1. ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠵᠣᠬᠢᠶᠠᠯ᠎ᠤᠨ ᠲᠡᠭᠦᠪᠦᠷᠢ 》 ᠨᠢᠭᠡᠳᠦᠭᠡᠷ ᠪᠣᠳᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
10 ᠰᠠᠷ᠎ᠠ᠎ᠶᠢᠨ 10᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠡᠭᠡᠵᠢᠩ᠎ᠳᠦ 《 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠵᠣᠬᠢᠶᠠᠯ᠎ᠤᠨ ᠲᠡᠭᠦᠪᠦᠷᠢ 》 ᠨᠢᠭᠡᠳᠦᠭᠡᠷ ᠪᠣᠳᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ( ᠳᠣᠷᠣᠭ᠍ᠰᠢ 《 ᠵᠣᠬᠢᠶᠠᠯ᠎ᠤᠨ ᠲᠡᠭᠦᠪᠦᠷᠢ 》 ᠭᠡᠵᠦ ᠲᠣᠪᠴᠢᠯᠠᠨ᠎ᠠ ) ᠶᠠᠷᠢᠯᠴᠠᠬᠤ ᠬᠤᠷᠠᠯ ᠬᠤᠷᠠᠯᠳᠤᠭᠤᠯᠪᠠ ᠃ ᠬᠤᠷᠠᠯ᠎ᠳᠤ ᠣᠷᠣᠯᠴᠠᠭᠰᠠᠳ 《 ᠵᠣᠬᠢᠶᠠᠯ᠎ᠤᠨ ᠲᠡᠭᠦᠪᠦᠷᠢ 》᠎ᠶᠢᠨ ᠭᠣᠣᠯ ᠠᠭᠤᠯᠭ᠎ᠠ᠎ᠲᠠᠢ ᠤᠶᠠᠯᠳᠤᠭᠤᠯᠤᠨ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠰᠢᠰᠲᠧᠮ᠂ ᠴᠠᠭ ᠦᠶ᠎ᠡ᠎ᠶᠢᠨ ᠦᠷᠳᠡᠭ ᠪᠠ ᠳᠡᠯᠡᠬᠡᠢ᠎ᠶᠢᠨ ᠬᠤᠪᠢ ᠨᠡᠮᠡᠷᠢ ᠵᠡᠷᠭᠡ᠎ᠶᠢᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠷᠢᠯᠴᠠᠬᠤ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠷᠢᠯᠴᠠᠬᠤ ᠬᠤᠷᠠᠯ᠎ᠢ ᠡᠷᠬᠢᠯᠡᠪᠡ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠸᠧᠢ ᠯᠢ ᠶᠠ ᠪᠦᠯᠦᠭᠯᠡᠯ᠎ᠦᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠪᠠᠢ ᠯᠢᠶᠠᠨ ᠨᠥᠸᠧ᠎ᠲᠠᠢ ᠠᠭᠤᠯᠵᠠᠪᠠ
10 ᠰᠠᠷ᠎ᠠ᠎ᠶᠢᠨ 10᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠸᠧᠢ ᠯᠢ ᠶᠠ ᠪᠦᠯᠦᠭᠯᠡᠯ᠎ᠦᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠪᠠᠢ ᠯᠢᠶᠠᠨ ᠨᠦᠸᠸ᠋ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠠᠮᠢ ᠠᠬᠤᠢ ᠣᠷᠴᠢᠨ ᠲᠣᠭᠣᠷᠢᠨ᠎ᠢ ᠵᠠᠰᠠᠬᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃
3. 《 ᠣᠷᠴᠢᠨ ᠲᠣᠭᠣᠷᠢᠨ᠎ᠤ ᠪᠠᠴᠢᠮ ᠪᠠᠢᠳᠠᠯ᠎ᠢ ᠠᠷᠭᠠᠴᠠᠬᠤ · 2025 》 ᠳ᠋ᠠᠨ ᠵᠢᠶᠠᠩ ᠺᠧᠦ ᠴᠥᠭᠥᠷᠥᠮ᠎ᠦᠨ ᠣᠷᠣᠨ ᠵᠢᠴᠢ ᠳᠡᠭᠡᠳᠦ ᠤᠷᠤᠰᠬᠠᠯ᠎ᠤᠨ ᠭᠠᠵᠠᠷ ᠣᠷᠣᠨ᠎ᠤ ᠣᠷᠴᠢᠨ ᠲᠣᠭᠣᠷᠢᠨ᠎ᠤ ᠭᠡᠨᠡᠳᠲᠡ᠎ᠶᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠬᠤ ᠰᠣᠷᠢᠯᠲᠠ᠎ᠶᠢ ᠠᠮᠵᠢᠯᠲᠠ ᠲᠠᠢ ᠶᠠᠪᠤᠭᠳᠠᠭᠤᠯᠪᠠ
10 ᠰᠠᠷ᠎ᠠ᠎ᠶᠢᠨ 11᠎ᠦ ᠡᠳᠦᠷ᠎ᠦᠨ ᠦᠳᠡ᠎ᠶᠢᠨ ᠡᠮᠦᠨ᠎ᠡ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠾᠧᠨᠠᠨ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠂ ᠬᠤᠪᠧᠢ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠱᠠᠨᠰᠢ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠨᠠᠨᠶᠠᠩ ᠬᠣᠲᠠ᠎ᠳᠤ 《 ᠣᠷᠴᠢᠨ ᠲᠣᠭᠣᠷᠢᠨ᠎ᠤ ᠪᠠᠴᠢᠮ ᠪᠠᠢᠳᠠᠯ᠎ᠢ ᠠᠷᠭᠠᠴᠠᠬᠤ · 2025 》 ᠳ᠋ᠠᠨ ᠵᠢᠶᠠᠩ ᠺᠧᠦ ᠴᠥᠭᠥᠷᠥᠮ᠎ᠦᠨ ᠣᠷᠣᠨ ᠵᠢᠴᠢ ᠳᠡᠭᠡᠳᠦ ᠤᠷᠤᠰᠬᠠᠯ᠎ᠤᠨ ᠭᠠᠵᠠᠷ ᠣᠷᠣᠨ᠎ᠤ ᠣᠷᠴᠢᠨ ᠲᠣᠭᠣᠷᠢᠨ᠎ᠤ ᠭᠡᠨᠡᠳᠲᠡ᠎ᠶᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠬᠤ ᠰᠣᠷᠢᠯᠲᠠ ᠬᠢᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠢᠦᠢ ᠬᠤᠢ ᠸᠧᠨ᠂ ᠾᠧᠨᠠᠨ ᠮᠤᠵᠢ᠎ᠶᠢᠨ ᠳᠡᠳ᠋ ᠳᠠᠷᠤᠭ᠎ᠠ ᠯᠢᠦ ᠢᠦᠢ ᠵᠢᠶᠠᠩ᠂ ᠬᠤᠪᠧᠢ ᠮᠤᠵᠢ᠎ᠶᠢᠨ ᠳᠡᠳ᠋ ᠳᠠᠷᠤᠭ᠎ᠠ ᠵᠠᠩ ᠸᠧᠨ ᠲᠦᠩ ᠪᠣᠯᠣᠨ ᠱᠠᠨᠰᠢ ᠮᠤᠵᠢ᠎ᠶᠢᠨ ᠳᠡᠳ᠋ ᠳᠠᠷᠤᠭ᠎ᠠ ᠯᠢ ᠵᠢᠦ ᠬᠣᠩ ᠰᠣᠷᠢᠯᠲᠠ᠎ᠶᠢᠨ ᠲᠤᠬᠠᠢ᠎ᠶᠢᠨ ᠲᠠᠯᠠᠪᠠᠢ᠎ᠳᠤ ᠠᠵᠢᠯᠯᠠᠭ᠎ᠠ᠎ᠳᠤ ᠣᠷᠣᠯᠴᠠᠪᠠ᠃
4. ᠳᠤᠮᠳᠠᠳᠤ ᠤᠯᠤᠰ ᠪᠣᠯᠣᠨ ᠭᠢᠶᠡᠨᠡ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠡᠮᠦᠨᠡᠲᠦ ᠡᠮᠦᠨᠡᠲᠦ᠎ᠶᠢᠨ ᠬᠠᠮᠲᠤᠷᠠᠯᠴᠠᠭᠠᠨ᠎ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ᠎ᠤᠨ ᠲᠦᠷᠦᠯ ᠵᠦᠢᠯ᠎ᠦᠨ ᠣᠢᠯᠠᠭᠠᠯᠴᠠᠭ᠎ᠠ᠎ᠶᠢᠨ ᠰᠠᠨᠠᠮᠵᠢ᠎ᠶᠢᠨ ᠪᠢᠴᠢᠭ ᠲᠣᠭᠲᠠᠪᠠ
10 ᠰᠠᠷ᠎ᠠ᠎ᠶᠢᠨ 10᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ ᠪᠣᠯᠣᠨ ᠳᠤᠮᠳᠠᠳᠤ ᠤᠯᠤᠰ᠎ᠲᠤ ᠰᠠᠭᠤᠭ᠎ᠠ ᠭᠢᠶᠡᠨᠡᠶᠢᠨ ᠡᠯᠴᠢᠨ ᠰᠠᠢᠳ ᠵᠧᠦ ᠶᠠ ᠰᠢᠨ ᠪᠡᠭᠡᠵᠢᠩ᠎ᠳᠦ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠪᠦᠭᠦᠳᠡ ᠨᠠᠢᠷᠠᠮᠳᠠᠬᠤ ᠭᠢᠶᠡᠨᠡᠶᠢᠨ ᠬᠠᠮᠲᠤᠷᠠᠯᠴᠠᠭᠠᠨ᠎ᠤ ᠤᠯᠤᠰ᠎ᠤᠨ ᠶᠡᠷᠦᠩᠬᠡᠢ ᠰᠠᠢᠳ᠎ᠤᠨ ᠣᠷᠳᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠡᠮᠦᠨᠡᠲᠦ ᠡᠮᠦᠨᠡᠲᠦ᠎ᠶᠢᠨ ᠬᠠᠮᠲᠤᠷᠠᠯᠴᠠᠭ᠎ᠠ᠎ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ᠎ᠤᠨ ᠲᠦᠷᠦᠯ ᠵᠦᠢᠯ᠎ᠢ ᠬᠠᠮᠲᠤᠷᠠᠨ ᠥᠷᠨᠢᠭᠦᠯᠬᠦ ᠲᠤᠬᠠᠢ ᠣᠢᠯᠠᠭᠠᠯᠴᠠᠭ᠎ᠠ᠎ᠶᠢᠨ ᠰᠠᠨᠠᠮᠵᠢ᠎ᠶᠢᠨ ᠪᠢᠴᠢᠭ 》 ᠲᠦ᠍ ᠭᠠᠷᠤᠨ ᠦᠰᠦᠭ ᠵᠢᠷᠤᠪᠠ᠃