1. 2025 ᠣᠨ᠎ᠳᠤ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠤᠳᠤᠯᠤᠨ ᠶᠠᠷᠢᠯᠴᠠᠬᠤ ᠬᠤᠷᠠᠯ ᠹᠦᠵᠢᠶᠠᠨ᠎ᠤ ᠰᠢᠶᠠᠮᠧᠨ᠎ᠳᠦ ᠶᠠᠪᠤᠭᠳᠠᠪᠠ ᠰᠦᠨ ᠵᠢᠨ ᠯᠦᠩ ᠵᠧᠦ ᠽᠦ᠍ ᠢ ᠶᠠᠷᠢᠶ᠎ᠠ ᠲᠠᠯᠪᠢᠵᠤ ᠵᠤᠤ ᠯᠦᠩ ᠪᠠᠶᠠᠷ᠎ᠤᠨ ᠦᠭᠡ ᠬᠡᠯᠡᠵᠡᠢ
12 ᠰᠠᠷ᠎ᠠ᠎ᠶᠢᠨ 1᠎ᠦ ᠡᠳᠦᠷ᠂ 2025 ᠣᠨ᠎ᠤ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠹᠦᠵᠢᠶᠠᠨ᠎ᠤ ᠰᠢᠶᠠᠮᠧᠨ᠎ᠳᠦ ᠶᠠᠪᠤᠭᠳᠠᠪᠠ᠃ ᠰᠤᠳᠤᠯᠤᠨ ᠶᠠᠷᠢᠯᠴᠠᠬᠤ ᠬᠤᠷᠠᠯ ᠨᠢ 《 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠬᠦᠴᠦᠯᠡᠨ ᠠᠬᠢᠭᠤᠯᠬᠤ 》᠎ᠪᠠᠷ ᠭᠣᠣᠯ ᠰᠡᠳᠦᠪ ᠪᠣᠯᠭᠠᠵᠤ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠬᠦ᠎ᠪᠡᠷ ᠳᠠᠮᠵᠢᠭᠤᠯᠤᠨ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠤᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
12 ᠰᠠᠷ᠎ᠠ᠎ᠶᠢᠨ 5᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠵᠤ᠂ ᠶᠡᠷᠦᠩᠬᠡᠢ ᠱᠦᠵᠢ ᠰᠢ᠎ᠶᠢᠨ ᠫᠢᠩ᠎ᠦᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠬᠣᠷᠢᠨ ᠭᠤᠷᠪᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠳᠡᠭᠡᠷ᠎ᠡ ᠶᠠᠷᠢᠭ᠍ᠰᠠᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠣᠯᠪᠣᠭᠠᠲᠤ ᠬᠤᠷᠠᠯ᠎ᠤᠨ ᠭᠤᠷᠪᠠᠳᠤᠭᠠᠷ ᠬᠤᠭᠤᠴᠠᠭᠠᠨ᠎ᠤ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠥᠭᠭᠦᠭᠰᠡᠨ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠡᠪ ᠬᠠᠮᠲᠤ ᠵᠠᠯᠠᠭᠤᠴᠤᠳ᠎ᠤᠨ ᠡᠪᠯᠡᠯ ᠪᠣᠯᠣᠨ ᠵᠠᠯᠠᠭᠤᠴᠤᠳ᠎ᠤᠨ ᠠᠵᠢᠯ᠎ᠤᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠪᠠ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠹᠦᠵᠢᠶᠠᠨ ᠮᠤᠵᠢ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠢᠴᠠᠭᠠᠨ ᠰᠤᠳᠤᠯᠪᠠ
11 ᠰᠠᠷ᠎ᠠ᠎ᠶᠢᠨ 28᠎ᠤ ᠡᠳᠦᠷ᠎ᠡᠴᠡ 30᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠹᠦᠵᠢᠶᠠᠨ ᠮᠤᠵᠢ᠎ᠶᠢᠨ ᠨᠢᠩᠳ᠋ᠸ᠋ ᠬᠤᠳᠠ᠂ ᠰᠢᠶᠠᠮᠧᠨ ᠬᠤᠳᠠ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠢᠴᠠᠭᠠᠨ ᠰᠤᠳᠤᠯᠵᠠᠢ᠃
4. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
12 ᠰᠠᠷ᠎ᠠ᠎ᠶᠢᠨ 5᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠣᠷᠣᠨ ( ᠠᠮᠢ ᠠᠬᠤᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ )᠎ᠤ ᠬᠠᠮᠢᠶᠠᠷᠤᠯᠲᠠ᠎ᠶᠢᠨ ᠠᠷᠭ᠎ᠠ》 ᠪᠣᠯᠣᠨ 《ᠠᠮᠢ ᠠᠬᠤᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠠᠢᠭᠤᠯᠤᠯᠲᠠ᠎ᠶᠢᠨ ᠪᠠᠷᠢᠮᠵᠢᠶ᠎ᠠ》᠂ 《 ᠳ᠋ᠠᠨ ᠵᠢᠶᠠᠩ ᠺᠧᠦ ᠴᠥᠭᠥᠷᠥᠮ᠎ᠦᠨ ᠣᠷᠣᠨ ᠵᠢᠴᠢ ᠳᠡᠭᠡᠳᠦ ᠤᠷᠤᠰᠬᠠᠯ᠎ᠤᠨ ᠭᠣᠣᠯ ᠪᠣᠯᠬᠤ ᠤᠰᠤ ᠪᠣᠬᠢᠷᠲᠤᠭᠤᠯᠬᠤ ᠪᠣᠳᠠᠰ ( ᠶᠡᠷᠦᠩᠬᠡᠢ ᠰᠲ᠋ᠢᠪᠢ ᠂ ᠶᠡᠷᠦᠩᠬᠡᠢ ᠮᠣᠯᠢᠪᠳᠧᠨ ᠵᠡᠷᠭᠡ )᠎ᠤᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠪᠠᠷᠢᠮᠵᠢᠶ᠎ᠠ 》 ᠪᠠ 《 ᡂᠢ ᠱᠦᠢ ᠾᠧ ᠭᠣᠣᠯ᠎ᠤᠨ ᠰᠠᠪᠠ ᠭᠠᠵᠠᠷ᠎ᠤᠨ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》᠂ 《 ᠳᠥᠷᠪᠡᠳᠦᠭᠡᠷ ᠪᠦᠯᠦᠭ᠎ᠦᠨ ᠦᠵᠡᠰᠬᠦᠯᠡᠩᠲᠦ ᠰᠠᠢᠬᠠᠨ ᠲᠡᠯᠡᠶ᠎ᠶᠢᠨ ᠪᠤᠯᠤᠩ᠎ᠤᠨ ᠰᠠᠨᠠᠭᠤᠯᠭ᠎ᠠ᠎ᠶᠢᠨ ᠨᠡᠷᠡᠰ ᠪᠠ ᠦᠵᠡᠰᠬᠦᠯᠡᠩᠲᠦ ᠰᠠᠢᠬᠠᠨ ᠲᠡᠯᠡᠶ᠎ᠶᠢᠨ ᠪᠤᠯᠤᠩ᠎ᠤᠨ ᠰᠢᠯᠢᠳᠡᠭ ᠬᠡᠷᠡᠭ᠎ᠦᠨ ᠵᠢᠱ᠌ᠢᠶ᠎ᠡ᠎ᠶᠢᠨ ᠰᠠᠨᠠᠭᠤᠯᠭ᠎ᠠ᠎ᠶᠢᠨ ᠨᠡᠷᠡᠰ 》᠂ 《 ᠣᠩᠭᠣᠴᠠ ᠰᠠᠯ᠎ᠤᠨ ᠬᠡᠢ ᠭᠠᠳᠠᠭᠰᠢᠯᠠᠭᠤᠯᠬᠤ ᠤᠲᠤᠭᠠᠨᠤ ᠬᠡᠮᠵᠢᠶ᠎ᠡ᠎ᠶᠢᠨ ᠬᠢᠵᠠᠭᠠᠷ ᠬᠡᠮᠵᠢᠭᠳᠡᠯ ᠵᠢᠴᠢ ᠬᠡᠮᠵᠢᠯᠲᠡ᠎ᠶᠢᠨ ᠠᠷᠭ᠎ᠠ 》᠂ ᠭᠤᠸᠠᠩᠰᠢ᠎ᠶᠢᠨ ᠪᠠᠢ ᠯᠦᠩ ᠴᠥᠮ᠎ᠡ᠎ᠶᠢᠨ ᠴᠠᠬᠢᠯᠭᠠᠨ᠎ᠤ ᠦᠢᠯᠡᠳᠪᠦᠷᠢ᠎ᠶᠢᠨ 1᠂ 2 ᠳ᠋ᠤᠭᠠᠷ ᠮᠠᠰᠢᠨ ᠴᠣᠭᠴᠠᠯᠠᠪᠤᠷᠢ᠎ᠶᠢᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ ( ᠪᠠᠶ᠋ᠢᠭᠤᠯᠬᠤ ᠱᠠᠲᠤ ) ᠪᠠ ᠪᠠᠶ᠋ᠢᠭᠤᠯᠬᠤ ᠵᠥᠪᠰᠢᠶᠡᠷᠡᠯ᠎ᠦᠨ ᠦᠨᠡᠮᠯᠡᠯ᠎ᠢ ᠬᠢᠨᠠᠨ ᠦᠨᠡᠯᠡᠵᠦ ᠬᠢᠨᠠᠯᠲᠠ ᠲᠠᠯᠪᠢᠬᠤ᠎ᠪᠠᠷ ᠭᠤᠶᠤᠴᠢᠯᠠᠭᠰᠠᠨ ᠪᠠᠢᠳᠠᠯ᠎ᠢ ᠬᠢᠨᠠᠨ ᠵᠥᠪᠯᠡᠵᠦ ᠵᠠᠷᠴᠢᠮ ᠳᠡᠭᠡᠷ᠎ᠡ᠎ᠪᠡᠨ ᠪᠠᠲᠤᠯᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠬᠤᠷᠠᠯ᠎ᠳᠤ ᠣᠷᠣᠯᠴᠠᠪᠠ᠃
5. ᠠᠮᠢ ᠠᠬᠤᠢ ᠣᠷᠴᠢᠨ ᠲᠣᠭᠣᠷᠢᠨ᠎ᠤ ᠶᠠᠮᠤᠨ ᠴᠥᠮ᠎ᠡ ᠪᠣᠯᠣᠨ ᠰᠠᠴᠤᠷᠠᠭ᠎ᠤᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠤᠨ ᠬᠤᠷᠠᠯ ᠬᠤᠷᠠᠯᠳᠤᠭᠤᠯᠪᠠ
12 ᠰᠠᠷ᠎ᠠ᠎ᠶᠢᠨ 3᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠡᠭᠡᠵᠢᠩ᠎ᠳᠦ ᠴᠥᠮ᠎ᠡ᠎ᠶᠢᠨ ᠪᠠ ᠰᠠᠴᠤᠷᠠᠭ᠎ᠤᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠤᠨ ᠬᠤᠷᠠᠯ ᠬᠤᠷᠠᠯᠳᠤᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
6. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠹᠷᠠᠨᠼᠢ᠎ᠶᠢᠨ ᠠᠮᠢ ᠠᠬᠤᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠪᠠ ᠠᠭᠤᠷ ᠠᠮᠢᠰᠬᠤᠯ ᠬᠢᠭᠡᠳ ᠪᠠᠢᠭᠠᠯᠢ᠎ᠶᠢᠨ ᠬᠡᠷᠡᠭ ᠶᠠᠪᠤᠳᠠᠯ᠎ᠤᠨ ᠲᠤᠬᠠᠢ ᠣᠯᠠᠨ ᠤᠯᠤᠰ᠎ᠤᠨ ᠬᠡᠯᠡᠯᠴᠡᠭᠡᠨ᠎ᠦ ᠶᠠᠮᠤᠨ᠎ᠤ ᠰᠠᠢᠳ ᠮᠤᠨᠢᠺᠠ· ᠪᠠᠪᠦ᠋ᠲᠠᠢ ᠠᠭᠤᠯᠵᠠᠪᠠ
12 ᠰᠠᠷ᠎ᠠ᠎ᠶᠢᠨ 4᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠹᠷᠠᠨᠼᠢ᠎ᠶᠢᠨ ᠠᠮᠢ ᠠᠬᠤᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠪᠠ ᠠᠭᠤᠷ ᠠᠮᠢᠰᠬᠤᠯ ᠬᠢᠭᠡᠳ ᠪᠠᠢᠭᠠᠯᠢ᠎ᠶᠢᠨ ᠬᠡᠷᠡᠭ ᠶᠠᠪᠤᠳᠠᠯ᠎ᠤᠨ ᠲᠤᠬᠠᠢ ᠣᠯᠠᠨ ᠤᠯᠤᠰ᠎ᠤᠨ ᠬᠡᠯᠡᠯᠴᠡᠭᠡ᠎ᠶᠢᠨ ᠶᠠᠮᠤᠨ᠎ᠤ ᠰᠠᠢᠳ ᠮᠤᠨᠢᠺᠠ· ᠪᠠᠪᠦ᠋ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ 《 ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠦᠳᠦᠭᠦᠪᠴᠢ ᠨᠡᠶ᠋ᠢᠲᠡ᠎ᠶᠢᠨ ᠭᠡᠷ᠎ᠡ 》 ᠵᠢᠨ ᠭᠤᠴᠢᠳᠤᠭᠠᠷ ᠤᠳᠠᠭ᠎ᠠ᠎ᠶᠢᠨ ᠭᠡᠷᠡᠲᠦ ᠲᠠᠯ᠎ᠠ᠎ᠶᠢᠨ ᠶᠡᠬᠡ ᠬᠤᠷᠠᠯ ( COP30 )᠂ 《 ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ᠎ᠶᠢᠨ ᠭᠡᠷ᠎ᠡ 》 ᠵᠢᠨ ᠠᠷᠪᠠᠨ ᠳᠣᠯᠣᠳᠤᠭᠠᠷ ᠤᠳᠠᠭ᠎ᠠ᠎ᠶᠢᠨ ᠭᠡᠷᠡᠲᠦ ᠲᠠᠯ᠎ᠠ᠎ᠶᠢᠨ ᠶᠡᠬᠡ ᠬᠤᠷᠠᠯ ( COP17 )᠂ ᠰᠦᠯᠢᠶᠥᠦ᠎ᠶᠢᠨ ᠪᠣᠬᠢᠷᠲᠤᠯ᠎ᠤᠨ ᠤᠯᠠᠨ ᠤᠯᠤᠰ᠎ᠤᠨ ᠪᠢᠴᠢᠭ ᠬᠠᠷ᠎ᠠ᠎ᠶᠢᠨ ᠬᠡᠯᠡᠯᠴᠡᠭᠡ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃
7. ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠨ ᠮᠡᠳᠡᠭᠳᠡᠪᠡ
ᠭᠤᠷᠪᠠᠳᠤᠭᠠᠷ ᠡᠭᠡᠯᠵᠢ᠎ᠶᠢᠨ ᠲᠠᠪᠤᠳᠤᠭᠠᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ 》᠎ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ᠎ᠪᠠᠷ ᠬᠠᠤᠯᠢ ᠶᠣᠰᠣᠭᠠᠷ ᠱᠠᠯᠠᠪᠳᠠᠭᠤᠯᠤᠨ ᠪᠠᠢᠴᠠᠭᠠᠯᠲᠠ ᠥᠷᠨᠢᠭᠦᠯᠪᠡ᠃ ᠡᠯ᠎ᠡ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠨᠢᠭᠡᠳᠦᠭᠡᠷ ᠹᠷᠣᠨᠲ᠎ᠳᠤ ᠭᠦᠨᠵᠡᠭᠡᠢᠷᠡᠵᠦ᠂ ᠲᠤᠬᠠᠢ᠎ᠶᠢᠨ ᠲᠠᠯᠠᠪᠠᠢ᠎ᠳᠤ ᠭᠦᠨᠵᠡᠭᠡᠢᠷᠡᠵᠦ᠂ ᠨᠢᠭᠡ ᠪᠦᠯᠦᠭ ᠲᠣᠪᠣᠢᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠪᠠᠢᠴᠠᠭᠠᠨ ᠲᠣᠳᠣᠯᠠᠵᠤ᠂ ᠨᠢᠭᠡ ᠪᠦᠯᠦᠭ ᠠᠵᠢᠯ ᠬᠢᠬᠦ ᠦᠭᠡᠢ᠂ ᠠᠵᠢᠯ᠎ᠢᠶᠠᠨ ᠤᠳᠠᠭᠠᠰᠢᠷᠠᠭᠤᠯᠤᠭᠰᠠᠨ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠲᠠᠭᠤ ᠠᠰᠠᠭᠤᠳᠠᠯ᠎ᠳᠤ ᠬᠠᠯᠳᠠᠬᠤ ᠦᠭᠡᠢ᠂ ᠴᠢᠨᠠᠭᠰᠢᠯᠠᠪᠠᠯ ᠬᠠᠰᠢ ᠶᠠᠰᠢ᠎ᠪᠠᠷ ᠠᠷᠭᠠᠴᠠᠬᠤ᠂ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠬᠢᠨᠠᠨ ᠬᠠᠷᠭᠤᠭᠤᠯᠪᠠ᠃ ᠰᠡᠷᠡᠮᠵᠢᠯᠡᠭᠦᠯᠬᠦ ᠦᠢᠯᠡᠳᠦᠯ᠎ᠢ ᠪᠠᠳᠠᠷᠠᠭᠤᠯᠵᠤ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠠᠬᠢᠭᠤᠯᠬᠤ᠎ᠶᠢᠨ ᠲᠥᠯᠥᠭᠡ ᠂ ᠣᠲᠣ᠌ ᠨᠢᠭᠡᠳᠦᠭᠡᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠢᠯᠡ᠎ᠪᠡᠷ ᠨᠡᠢᠲᠡᠯᠡᠪᠡ᠃
8. ᠠᠮᠢ ᠠᠬᠤᠢ ᠣᠷᠴᠢᠨ ᠲᠣᠭᠣᠷᠢᠨ᠎ᠤ ᠶᠠᠮᠤᠨ 12 ᠳ᠋ᠤᠭᠠᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
2025 ᠣᠨ᠎ᠤ 12 ᠰᠠᠷ᠎ᠠ᠎ᠶᠢᠨ 1᠎ᠦ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠲᠥᠪ᠎ᠦᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠣᠨ ᠪᠡᠭᠡᠵᠢᠩ ᠬᠤᠳᠡ᠎ᠶᠢᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠲᠥᠪ᠎ᠲᠠᠢ ᠬᠠᠮᠲᠤᠷᠠᠵᠤ᠂ 12 ᠳ᠋ᠤᠭᠠᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ ( 12 ᠰᠠᠷ᠎ᠠ᠎ᠶᠢᠨ 1 ︱ 15᠎ᠤ ᠡᠳᠦᠷ ) ᠵᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠵᠡᠢ᠃
9. ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠳᠤᠮᠳᠠᠳᠤ ᠤᠯᠤᠰ᠎ᠤᠨ ᠰᠢᠯᠵᠢᠮᠡᠯ ᠮᠡᠳᠡᠭᠡ ᠬᠣᠯᠪᠣᠭᠠᠨ᠎ᠤ ᠡᠬᠢ ᠰᠤᠷᠪᠤᠯᠵᠢ᠎ᠶᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠣᠨ᠎ᠤ ᠮᠡᠳᠡᠭᠦᠯᠦᠯᠲᠡ( 2025 ᠣᠨ )》᠎ᠶᠢ ᠨᠡᠢᠲᠡᠯᠡᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ ᠲᠦᠷᠦᠭᠦᠬᠡᠨ 《 ᠳᠤᠮᠳᠠᠳᠤ ᠤᠯᠤᠰ᠎ᠤᠨ ᠰᠢᠯᠵᠢᠮᠡᠯ ᠮᠡᠳᠡᠭᠡ ᠬᠣᠯᠪᠣᠭᠠᠨ᠎ᠤ ᠡᠬᠢ ᠰᠤᠷᠪᠤᠯᠵᠢ᠎ᠶᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠣᠨ᠎ᠤ ᠮᠡᠳᠡᠭᠦᠯᠦᠯᠲᠡ ( 2025 ᠣᠨ ) 》 ( ᠳᠣᠷᠣᠭ᠍ᠰᠢ 《 ᠣᠨ᠎ᠤ ᠮᠡᠳᠡᠭᠦᠯᠦᠯᠲᠡ 》 ᠭᠡᠵᠦ ᠲᠣᠪᠴᠢᠯᠠᠨ᠎ᠠ )᠎ᠶᠢ ᠨᠡᠢᠲᠡᠯᠡᠵᠦ᠂ ᠪᠥᠬᠥ ᠤᠯᠤᠰ᠎ᠤᠨ ᠰᠢᠯᠵᠢᠮᠡᠯ ᠮᠡᠳᠡᠭᠡ ᠬᠣᠯᠪᠣᠭᠠᠨ᠎ᠤ ᠡᠬᠢ ᠰᠤᠷᠪᠤᠯᠵᠢ᠎ᠶᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠪᠠᠢᠳᠠᠯ᠎ᠢ ᠨᠡᠢᠲᠡᠯᠡᠪᠡ᠃ 《 ᠣᠨ᠎ᠤ ᠮᠡᠳᠡᠭᠦᠯᠦᠯᠲᠡ 》᠎ᠡᠴᠡ ᠦᠵᠡᠪᠡᠯ ᠂ ᠰᠢᠯᠵᠢᠮᠡᠯ ᠮᠡᠳᠡᠭᠡ ᠬᠣᠯᠪᠣᠭᠠᠨ᠎ᠤ ᠡᠬᠢ ᠰᠤᠷᠪᠤᠯᠵᠢ ᠨᠢ ᠨᠢᠭᠡᠨᠲᠡ ᠠᠭᠠᠷ ᠮᠠᠨᠳᠠᠯ᠎ᠤᠨ ᠪᠣᠬᠢᠷᠲᠤᠯ᠎ᠤᠨ ᠭᠠᠳᠠᠭᠰᠢᠯᠠᠭᠤᠯᠤᠯᠲᠠ᠎ᠶᠢᠨ ᠴᠢᠬᠤᠯᠠ ᠢᠷᠡᠯᠲᠡ ᠪᠣᠯᠤᠭᠰᠠᠨ ᠪᠠᠢᠨ᠎ᠠ᠃