1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
12 ᠰᠠᠷ᠎ᠠ᠎ᠶᠢᠨ 12᠎ᠤᠨ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠵᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠲᠤᠰᠬᠠᠢ ᠰᠡᠳᠦᠪ᠎ᠢᠶᠡᠷ ᠰᠤᠳᠤᠯᠪᠠ
12 ᠰᠠᠷ᠎ᠠ᠎ᠶᠢᠨ 12᠎ᠤᠨ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠲᠤᠰᠬᠠᠢ ᠰᠡᠳᠦᠪ᠎ᠢᠶᠡᠷ ᠰᠤᠳᠤᠯᠵᠤ᠂ 2025 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠂ ᠪᠠᠢᠭᠤᠯᠭ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠠᠵᠢᠯ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠯᠪᠣᠭᠳᠠᠯ ᠪᠦᠬᠦᠢ ᠤᠴᠢᠷ ᠶᠠᠪᠤᠳᠠᠯ᠎ᠢ ᠬᠢᠨᠠᠨ ᠵᠥᠪᠯᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
12 ᠰᠠᠷ᠎ᠠ᠎ᠶᠢᠨ 12᠎ᠤᠨ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《 ᠳᠥᠷᠪᠡᠳᠦᠭᠡᠷ ᠪᠦᠯᠦᠭ᠎ᠦᠨ ᠦᠵᠡᠰᠬᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ᠎ᠦᠨ ᠰᠢᠯᠢᠳᠡᠭ ᠬᠡᠷᠡᠭ᠎ᠦᠨ ᠵᠢᠱ᠌ᠢᠶ᠎ᠡ᠎ᠶᠢᠨ ᠰᠠᠨᠠᠭᠤᠯᠭ᠎ᠠ᠎ᠶᠢᠨ ᠨᠡᠷᠡᠰ 》 ᠂ 《 〈 ᠬᠢᠮᠢ᠎ᠶᠢᠨ ᠪᠣᠳᠠᠰ᠎ᠤᠨ ᠨᠡᠷᠡᠰ᠎ᠦᠨ ᠵᠢᠭ᠍ᠰᠠᠭᠠᠯᠲᠠ ( ᠭᠤᠷᠪᠠᠳᠤᠭᠠᠷ ᠪᠦᠯᠦᠭ ) 〉᠎ᠶᠢ ᠨᠡᠢᠲᠡᠯᠡᠬᠦ ᠲᠤᠬᠠᠢ ᠠᠯᠪᠠᠨ ᠵᠠᠷ 》 ᠂ ᠭᠤᠸᠠᠩᠳᠦ᠋ᠩ᠎ᠦᠨ᠎ᠲᠠᠢ ᠫᠢᠩ ᠯᠢᠩ᠎ᠦᠨ ᠴᠥᠮ᠎ᠡ᠎ᠶᠢᠨ ᠴᠠᠬᠢᠯᠭᠠᠨ᠎ᠤ ᠦᠢᠯᠡᠳᠪᠦᠷᠢ᠎ᠶᠢᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠦᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ ( ᠠᠵᠢᠯᠯᠠᠭᠠᠨ᠎ᠤ ᠱᠠᠲᠤ ᠦᠶ᠎ᠡ ) ᠪᠣᠯᠣᠨ 1 ᠳ᠋ᠦ᠍ᠭᠡᠷ ᠨᠣᠮᠧᠷᠲᠤ ᠮᠠᠰᠢᠨ ᠴᠣᠭᠴᠠᠯᠠᠪᠤᠷᠢ᠎ᠶᠢᠨ ᠠᠵᠢᠯᠯᠠᠭᠠᠨ᠎ᠤ ᠵᠥᠪᠰᠢᠶᠡᠷᠡᠯ᠎ᠦᠨ ᠦᠨᠡᠮᠯᠡᠯ᠎ᠢ ᠬᠢᠨᠠᠨ ᠦᠨᠡᠯᠡᠵᠦ ᠬᠢᠨᠠᠯᠲᠠ ᠲᠠᠯᠪᠢᠭ᠍ᠰᠠᠨ ᠪᠠᠢᠳᠠᠯ᠂ ᠵᠧᠵᠢᠶᠠᠩ᠎ᠤᠨ ᠰᠠᠨ ᠤᠣ ᠴᠥᠮ᠎ᠡ᠎ᠶᠢᠨ ᠴᠠᠬᠢᠯᠭᠠᠨ᠎ᠤ ᠦᠢᠯᠡᠳᠪᠦᠷᠢ᠎ᠶᠢᠨ 1 ᠂ 2 ᠳ᠋ᠤᠭᠠᠷ ᠨᠣᠮᠧᠷᠲᠤ ᠮᠠᠰᠢᠨ ᠴᠣᠭᠴᠠᠯᠠᠪᠤᠷᠢ᠎ᠶᠢᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ ( ᠠᠵᠢᠯᠯᠠᠭᠠᠨ᠎ᠤ ᠱᠠᠲᠤ ᠦᠶ᠎ᠡ ) ᠪᠣᠯᠣᠨ 1 ᠳ᠋ᠦ᠍ᠭᠡᠷ ᠨᠣᠮᠧᠷᠲᠤ ᠮᠠᠰᠢᠨ ᠴᠣᠭᠴᠠᠯᠠᠪᠤᠷᠢ᠎ᠶᠢᠨ ᠠᠵᠢᠯᠯᠠᠭᠠᠨ᠎ᠤ ᠵᠥᠪᠰᠢᠶᠡᠷᠡᠯ᠎ᠦᠨ ᠦᠨᠡᠮᠯᠡᠯ᠎ᠢ ᠬᠢᠨᠠᠨ ᠦᠨᠡᠯᠡᠵᠦ ᠬᠢᠨᠠᠯᠲᠠ ᠲᠠᠯᠪᠢᠭ᠍ᠰᠠᠨ ᠪᠠᠢᠳᠠᠯ᠂ 《 ᠬᠡᠪᠴᠢᠶᠡᠵᠢᠭᠦᠯᠦᠭᠰᠡᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ᠎ᠶᠢᠨ ᠰᠢᠪᠲᠦᠷ᠎ᠦᠨ ᠬᠡᠢ ᠭᠠᠳᠠᠭᠰᠢᠯᠠᠭᠤᠯᠬᠤ ᠬᠡᠮᠵᠢᠶ᠎ᠡ᠎ᠶᠢ ᠲᠣᠭᠠᠴᠠᠭ᠎ᠠ ᠬᠢᠬᠦ ᠮᠡᠷᠭᠡᠵᠢᠯ᠎ᠦᠨ ᠵᠦᠭᠯᠡᠭᠦᠷ ( ᠲᠤᠷᠰᠢᠨ ᠬᠡᠷᠡᠭᠵᠢᠭᠦᠯᠬᠦ ) 》 ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ᠎ᠪᠡᠨ ᠪᠠᠲᠤᠯᠠᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠬᠤᠷᠠᠯ᠎ᠳᠤ ᠣᠷᠣᠯᠴᠠᠪᠠ᠃
4. ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠵᠠᠷᠯᠠᠨ ᠨᠡᠢᠲᠡᠯᠡᠪᠡ
ᠭᠤᠷᠪᠠᠳᠤᠭᠠᠷ ᠡᠭᠡᠯᠵᠢ᠎ᠶᠢᠨ ᠲᠠᠪᠤᠳᠤᠭᠠᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ ᠨᠢ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ 》᠎ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ᠎ᠪᠠᠷ ᠬᠠᠤᠯᠢ ᠶᠣᠰᠣᠭᠠᠷ ᠱᠠᠯᠠᠪᠳᠠᠭᠤᠯᠤᠨ ᠪᠠᠢᠴᠠᠭᠠᠯᠲᠠ ᠥᠷᠨᠢᠭᠦᠯᠪᠡ᠃ ᠡᠯ᠎ᠡ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠨᠢᠭᠡᠳᠦᠭᠡᠷ ᠹᠷᠣᠨᠲ᠎ᠳᠤ ᠭᠦᠨᠵᠡᠭᠡᠢᠷᠡᠵᠦ᠂ ᠲᠤᠬᠠᠢ᠎ᠶᠢᠨ ᠲᠠᠯᠠᠪᠠᠢ᠎ᠳᠤ ᠭᠦᠨᠵᠡᠭᠡᠢᠷᠡᠵᠦ᠂ ᠨᠢᠭᠡ ᠪᠦᠯᠦᠭ ᠲᠣᠪᠣᠢᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠪᠠᠢᠴᠠᠭᠠᠨ ᠲᠣᠳᠣᠯᠠᠵᠤ᠂ ᠨᠢᠭᠡ ᠪᠦᠯᠦᠭ ᠠᠵᠢᠯ ᠬᠢᠬᠦ ᠦᠭᠡᠢ᠂ ᠠᠵᠢᠯ᠎ᠢᠶᠠᠨ ᠤᠳᠠᠭᠠᠰᠢᠷᠠᠭᠤᠯᠬᠤ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠲᠠᠭᠤ ᠠᠰᠠᠭᠤᠳᠠᠯ᠎ᠳᠤ ᠬᠠᠯᠳᠠᠬᠤ ᠦᠭᠡᠢ᠂ ᠴᠢᠨᠠᠭᠰᠢᠯᠠᠪᠠᠯ ᠬᠠᠰᠢ ᠶᠠᠰᠢ᠎ᠪᠠᠷ ᠠᠷᠭᠠᠴᠠᠬᠤ᠂ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠬᠢᠨᠠᠨ ᠬᠠᠷᠭᠤᠭᠤᠯᠪᠠ᠃ ᠰᠡᠷᠡᠮᠵᠢᠯᠡᠭᠦᠯᠬᠦ ᠦᠢᠯᠡᠳᠦᠯ᠎ᠢ ᠪᠠᠳᠠᠷᠠᠭᠤᠯᠵᠤ ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠠᠬᠢᠭᠤᠯᠬᠤ᠎ᠶᠢᠨ ᠲᠥᠯᠥᠭᠡ᠂ ᠡᠳᠦᠭᠡ ᠬᠣᠶᠠᠳᠤᠭᠠᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠢᠯᠡ᠎ᠪᠡᠷ ᠵᠠᠷᠯᠠᠨ ᠨᠡᠢᠲᠡᠯᠡᠪᠡ᠃
5. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠹᠠᠺᠲ᠋ᠤᠷ᠎ᠤᠨ ᠳ᠋ᠠᠢᠲ᠋ᠠ ᠬᠥᠮᠥᠷᠭᠡ᠎ᠶᠢᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠵᠢᠯᠣᠭᠣᠳᠤᠮᠵᠢ 》᠎ᠶᠢᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠳᠠ᠎ᠶᠢ ᠬᠠᠷᠢᠭᠤᠯᠪᠠ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 《 ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠹᠠᠺᠲ᠋ᠤᠷ᠎ᠤᠨ ᠳ᠋ᠠᠢᠲ᠋ᠠ ᠬᠥᠮᠥᠷᠭᠡ᠎ᠶᠢᠨ ᠪᠠᠢᠭᠤᠯᠤᠯᠲᠠ᠎ᠶᠢᠨ ᠠᠵᠢᠯ᠎ᠤᠨ ᠵᠢᠯᠣᠭᠣᠳᠤᠮᠵᠢ 》 ( ᠳᠣᠷᠣᠭ᠍ᠰᠢ 《 ᠠᠵᠢᠯ᠎ᠤᠨ ᠵᠢᠯᠣᠭᠣᠳᠤᠮᠵᠢ 》 ᠭᠡᠵᠦ ᠲᠣᠪᠴᠢᠯᠠᠨ᠎ᠠ )᠎ᠶᠢ ᠳᠠᠷᠤᠮᠠᠯᠯᠠᠨ ᠲᠠᠷᠬᠠᠭᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠠᠷᠢᠭᠤᠴᠠᠯᠭᠠᠲᠠᠨ ᠨᠥᠬᠥᠳ 《 ᠠᠵᠢᠯ᠎ᠤᠨ ᠵᠢᠯᠣᠭᠣᠳᠤᠮᠵᠢ 》᠎ᠶᠢᠨ ᠬᠠᠮᠢᠶ᠎ᠠ ᠪᠦᠬᠦᠢ ᠪᠠᠢᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃