ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-11-29

      11 ᠳ᠋ᠦ᠍ᠭᠡᠷ ᠰᠠᠷ᠎ᠠ᠎ᠶᠢᠨ 13᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠦᠨ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠴᠢᠬᠤᠯᠠ ᠶᠠᠷᠢᠶ᠎ᠠ᠂ ᠭᠤᠸᠠᠩᠳᠦ᠋ᠩ᠎ᠳᠦ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠣᠯᠣᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠭᠤᠴᠢᠨ ᠬᠣᠶᠠᠳᠤᠭᠠᠷ ᠤᠳᠠᠭ᠎ᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠪᠠ᠃
      ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ ᠣᠢᠷ᠎ᠠ᠎ᠶᠢᠨ ᠬᠤᠭᠤᠴᠠᠭᠠᠨ᠎ᠳᠤ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠎ᠳᠦ ᠴᠢᠭᠯᠡᠯ᠎ᠦᠨ ᠵᠢᠯᠣᠭᠣᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠢᠰᠲᠧᠮ 《 ᠬᠣᠶᠠᠷ᠎ᠢ ᠲᠣᠭᠲᠠᠭᠠᠬᠤ 》 ᠵᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢᠶᠠᠨ ᠴᠢᠩᠭᠠᠳᠬᠠᠵᠤ᠂ 《 ᠲᠦᠷᠪᠡᠨ ᠢᠲᠡᠭᠡᠯ 》᠎ᠢᠶᠠᠨ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠬᠦᠴᠦᠯᠡᠨ ᠠᠬᠢᠭᠤᠯᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠬᠤ ᠬᠡᠷᠡᠭᠲᠡᠢ᠃ ᠤᠯᠠᠨ ᠲᠡᠰ ᠳᠠᠪᠬᠤᠷᠭ᠎ᠠ ᠤᠯᠠᠨ ᠠᠷᠭ᠎ᠠ ᠵᠠᠮ᠎ᠢᠶᠠᠷ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ᠎ᠢ ᠥᠷᠨᠢᠭᠦᠯᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠬᠡᠵᠦ᠂ ᠵᠣᠷᠢᠭ᠋ ᠰᠠᠨᠠᠭ᠎ᠠ᠎ᠪᠠᠨ ᠨᠢᠭᠡᠳᠬᠡᠵᠦ᠂ ᠦᠢᠯᠡ ᠠᠵᠢᠯᠯᠠᠭ᠎ᠠ᠎ᠪᠠᠨ ᠦᠨᠡᠨ ᠬᠦ᠌ ᠨᠢᠭᠡᠳᠬᠡᠬᠦ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠮᠥᠨ ᠪᠣᠯᠣᠨ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ᠎ᠶᠢ ᠲᠦᠷᠭᠡᠳᠬᠡᠨ ᠪᠠᠶ᠋ᠢᠭᠤᠯᠬᠤ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠢ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ᠎ᠶᠢᠨ ᠫᠢᠩ ᠪᠡᠶ᠎ᠡ᠎ᠪᠡᠷ᠎ᠢᠶᠡᠨ ᠲᠥᠯᠥᠪᠵᠢᠭᠦᠯᠵᠦ᠂ ᠪᠡᠶ᠎ᠡ᠎ᠪᠡᠷ᠎ᠢᠶᠡᠨ ᠠᠬᠢᠭᠤᠯᠤᠭᠰᠠᠨ ᠰᠢᠨ᠎ᠡ ᠴᠠᠭ ᠦᠶ᠎ᠡ᠎ᠶᠢᠨ ᠥᠭᠡᠷᠡᠴᠢᠯᠡᠯᠲᠡ ᠨᠡᠭᠡᠭᠡᠯᠲᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠪᠣᠯᠣᠨ᠎ᠠ᠃ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ᠎ᠶᠢ ᠪᠠᠲᠤ ᠡᠵᠡᠮᠳᠡᠵᠦ᠂ ᠡᠬᠡ ᠬᠠᠭᠤᠷᠠᠢ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠬᠠᠢᠨᠠᠨ᠎ᠤ ᠠᠮᠢ ᠠᠬᠤᠢ᠎ᠶᠢᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠬᠤ᠎ᠶᠢ ᠳᠡᠮᠵᠢᠵᠦ᠂ ᠲᠣᠪᠣᠢᠮ᠎ᠠ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠰᠠᠢᠲᠤᠷ ᠠᠳᠬᠤᠬᠤ ᠬᠡᠷᠡᠭᠲᠡᠢ᠃ ᠬᠢᠯᠢ᠎ᠪᠡᠷ ᠣᠷᠣᠵᠤ ᠭᠠᠷᠬᠤ ᠣᠷᠴᠢᠨ ᠲᠣᠭᠣᠷᠢᠨ᠎ᠤ ᠠᠮᠤᠷ ᠲᠦᠪᠰᠢᠨ᠎ᠦ ᠵᠥᠪᠰᠢᠶᠡᠷᠡᠯ᠎ᠦᠨ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠬᠦ᠎ᠶᠢ ᠠᠬᠢᠭᠤᠯᠵᠤ᠂ ᠣᠷᠴᠢᠨ ᠲᠣᠭᠣᠷᠢᠨ᠎ᠤ ᠭᠡᠨᠡᠳᠲᠡ᠎ᠶᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠬᠤ ᠪᠡᠯᠡᠳᠬᠡᠯ ᠪᠣᠯᠣᠨ ᠴᠤᠤᠷᠢᠶᠠᠲᠤᠨ ᠳᠠᠭᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠠᠮᠢ ᠠᠬᠤᠢ᠎ᠶᠢᠨ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠴᠢᠨᠠᠷ ᠰᠠᠢᠲᠠᠢ ᠠᠮᠢ ᠠᠬᠤᠢ ᠣᠷᠴᠢᠨ ᠲᠣᠭᠣᠷᠢᠨ᠎ᠢᠶᠠᠷ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ᠎ᠶᠢ ᠲᠤᠯᠭᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠤ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠪᠣᠬᠢᠷᠲᠤᠯ ᠦᠭᠡᠢ ᠮᠥᠩᠭᠥᠨ ᠭᠦᠢᠯᠭᠡᠭᠡᠨ᠎ᠦ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠨᠡᠭᠡᠭᠡᠯᠲᠡ ᠬᠢᠵᠦ ᠬᠠᠮᠲᠤᠷᠠᠯᠴᠠᠬᠤ᠎ᠶᠢ ᠭᠦᠨᠵᠡᠭᠡᠢᠷᠡᠭᠦᠯᠬᠦ ᠲᠠᠯ᠎ᠠ᠎ᠪᠠᠷ ᠤᠷᠢᠳ᠎ᠢᠶᠠᠷ ᠰᠢᠪᠲᠤᠯᠤᠯᠲᠠ ᠭᠠᠷᠭᠠᠬᠤ᠎ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠥᠨᠳᠥᠷᠯᠢᠭ ᠭᠠᠵᠠᠷ᠎ᠢ ᠬᠦᠴᠦᠯᠡᠨ ᠴᠣᠭᠴᠠᠯᠠᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠦ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠦᠷᠭᠦᠯᠵᠢᠯᠡᠬᠦ ᠬᠥᠭᠵᠢᠯᠲᠡ᠎ᠶᠢᠨ ᠬᠥᠳᠡᠯᠭᠡᠬᠦ ᠬᠦᠴᠦᠨ ᠪᠣᠯᠣᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠦ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠦᠵᠦ ᠲᠥᠯᠥᠪᠯᠡᠭᠡ ᠪᠠ ᠰᠢᠰᠲᠧᠮᠲᠦ ᠪᠠᠢᠷᠢᠰᠢᠭᠤᠯᠤᠯᠲᠠ᠎ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠎ᠳᠦ ᠠᠰᠢᠭ᠍ᠲᠠᠢ ᠲᠦᠷᠦ᠎ᠶᠢᠨ ᠪᠣᠳᠣᠯᠭ᠎ᠠ᠎ᠶᠢᠨ ᠲᠣᠭᠲᠠᠴᠠ᠎ᠶᠢ ᠪᠠᠶ᠋ᠢᠭᠤᠯᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ ᠴᠠᠭ ᠦᠶ᠎ᠡ᠎ᠶᠢᠨ ᠬᠥᠭᠵᠢᠯᠲᠡ᠎ᠶᠢᠨ ᠶᠡᠬᠡ ᠬᠠᠨᠳᠤᠰᠢ᠎ᠶᠢ ᠭᠦᠨᠵᠡᠭᠡᠢ ᠡᠵᠡᠮᠳᠡᠵᠦ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠷᠠᠳ ᠲᠦᠮᠡᠨ᠎ᠦ ᠬᠠᠮᠲᠤ᠎ᠶᠢᠨ ᠠᠰᠢᠭ᠋ ᠲᠤᠰᠠ᠎ᠶᠢ ᠪᠣᠳᠣᠯᠬᠢᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ᠂ ᠬᠠᠮᠲᠤ᠎ᠪᠠᠷ ᠬᠥᠭᠵᠢᠬᠦ ᠴᠠᠭ ᠦᠶ᠎ᠡ᠎ᠶᠢᠨ ᠬᠦᠴᠦᠷᠬᠡᠭ ᠳᠠᠭᠤᠨ᠎ᠢ ᠴᠤᠤᠷᠢᠶᠠᠲᠤᠭᠤᠯᠵᠠᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠎ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠤᠯᠠᠨ ᠤᠯᠤᠰ᠎ᠤᠨ ᠰᠣᠯᠢᠯᠴᠠᠭ᠎ᠠ᠎ᠶᠢ ᠭᠦᠨᠵᠡᠭᠡᠢᠷᠡᠭᠦᠯᠵᠦ᠂ ᠪᠣᠬᠢᠷᠲᠤᠯ ᠦᠭᠡᠢ ᠠᠵᠤ ᠦᠢᠯᠡᠰ᠂ ᠴᠡᠪᠡᠷ ᠡᠨᠧᠷᠭᠢ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶᠢ ᠲᠠᠰᠤᠷᠠᠯᠲᠠ ᠦᠭᠡᠢ ᠥᠷᠭᠡᠳᠬᠡᠵᠦ᠂ ᠴᠢᠨᠠᠷ ᠰᠠᠢᠲᠠᠢ ᠪᠣᠬᠢᠷᠲᠤᠯ ᠦᠭᠡᠢ ᠮᠡᠷᠭᠡᠵᠢᠯ ᠪᠣᠯᠣᠨ ᠦᠢᠯᠡᠳᠬᠦᠨ᠎ᠦ ᠴᠢᠯᠦᠭᠡᠲᠦ ᠭᠦᠢᠯᠭᠡᠭᠡ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠦᠷᠭᠦᠯᠵᠢᠯᠡᠬᠦ ᠬᠥᠭᠵᠢᠯᠲᠡ᠎ᠶᠢᠨ ᠰᠢᠨ᠎ᠡ ᠬᠡᠪ ᠵᠠᠭᠪᠤᠷ᠎ᠢ ᠡᠭᠦᠳᠬᠦ᠎ᠳᠦ ᠬᠦᠴᠦᠨ ᠨᠡᠮᠡᠷᠢᠯᠡᠪᠡ᠃ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠢᠳᠡᠪᠬᠢᠲᠡᠢ ᠦᠢᠯᠡᠳᠦᠯᠭᠡᠵᠢᠭᠦᠯᠵᠦ᠂ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠮᠠᠨ᠎ᠤ ᠤᠯᠤᠰ᠎ᠤᠨ ᠪᠦᠬᠦ ᠪᠥᠮᠪᠥᠷᠴᠡᠭ᠎ᠦᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠵᠠᠰᠠᠯᠲᠠ᠎ᠳᠠᠬᠢ ᠨᠥᠯᠥᠭᠡᠯᠡᠬᠦ ᠬᠦᠴᠦᠨ᠂ ᠬᠥᠲᠥᠯᠥᠨ ᠵᠢᠯᠤᠭᠣᠳᠬᠤ ᠬᠦᠴᠦᠨ ᠪᠣᠯᠣᠨ ᠪᠦᠲᠦᠭᠡᠬᠦ ᠬᠦᠴᠦᠨ᠎ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠢᠦᠢ ᠬᠤᠢ ᠸᠧᠨ᠂ ᠭᠦᠸᠧ ᠹᠠᠩ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠯᠢᠶᠣᠤ ᠰᠢ ᠶᠤᠸᠠᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠳ᠋ᠦᠩ ᠪᠦᠦ ᠲᠦᠩ ᠬᠤᠷᠠᠯ᠎ᠳᠤ ᠣᠷᠣᠯᠴᠠᠪᠠ᠃
      ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠢᠭᠤᠯᠭ᠎ᠠ᠎ᠶᠢᠨ ᠡᠯ᠎ᠡ ᠰᠠᠯᠠᠭ᠎ᠠ ᠮᠥᠴᠢᠷ᠂ ᠪᠠᠴᠢᠮ ᠪᠠᠢᠳᠠᠯ᠎ᠢ ᠠᠷᠭᠠᠴᠠᠬᠤ ᠲᠥᠪ᠂ ᠦᠢᠯᠡᠴᠢᠯᠡᠭᠡᠨ᠎ᠦ ᠲᠥᠪ᠎ᠦᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号