᠪᠡᠶᠡᠲᠦ᠎ᠶᠢ ᠪᠠᠭᠲᠠᠭᠠᠭᠰᠠᠨ ᠪᠦᠬᠦ ᠠᠵᠤ ᠠᠬᠤᠢ᠎ᠶᠢᠨ ᠬᠦᠷᠢᠶ᠎ᠡ᠎ᠶᠢ ᠬᠠᠮᠤᠷᠴᠤ᠂ ᠠᠩᠬ᠎ᠠ ᠤᠳᠠᠭ᠎ᠠ ᠮᠧᠲ᠋ᠠᠨ᠂ ᠠᠽᠣᠲ᠎ᠤᠨ ᠳᠤᠲᠠᠭᠤ ᠢᠰᠦᠯ᠂ ᠹᠯᠣᠷ ᠠᠭᠤᠯᠤᠭᠰᠠᠨ ᠬᠡᠢ ᠪᠡᠶᠡᠲᠦ᠎ᠶᠢ ᠶᠡᠷᠦᠩᠬᠡᠢ ᠬᠡᠮᠵᠢᠶ᠎ᠡ᠎ᠶᠢ ᠡᠵᠡᠮᠳᠡᠬᠦ ᠬᠡᠪᠴᠢᠶᠡᠨ᠎ᠳᠦ ᠣᠷᠣᠭᠤᠯᠬᠤ᠎ᠶᠢ ᠲᠥᠪ ᠴᠢᠩᠭ᠎ᠠ᠎ᠪᠠᠷ ᠲᠤᠩᠬᠠᠭᠯᠠᠵᠤ᠂ ᠳᠤᠮᠳᠠᠳᠤ ᠤᠯᠤᠰ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠬᠦᠯᠡᠮᠵᠢ᠎ᠶᠢᠨ ᠬᠡᠢ ᠪᠡᠶᠡᠲᠦ᠎ᠶᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠬᠤ ᠲᠤᠬᠠᠢ ᠡᠷᠡᠰ ᠪᠠᠲᠤ ᠵᠣᠷᠢᠭ᠋ ᠪᠠ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ᠎ᠶᠢ ᠬᠠᠷᠠᠭᠤᠯᠵᠠᠢ᠃
      ᠬᠤᠸᠠᠩ ᠷᠦᠨ ᠴᠢᠦ᠂ ᠳᠤᠮᠳᠠᠳᠤ ᠤᠯᠤᠰ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠬᠦᠯᠡᠮᠵᠢ᠎ᠶᠢᠨ ᠬᠡᠢ ᠪᠡᠶᠡᠲᠦ᠎ᠶᠢ ᠬᠠᠮᠢᠶᠠᠷᠤᠨ ᠡᠵᠡᠮᠳᠡᠬᠦ᠎ᠶᠢ ᠢᠳᠡᠪᠬᠢᠲᠡᠢ ᠠᠬᠢᠭᠤᠯᠵᠤ᠂ 《 ᠮᠧᠲ᠋ᠠᠨ᠎ᠤ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭ᠎ᠠ᠎ᠶᠢᠨ ᠲᠥᠰᠥᠯ 》᠎ᠢ ᠳᠠᠷᠤᠮᠠᠯᠯᠠᠨ ᠲᠠᠷᠬᠠᠭᠠᠵᠤ᠂ ᠡᠨᠧᠷᠭᠢ᠂ ᠬᠥᠳᠡᠭᠡ ᠠᠵᠤ ᠠᠬᠤᠢ᠂ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ ᠵᠡᠷᠭᠡ ᠬᠦᠷᠢᠶᠡᠨ᠎ᠦ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠲᠠᠯ᠎ᠠ᠎ᠪᠠᠷ ᠢᠳᠡᠪᠬᠢᠲᠡᠢ ᠠᠬᠢᠴᠠ᠎ᠲᠠᠢ ᠪᠣᠯᠬᠤ᠎ᠶᠢ ᠠᠬᠢᠭᠤᠯᠵᠠᠢ; 《 ᠠᠵᠤ ᠦᠢᠯᠡᠳᠪᠦᠷᠢ᠎ᠶᠢᠨ ᠬᠦᠷᠢᠶᠡᠨ᠎ᠳᠡᠬᠢ ᠠᠽᠣᠲ᠎ᠤᠨ ᠳᠤᠲᠠᠭᠤ ᠢᠰᠦᠯ᠎ᠦᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭ᠎ᠠ᠎ᠶᠢᠨ ᠲᠥᠰᠥᠯ 》᠎ᠢ ᠨᠡᠢᠲᠡᠯᠡᠵᠦ᠂ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠬᠠᠮᠢᠶᠠᠷᠤᠨ ᠡᠵᠡᠮᠳᠡᠬᠦ ᠬᠠᠷᠠᠯᠲᠠ᠎ᠪᠠᠨ ᠲᠣᠳᠣᠷᠬᠠᠢᠯᠠᠪᠠ ; ᠹᠯᠣᠷᠲᠤ ᠬᠡᠢ ᠪᠡᠶᠡᠲᠦ᠎ᠶᠢ ᠭᠠᠳᠠᠭᠰᠢᠯᠠᠭᠤᠯᠬᠤ ᠡᠯᠧᠮᠧᠨ᠋ᠲ᠎ᠢ ᠣᠷᠣᠨ ᠨᠤᠲᠤᠭᠴᠢᠯᠠᠬᠤ ᠰᠤᠳᠤᠯᠭᠠᠨ᠎ᠢ ᠥᠷᠨᠢᠭᠦᠯᠵᠦ᠂ ᠡᠭᠡᠭᠦᠯᠦᠨ ᠬᠤᠷᠢᠶᠠᠵᠤ ᠳᠠᠬᠢᠨ ᠠᠰᠢᠭ᠍ᠯᠠᠬᠤ ᠬᠠᠮᠢᠶᠠᠷᠤᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠲᠦᠯᠬᠢᠨ ᠠᠬᠢᠭᠤᠯᠪᠠ᠃ ᠡᠭᠦᠨ᠎ᠦ ᠬᠠᠮᠲᠤ ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠶᠢ ᠰᠠᠢᠨ ᠳᠤᠷ᠎ᠠ᠎ᠠᠴᠠ᠎ᠪᠠᠨ ᠪᠠᠭᠠᠰᠬᠠᠬᠤ ᠲᠥᠷᠥᠯ ᠵᠦᠢᠯ᠎ᠦᠨ ᠠᠷᠭ᠎ᠠ ᠵᠦᠢ᠎ᠶᠢᠨ ᠨᠡᠭᠡᠭᠡᠨ ᠬᠥᠭᠵᠢᠭᠦᠯᠬᠦ ᠡᠷᠴᠢᠮ᠎ᠢ ᠴᠢᠩᠭᠠᠷᠠᠭᠤᠯᠵᠤ ᠂ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠶᠢ ᠰᠠᠢᠨ ᠳᠤᠷ᠎ᠠ᠎ᠠᠴᠠ᠎ᠪᠠᠨ ᠪᠠᠭᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠢᠶᠡᠷ ᠳᠠᠮᠵᠢᠭᠤᠯᠤᠨ ᠠᠵᠤ ᠠᠬᠤᠢᠯᠠᠯ᠎ᠤᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠢᠳᠡᠪᠬᠢᠵᠢᠯ᠎ᠢ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠬᠦᠯᠡᠮᠵᠢ᠎ᠶᠢᠨ ᠬᠡᠢ ᠪᠡᠶᠡᠲᠦ᠎ᠶᠢ ᠬᠠᠮᠢᠶᠠᠷᠤᠨ ᠡᠵᠡᠮᠳᠡᠬᠦ ᠠᠵᠢᠯ ᠢᠯᠡᠳᠲᠡ ᠦᠷ᠎ᠡ ᠪᠦᠳᠦᠮᠵᠢ ᠣᠯᠵᠠᠢ ᠭᠡᠵᠦ ᠵᠢᠭᠠᠵᠤ ᠭᠠᠷᠭᠠᠪᠠ᠃
      ᠬᠤᠸᠠᠩ ᠷᠦᠨ ᠴᠢᠦ ᠢᠯᠡᠷᠬᠡᠢᠯᠡᠬᠦ᠎ᠳᠡᠭᠡᠨ᠂ ᠠᠭᠤᠷ ᠠᠮᠢᠰᠬᠤᠯ᠎ᠤᠨ ᠬᠤᠪᠢᠷᠠᠯᠲᠠ ᠪᠣᠯ ᠪᠥᠬᠥ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ ᠮᠥᠨ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ᠎ᠳᠤ ᠪᠥᠬᠥ ᠳᠡᠯᠡᠬᠡᠢ᠎ᠪᠡᠷ᠎ᠢᠶᠡᠨ ᠭᠠᠷ ᠬᠣᠯᠪᠣᠨ ᠴᠢᠷᠮᠠᠢᠬᠤ ᠬᠡᠷᠡᠭᠲᠡᠢ᠃ ᠳᠤᠮᠳᠠᠳᠤ᠎ᠶᠢᠨ ᠲᠠᠯ᠎ᠠ᠎ᠶᠢᠨ ᠬᠢᠨ ᠬᠦᠴᠦᠲᠡᠢ ᠠᠷᠭ᠎ᠠ ᠬᠡᠮᠵᠢᠶ᠎ᠡ ᠠᠪᠴᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ᠎ᠶᠢᠨ ᠤᠷᠬᠢᠯ᠎ᠳᠤ ᠬᠦᠷᠬᠦ᠎ᠶᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠪᠠ ᠪᠡᠶᠡᠯᠡᠭᠦᠯᠵᠦ᠂ ᠰᠢᠨ᠎ᠡ ᠨᠢᠭᠡ ᠡᠭᠡᠯᠵᠢ᠎ᠶᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠶᠢ ᠨᠠᠢᠳᠠᠪᠤᠷᠢᠵᠢᠭᠤᠯᠤᠨ᠎ᠠ᠃ ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ ᠣᠯᠣᠯᠴᠠᠭ᠎ᠠ ᠰᠣᠯᠢᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠲᠤᠷᠰᠢᠯᠭ᠎ᠠ᠎ᠪᠠᠨ ᠬᠤᠪᠢᠶᠠᠯᠴᠠᠵᠤ᠂ ᠨᠡᠩ ᠤᠯᠠᠨ ᠤᠯᠤᠰ᠎ᠤᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠪᠤᠰᠤ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠠᠵᠢᠯᠯᠠᠭ᠎ᠠ ᠠᠪᠬᠤ᠎ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢ ᠬᠤᠪᠢᠷᠠᠭᠤᠯᠬᠤ ᠬᠠᠷᠠᠯᠲᠠ᠎ᠶᠢ ᠪᠡᠶᠡᠯᠡᠭᠦᠯᠵᠦ᠂ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠥᠷᠢᠰᠦᠯᠳᠦᠭᠡᠨ᠎ᠢ ᠢᠳᠡᠪᠬᠢᠲᠡᠢ ᠠᠷᠭᠠᠴᠠᠨ᠎ᠠ ᠭᠡᠵᠡᠢ᠃
      ᠲᠤᠰ ᠡᠳᠦᠷ᠂ ᠬᠤᠸᠠᠩ ᠷᠦᠨ ᠴᠢᠦ ᠪᠸᠢᠢᠯᠦᠢᠨ ᠳ᠋ᠤ᠌ ᠬᠤᠷᠠᠯ᠎ᠳᠤ ᠣᠷᠣᠯᠴᠠᠭᠰᠠᠨ ᠺᠦᠪᠡ᠎ᠶᠢᠨ ᠳᠡᠳ᠋ ᠶᠡᠷᠦᠩᠬᠡᠢ ᠰᠠᠢᠳ ᠮᠠᠳᠢᠩᠨ᠋ᠸᠢᠢᠰ᠂ ᠠᠩᠭ᠌ᠯᠢ᠎ᠶᠢᠨ ᠡᠨᠧᠷᠭᠢ᠎ᠶᠢᠨ ᠠᠮᠤᠷ ᠲᠦᠪᠰᠢᠨ ᠪᠣᠯᠣᠨ ᠪᠣᠬᠢᠷᠲᠤᠯ ᠦᠭᠡᠢ ᠪᠣᠳᠠᠰ᠎ᠢ ᠭᠠᠳᠠᠭᠰᠢᠯᠠᠭᠤᠯᠬᠤ ᠶᠠᠮᠤᠨ᠎ᠤ ᠰᠠᠢᠳ ᠮᠢᠯᠢᠪᠠᠨᠳ᠋᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ᠎ᠦᠨ ᠳᠠᠷᠤᠭ᠎ᠠ᠎ᠶᠢᠨ ᠠᠭᠤᠷ ᠠᠮᠢᠰᠬᠤᠯ᠎ᠤᠨ ᠠᠵᠢᠯᠯᠠᠭ᠎ᠠ ᠪᠣᠯᠣᠨ ᠲᠥᠪ ᠭᠣᠣᠯᠴᠢ᠎ᠪᠠᠷ ᠬᠡᠯᠪᠡᠷᠢ᠎ᠶᠢ ᠬᠤᠪᠢᠷᠠᠭᠤᠯᠬᠤ ᠲᠤᠰᠬᠠᠢ ᠵᠥᠪᠯᠡᠭᠴᠢ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠲᠤᠰᠠᠯᠠᠬᠤ ᠨᠠᠷᠢᠨ ᠪᠢᠴᠢᠭ᠎ᠦᠨ ᠳᠠᠷᠤᠭ᠎ᠠ ᠰᠠᠯᠸᠡᠨ·ᠬᠠᠲᠸ᠋ ᠲᠠᠢ ᠲᠤᠰ ᠲᠤᠰ ᠠᠭᠤᠯᠵᠠᠵᠠᠢ᠃
      ᠮᠠᠳᠢᠩᠨ᠋ᠸᠢᠢᠰ᠎ᠲᠠᠢ ᠠᠭᠤᠯᠵᠠᠬᠤ ᠦᠶ᠎ᠡ᠎ᠳᠦ᠂ ᠬᠤᠸᠠᠩ ᠷᠦᠨ ᠴᠢᠦ ᠢᠯᠡᠷᠬᠡᠢᠯᠡᠭᠰᠡᠨ ᠨᠢ᠂ ᠳᠡᠳ᠋ ᠶᠡᠷᠦᠩᠬᠡᠢ ᠰᠠᠢᠳ ᠳ᠋ᠢᠩ ᠰᠢᠤᠸᠠᠢ ᠰᠢᠶᠠᠩ ᠰᠢ᠎ᠶᠢᠨ ᠫᠢᠩ ᠲᠡᠷᠢᠭᠦᠯᠡᠭᠴᠢ᠎ᠶᠢᠨ ᠣᠨᠴᠠᠭᠠᠢ ᠲᠥᠯᠥᠭᠡᠯᠡᠭᠴᠢ᠎ᠶᠢᠨ ᠬᠤᠪᠢ᠎ᠪᠠᠷ ᠪᠸᠢᠢᠯᠦᠢᠨ᠎ᠤ ᠠᠭᠤᠷ ᠠᠮᠢᠰᠬᠤᠯ᠎ᠤᠨ ᠲᠦᠷᠦᠭᠦᠴᠦᠳ᠎ᠦᠨ ᠬᠤᠷᠠᠯ᠎ᠳᠤ ᠣᠷᠣᠯᠴᠠᠵᠤ᠂ ᠵᠥᠪ ᠴᠢᠭᠯᠡᠯ᠎ᠢ ᠡᠵᠡᠮᠳᠡᠬᠦ᠂ ᠠᠭᠤᠷ ᠠᠮᠢᠰᠬᠤᠯ᠎ᠤᠨ ᠠᠵᠢᠯᠯᠠᠭ᠎ᠠ᠎ᠶᠢ ᠨᠠᠢᠳᠠᠪᠤᠷᠢᠵᠢᠭᠤᠯᠬᠤ᠂ ᠨᠡᠭᠡᠭᠡᠯᠲᠡ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠭᠤᠷᠪᠠᠨ ᠰᠠᠨᠠᠭᠤᠯᠭ᠎ᠠ ᠳᠤᠷᠠᠳᠴᠤ᠂ ᠳᠡᠯᠡᠬᠡᠢ ᠨᠡᠢᠭᠡᠮ᠎ᠦᠨ ᠡᠯ᠎ᠡ ᠲᠠᠯ᠎ᠠ᠎ᠶᠢᠨ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠦ᠂ ᠳᠤᠮᠳᠠᠳᠤ ᠤᠯᠤᠰ᠎ᠤᠨ ᠳᠠᠷᠠᠭᠠᠴᠢ᠎ᠶᠢᠨ ᠠᠷᠪᠠᠨ ᠵᠢᠯ᠎ᠳᠦ ᠡᠯ᠎ᠡ ᠲᠠᠯ᠎ᠠ᠎ᠶᠢᠨ ᠬᠢᠨ᠎ᠲᠠᠢ ᠭᠠᠷ ᠬᠣᠯᠪᠣᠨ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢ ᠠᠬᠢᠭᠤᠯᠬᠤ ᠡᠷᠡᠰ ᠵᠣᠷᠢᠭ᠋᠎ᠢ ᠢᠯᠡᠳᠬᠡᠵᠡᠢ᠃ ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠺᠦᠪᠡ᠎ᠶᠢᠨ ᠲᠠᠯ᠎ᠠ᠎ᠶᠢᠨ ᠬᠢᠨ᠎ᠲᠠᠢ ᠬᠠᠮᠲᠤ᠎ᠪᠠᠷ ᠬᠣᠶᠠᠷ ᠤᠯᠤᠰ᠎ᠤᠨ ᠤᠳᠤᠷᠢᠳᠬᠤ ᠬᠥᠮᠥᠰ᠎ᠦᠨ ᠲᠣᠬᠢᠷᠠᠯᠴᠠᠭᠰᠠᠨ ᠬᠠᠮᠲᠤ᠎ᠶᠢᠨ ᠲᠠᠨᠢᠯᠲᠠ᠎ᠶᠢ ᠰᠠᠢᠲᠤᠷ ᠨᠠᠢᠳᠠᠪᠤᠷᠢᠵᠢᠭᠤᠯᠵᠤ᠂ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠥᠭᠵᠢᠵᠦ ᠪᠠᠢᠭ᠎ᠠ ᠤᠯᠤᠰ᠎ᠤᠳ᠎ᠤᠨ ᠪᠦᠯᠬᠦᠮᠳᠡᠯ ᠪᠣᠯᠣᠨ ᠬᠠᠮᠲᠤ᠎ᠶᠢᠨ ᠠᠰᠢᠭ᠋ ᠲᠤᠰᠠ᠎ᠶᠢ ᠰᠠᠢᠲᠤᠷ ᠬᠠᠮᠠᠭᠠᠯᠠᠨ᠎ᠠ ᠭᠡᠪᠡ᠃ ᠮᠠᠳᠢᠩᠨ᠋ᠸᠢᠢᠰ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠬᠦᠷᠢᠶᠡᠨ᠎ᠳᠦ ᠣᠯᠣᠭᠰᠠᠨ ᠠᠮᠵᠢᠯᠲᠠ᠎ᠶᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠨᠠᠭᠰᠢᠳᠠ ᠴᠢᠩᠭᠠᠳᠬᠠᠵᠤ᠂ COP30 ᠵᠢᠨ ᠠᠮᠵᠢᠯᠲᠠ ᠣᠯᠬᠤ᠎ᠶᠢ ᠬᠠᠮᠲᠤ᠎ᠪᠠᠷ ᠲᠡᠮᠵᠢᠵᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
      ᠮᠢᠯᠢᠪᠠᠨᠳ᠋᠎ᠲᠠᠢ ᠠᠭᠤᠯᠵᠠᠬᠤ ᠦᠶ᠎ᠡ᠎ᠳᠦ᠂ ᠬᠤᠸᠠᠩ ᠷᠦᠨ ᠴᠢᠦ ᠳᠤᠮᠳᠠᠳᠤ ᠤᠯᠤᠰ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢᠨ ᠬᠤᠪᠢᠷᠠᠭᠤᠯᠤᠯᠲᠠ᠎ᠶᠢ ᠠᠬᠢᠭᠤᠯᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠡᠷᠭᠡ ᠲᠠᠯ᠎ᠠ᠎ᠪᠠᠷ ᠣᠯᠣᠭᠰᠠᠨ ᠢᠳᠡᠪᠬᠢᠲᠡᠢ ᠠᠬᠢᠴᠠ ᠪᠣᠯᠣᠨ ᠦᠷ᠎ᠡ ᠪᠦᠲᠦᠮᠵᠢ᠎ᠶᠢ ᠲᠠᠨᠢᠯᠴᠠᠭᠤᠯᠵᠤ ᠂ ᠳᠤᠷᠠᠲᠠᠶ᠎ᠠ ᠠᠩᠭ᠌ᠯᠢ᠎ᠶᠢᠨ ᠲᠠᠯ᠎ᠠ᠎ᠶᠢ ᠪᠠᠭᠲᠠᠭᠠᠭᠰᠠᠨ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ 《 ᠨᠡᠶ᠋ᠢᠲᠡ᠎ᠶᠢᠨ ᠭᠡᠷ᠎ᠡ 》 ᠵᠢᠴᠢ 《 ᠫᠠᠷᠢᠰ᠎ᠤᠨ ᠬᠡᠯᠡᠯᠴᠡᠭᠡᠷ 》 ᠲᠦ᠍ ᠲᠣᠭᠲᠠᠭᠠᠭᠰᠠᠨ ᠬᠠᠷᠠᠯᠲᠠ ᠪᠠ ᠵᠠᠷᠴᠢᠮ᠎ᠢ ᠪᠠᠷᠢᠮᠲᠠᠯᠠᠵᠤ᠂ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠪᠷᠠᠽᠢᠯ᠎ᠤᠨ COP3᠎ᠶᠢ ᠠᠮᠵᠢᠯᠲᠠ᠎ᠲᠠᠢ ᠡᠷᠬᠢᠯᠡᠬᠦ᠎ᠶᠢ ᠳᠡᠮᠵᠢᠵᠦ᠂ ᠪᠦᠬᠦ ᠪᠥᠮᠪᠥᠷᠴᠡᠭ᠎ᠦᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢᠨ ᠬᠤᠪᠢᠷᠠᠭᠤᠯᠤᠯᠲᠠ᠎ᠶᠢᠨ ᠪᠤᠴᠠᠰᠢ ᠦᠭᠡᠢ ᠢᠳᠡᠪᠬᠢ ᠳᠣᠬᠢᠶ᠎ᠠ᠎ᠶᠢ ᠬᠠᠮᠲᠤ᠎ᠪᠠᠷ ᠳᠠᠮᠵᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ᠎ᠶᠢᠨ ᠤᠯᠠᠨ ᠲᠠᠯ᠎ᠠ᠎ᠶᠢᠨ ᠠᠬᠢᠴᠠ᠎ᠳᠤ ᠲᠣᠭᠲᠠᠪᠤᠷᠢᠲᠤ ᠴᠢᠨᠠᠷ ᠪᠠ ᠤᠷᠤᠭᠰᠢᠯᠠᠯᠲᠠ᠎ᠶᠢᠨ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠮᠢᠯᠢᠪᠠᠨᠳ᠋ ᠳᠤᠮᠳᠠᠳᠤ ᠤᠯᠤᠰ᠎ᠤᠨ ᠪᠦᠬᠦ ᠪᠥᠮᠪᠥᠷᠴᠡᠭ᠎ᠦᠨ ᠪᠣᠬᠢᠷᠲᠤᠯ ᠦᠭᠡᠢ ᠬᠡᠯᠪᠡᠷᠢ᠎ᠶᠢ ᠬᠤᠪᠢᠷᠠᠭᠤᠯᠬᠤ ᠪᠠ ᠠᠭᠤᠷ ᠠᠮᠢᠰᠬᠤᠯ᠎ᠤᠨ ᠤᠯᠠᠨ ᠲᠠᠯ᠎ᠠ᠎ᠶᠢᠨ ᠠᠬᠢᠴᠠ᠎ᠶᠢ ᠢᠳᠡᠪᠬᠢᠲᠡᠢ ᠠᠬᠢᠭᠤᠯᠤᠭᠰᠠᠨ᠎ᠢ ᠮᠠᠭᠲᠠᠨ ᠰᠠᠢᠰᠢᠶᠠᠵᠤ᠂ ᠳᠤᠮᠳᠠᠳᠤ ᠤᠯᠤᠰ ᠰᠢᠨ᠎ᠡ ᠨᠢᠭᠡ ᠡᠭᠡᠯᠵᠢ᠎ᠶᠢᠨ ᠤᠯᠤᠰ᠎ᠤᠨ ᠪᠡᠶ᠎ᠡ᠎ᠪᠡᠨ ᠳᠠᠭᠠᠭᠠᠭᠰᠠᠨ ᠬᠤᠪᠢ ᠨᠡᠮᠡᠷᠢ ᠦᠵᠡᠭᠦᠯᠬᠦ᠎ᠪᠡᠷ ᠳᠤᠷᠠᠳᠤᠭᠰᠠᠨ ᠨᠢ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠦᠵᠡᠪᠡ᠃ ᠠᠩᠭ᠌ᠯᠢ᠎ᠶᠢᠨ ᠲᠠᠯ᠎ᠠ᠎ᠶᠢᠨ ᠬᠢᠨ ᠳᠤᠷᠠᠲᠠᠶ᠎ᠠ ᠳᠤᠮᠳᠠᠳᠤ᠎ᠶᠢᠨ ᠲᠠᠯ᠎ᠠ᠎ᠶᠢᠨ ᠬᠢᠨ᠎ᠲᠠᠢ ᠣᠯᠣᠯᠴᠠᠭ᠎ᠠ ᠵᠣᠬᠢᠴᠠᠭᠤᠯᠭ᠎ᠠ᠎ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ COP30 ᠵᠢᠨ ᠪᠣᠳᠠᠲᠠᠢ᠎ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ᠎ᠶᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠬᠡᠪᠡ᠃
      ᠰᠠᠯᠸᠡᠨ ᠬᠠᠲᠸ᠋᠎ᠲᠠᠢ ᠠᠭᠤᠯᠵᠠᠬᠤ ᠦᠶ᠎ᠡ᠎ᠳᠦ᠂ ᠬᠤᠸᠠᠩ ᠷᠦᠨ ᠴᠢᠦ᠂ ᠡᠨᠡ ᠵᠢᠯ᠎ᠡᠴᠡ ᠨᠠᠭᠠᠰᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠠᠭᠤᠷ ᠠᠮᠢᠰᠬᠤᠯ᠎ᠤᠨ ᠲᠤᠬᠠᠢ ᠲᠦᠷᠦᠭᠦᠴᠦᠳ᠎ᠦᠨ ᠬᠤᠷᠠᠯ᠎ᠢ ᠬᠣᠶᠠᠷ ᠤᠳᠠᠭ᠎ᠠ ᠬᠤᠷᠠᠯᠳᠤᠭᠤᠯᠵᠤ᠂ ᠪᠦᠬᠦ ᠪᠥᠮᠪᠥᠷᠴᠡᠭ᠎ᠦᠨ ᠬᠠᠮᠲᠤ᠎ᠶᠢᠨ ᠲᠠᠨᠢᠯᠲᠠ ᠪᠣᠯᠣᠨ ᠠᠵᠢᠯᠯᠠᠭ᠎ᠠ᠎ᠶᠢ ᠤᠯᠠᠮ ᠴᠢᠨᠠᠭᠰᠢᠳᠠ ᠨᠢᠭ᠍ᠲᠠᠷᠠᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠢᠨ ᠬᠥᠭᠵᠢᠭᠰᠡᠨ ᠤᠯᠤᠰ᠎ᠤᠨ ᠢᠳᠡᠪᠬᠢᠵᠢᠯ᠎ᠢ ᠴᠢᠨᠠᠭᠰᠢᠳᠠ ᠲᠠᠢ᠍ᠢᠴᠢᠯᠠᠵᠦ᠂ ᠬᠥᠭᠵᠢᠵᠦ ᠪᠠᠢᠭ᠎ᠠ ᠤᠯᠤᠰ᠎ᠤᠳ᠎ᠤᠨ ᠠᠩᠬᠠᠷᠴᠤ ᠪᠠᠢᠭ᠎ᠠ ᠠᠰᠠᠭᠤᠳᠠᠯ᠎ᠳᠤ ᠬᠦᠴᠦᠲᠡᠢ ᠬᠠᠷᠢᠭᠤᠯᠲᠠ ᠥᠭᠴᠦ᠂ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢᠨ ᠬᠠᠮᠲᠤᠷᠠᠯᠴᠠᠭ᠎ᠠ᠎ᠶᠢ ᠠᠬᠢᠭᠤᠯᠵᠤ᠂ 《 ᠨᠡᠶ᠋ᠢᠲᠡ᠎ᠶᠢᠨ ᠭᠡᠷ᠎ᠡ 》 ᠵᠢᠴᠢ 《 ᠫᠠᠷᠢᠰ᠎ᠤᠨ ᠬᠡᠯᠡᠯᠴᠡᠭᠡᠷ 》 ᠲᠦ᠍ ᠲᠣᠭᠲᠠᠭᠠᠭᠰᠠᠨ ᠬᠠᠷᠠᠯᠲᠠ᠂ ᠵᠠᠷᠴᠢᠮ ᠵᠢᠴᠢ ᠳᠦᠷᠢᠮ᠎ᠦᠨ ᠲᠣᠬᠢᠷᠠᠭᠤᠯᠤᠯᠲᠠ᠎ᠶᠢ ᠬᠠᠮᠲᠤ᠎ᠪᠠᠷ ᠨᠠᠢᠳᠠᠪᠤᠷᠢᠵᠢᠭᠤᠯᠬᠤ᠎ᠶᠢ ᠬᠦᠰᠡᠵᠦ ᠪᠠᠢᠨ᠎ᠠ᠃
      ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠯᠤᠭ᠎ᠠ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠂ ᠡᠯ᠎ᠡ ᠲᠠᠯ᠎ᠠ᠎ᠶᠢᠨ ᠬᠢᠨ᠎ᠲᠠᠢ ᠪᠦᠯᠬᠦᠮᠳᠡᠬᠦ᠂ ᠢᠲᠡᠭᠡᠯᠴᠡᠭᠡ᠎ᠪᠡᠨ ᠨᠡᠮᠡᠭᠳᠡᠭᠦᠯᠵᠦ ᠰᠡᠵᠢᠭᠯᠡᠯ᠎ᠢᠶᠡᠨ ᠲᠠᠢᠯᠬᠤ᠂ ᠵᠥᠷᠢᠯᠳᠦᠭᠡᠨ᠎ᠢᠶᠡᠨ ᠨᠢᠭᠡᠳᠬᠡᠬᠦ ᠵᠡᠷᠭᠡ ᠲᠠᠯ᠎ᠠ᠎ᠪᠠᠷ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ᠂ ᠨᠡᠩ ᠲᠥᠪ ᠭᠣᠣᠯᠴᠢ ᠡᠷᠬᠡ ᠲᠡᠭᠰᠢ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ ᠬᠠᠲᠸ᠋ ᠢᠯᠡᠷᠬᠡᠢᠯᠡᠬᠦ᠎ᠳᠡᠭᠡᠨ᠂ ᠰᠢ᠎ᠶᠢᠨ ᠫᠢᠩ ᠲᠡᠷᠢᠭᠦᠯᠡᠭᠴᠢ ᠠᠭᠤᠷ ᠠᠮᠢᠰᠬᠤᠯ᠎ᠤᠨ ᠲᠤᠬᠠᠢ ᠲᠦᠷᠦᠭᠦᠴᠦᠳ᠎ᠦᠨ ᠬᠤᠷᠠᠯ ᠳᠡᠭᠡᠷ᠎ᠡ ᠤᠷᠢᠳ ᠬᠣᠵᠢᠳ ᠬᠣᠶᠠᠷ ᠤᠳᠠᠭ᠎ᠠ ᠴᠢᠬᠤᠯᠠ ᠶᠠᠷᠢᠶ᠎ᠠ ᠲᠠᠯᠪᠢᠵᠤ ᠂ ᠡᠭᠦᠨ᠎ᠦ ᠬᠠᠮᠲᠤ ᠳᠤᠮᠳᠠᠳᠤ ᠤᠯᠤᠰ᠎ᠤᠨ ᠰᠢᠨ᠎ᠡ ᠨᠢᠭᠡ ᠡᠭᠡᠯᠵᠢ᠎ᠶᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠦᠨ᠎ᠡ ᠭᠡᠵᠦ ᠨᠡᠢᠲᠡᠯᠡᠭᠰᠡᠨ ᠨᠢ ᠪᠤᠰᠤᠳ ᠤᠯᠤᠰ᠎ᠤᠨ ᠠᠭᠤᠷ ᠠᠮᠢᠰᠬᠤᠯ᠎ᠤᠨ ᠠᠵᠢᠯᠯᠠᠭ᠎ᠠ ᠠᠪᠬᠤ᠎ᠳᠤ ᠴᠢᠬᠤᠯᠠ ᠵᠢᠱ᠌ᠢᠶ᠎ᠡ ᠦᠵᠡᠭᠦᠯᠵᠦ ᠳᠠᠢᠴᠢᠯᠠᠬᠤ ᠦᠢᠯᠡᠳᠦᠯ᠎ᠲᠠᠢ ᠶᠤᠮ᠂ ᠨᠠᠷᠢᠨ ᠪᠢᠴᠢᠭ᠎ᠦᠨ ᠳᠠᠷᠤᠭ᠎ᠠ ᠭᠦᠲ᠋ᠥᠯᠸᠢᠢᠰ ᠪᠣᠯᠣᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠢᠨ ᠳᠤᠮᠳᠠᠳᠤ ᠤᠯᠤᠰ ᠯᠤᠭ᠎ᠠ ᠣᠯᠣᠯᠴᠠᠭ᠎ᠠ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠂ COP30 ᠵᠢᠨ ᠠᠮᠵᠢᠯᠲᠠ ᠣᠯᠬᠤ᠎ᠶᠢ ᠬᠠᠮᠲᠤ᠎ᠪᠠᠷ ᠠᠬᠢᠭᠤᠯᠵᠤ᠂ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠳᠤ ᠨᠡᠩ ᠤᠯᠠᠨ ᠲᠣᠭᠲᠠᠭᠠᠯᠲᠤ ᠴᠢᠨᠠᠷ ᠪᠣᠯᠣᠨ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ ᠬᠤᠷᠠᠯ᠎ᠳᠤ ᠣᠷᠣᠯᠴᠠᠭᠰᠠᠨ ᠪᠥᠭᠡᠳ ᠠᠭᠤᠯᠵᠠᠯᠲᠠ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号