1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
11 ᠳ᠋ᠦ᠍ᠭᠡᠷ ᠰᠠᠷ᠎ᠠ᠎ᠶᠢᠨ 28᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠪᠥᠬᠥ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ ᠠᠵᠢᠯ᠎ᠤᠨ ᠲᠤᠬᠠᠢ ᠳᠤᠷᠠᠳᠤᠭᠰᠠᠨ ᠴᠢᠬᠤᠯᠠ ᠵᠢᠭᠠᠪᠤᠷᠢ ᠪᠠ ᠲᠥᠪ᠎ᠦᠨ ᠪᠥᠬᠥ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
2. ᠰᠦᠨ ᠵᠢᠨ ᠯᠦᠩ ᠱᠦᠵᠢ᠄ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠰᠢᠨ᠎ᠡ ᠠᠬᠢᠴᠠ᠎ᠲᠠᠢ ᠪᠣᠯᠬᠤ᠎ᠶᠢ ᠴᠢᠷᠮᠠᠢᠨ ᠠᠬᠢᠭᠤᠯᠬᠤ ᠬᠡᠷᠡᠭᠲᠡᠢ
ᠪᠣᠬᠢᠷᠲᠤᠯ ᠦᠭᠡᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠢᠯᠡ ᠲᠣᠳᠣ᠌ ᠰᠠᠭᠤᠷᠢ ᠥᠩᠭᠡ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠬᠠᠢ ᠴᠢᠬᠤᠯᠠ ᠶᠡᠬᠡ ᠪᠠᠢᠷᠢᠯᠠᠭᠤᠯᠤᠯᠲᠠ ᠬᠢᠵᠦ᠂ 《 ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ 》 ᠭᠡᠵᠦ ᠲᠣᠳᠣᠷᠬᠠᠢ ᠳᠤᠷᠠᠳᠤᠨ ᠭᠠᠷᠭᠠᠵᠠᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢᠨ ᠲᠥᠯᠥᠭᠡ᠂ ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ᠎ᠢ ᠰᠤᠷᠪᠤᠯᠵᠢᠯᠠᠪᠠ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
11 ᠳ᠋ᠦ᠍ᠭᠡᠷ ᠰᠠᠷ᠎ᠠ᠎ᠶᠢᠨ 28᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《 ᠳᠤᠮᠳᠠᠳᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠱᠠᠩᠨᠠᠯ᠎ᠢ ᠠᠳᠠᠯᠢᠳᠬᠠᠨ ᠰᠢᠯᠭᠠᠷᠠᠭᠤᠯᠬᠤ ᠪᠠ ᠬᠥᠬᠢᠭᠦᠯᠦᠨ ᠰᠠᠢᠰᠢᠶᠠᠬᠤ ᠠᠵᠢᠯᠯᠠᠭ᠎ᠠ᠎ᠶᠢᠨ ᠠᠷᠭ᠎ᠠ 》 《 ᠤᠯᠤᠰ᠎ᠤᠨ ᠴᠡᠴᠡᠷᠯᠢᠭ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) 》 《 ᠪᠠᠢᠭᠠᠯᠢ᠎ᠶᠢᠨ ᠴᠡᠴᠡᠷᠯᠢᠭ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) 》 《 ᠨᠡᠬᠡᠮᠡᠯ᠎ᠦᠨ ᠠᠵᠤ ᠦᠢᠯᠡᠳᠪᠦᠷᠢ᠎ᠶᠢᠨ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ 》 ᠪᠠ 《 ᠡᠮ ᠦᠢᠯᠡᠳᠬᠦ ᠠᠵᠢᠯ ᠲᠥᠷᠥᠯ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠣᠷᠴᠢᠨ ᠲᠣᠭᠣᠷᠢᠨ᠎ᠤ ᠦᠨᠡᠯᠡᠯᠲᠡ᠎ᠶᠢᠨ ᠠᠵᠢᠯ᠎ᠢ ᠰᠢᠯᠢᠳᠡᠭᠵᠢᠭᠦᠯᠬᠦ ᠲᠤᠬᠠᠢ ᠰᠠᠨᠠᠯ 》᠎ᠢ ᠬᠢᠨᠠᠨ ᠵᠥᠪᠯᠡᠬᠦ᠎ᠶᠢᠨ ᠬᠠᠮᠲᠤ ᠵᠠᠷᠴᠢᠮ ᠳᠡᠭᠡᠷ᠎ᠡ᠎ᠪᠡᠨ ᠪᠠᠲᠤᠯᠠᠪᠠ᠃
4. ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠧᠢᠯᠦᠨᠦ ᠶᠡᠬᠡ ᠬᠤᠷᠠᠯ᠎ᠳᠤ ᠣᠷᠣᠯᠴᠠᠪᠠ
2025 ᠣᠨ᠎ᠤ 11 ᠳ᠋ᠦ᠍ᠭᠡᠷ ᠰᠠᠷ᠎ᠠ᠎ᠶᠢᠨ 10᠎ᠤ ᠡᠳᠦᠷ᠎ᠡᠴᠡ 22᠎ᠤᠨ ᠡᠳᠦᠷ ᠪᠣᠯᠲᠠᠯ᠎ᠠ᠂ 《 ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠣᠷᠣ᠌ ᠲᠥᠰᠥᠪ᠎ᠦᠨ ᠨᠡᠶ᠋ᠢᠲᠡ᠎ᠶᠢᠨ ᠭᠡᠷ᠎ᠡ 》 ( ᠳᠣᠷᠣᠭ᠍ᠰᠢ 《 ᠨᠡᠶ᠋ᠢᠲᠡ᠎ᠶᠢᠨ ᠭᠡᠷ᠎ᠡ 》 ᠭᠡᠵᠦ ᠲᠣᠪᠴᠢᠯᠠᠨ᠎ᠠ )᠎ᠶᠢᠨ ᠭᠤᠴᠢᠳᠤᠭᠠᠷ ᠤᠳᠠᠭᠠᠨ᠎ᠤ ᠭᠡᠷᠡᠲᠦ ᠲᠠᠯ᠎ᠠ᠎ᠶᠢᠨ ᠶᠡᠬᠡ ᠬᠤᠷᠠᠯ ( COP30 ) ᠢ ᠪᠷᠠᠽᠢᠯ᠎ᠤᠨ ᠬᠣᠢᠲᠤ ᠬᠡᠰᠡᠭ᠎ᠦᠨ ᠫᠠᠷᠨ ᠵᠧᠦ᠎ᠶᠢᠨ ᠲᠥᠪ ᠪᠧᠢᠯᠦᠨ ᠬᠣᠲᠠ᠎ᠳᠤ ᠬᠤᠷᠠᠯᠳᠤᠭᠤᠯᠪᠠ᠃ ᠲᠣᠰ ᠬᠤᠭᠤᠴᠠᠭᠠᠨ᠎ᠤ ᠶᠡᠬᠡ ᠬᠤᠷᠠᠯ᠎ᠳᠤ ᠨᠡᠶ᠋ᠢᠲᠡ 194 ᠭᠡᠷᠡᠲᠦ ᠲᠠᠯ᠎ᠠ᠂ 2214 ᠠᠵᠢᠭ᠍ᠯᠠᠭ᠍ᠴᠢ᠎ᠶᠢᠨ ᠵᠣᠬᠢᠶᠠᠨ ᠪᠠᠢᠭᠤᠯᠤᠯᠲᠠ᠂ 1457 ᠵᠠᠭᠤᠴᠢᠯᠠᠭᠤᠷ ᠂ ᠨᠡᠶ᠋ᠢᠲᠡ 5.6 ᠲᠦᠮᠡᠨ ᠬᠥᠮᠥᠨ ᠳᠠᠩᠰᠠᠯᠠᠭᠤᠯᠤᠨ ᠬᠤᠷᠠᠯ᠎ᠳᠤ ᠣᠷᠣᠯᠴᠠᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ COP30 ᠭᠠᠷᠤᠢ ᠤᠳᠠᠭ᠎ᠠ᠎ᠶᠢᠨ ᠳᠡᠭᠡᠳᠦ ᠲᠡᠰ᠎ᠤᠨ ᠬᠤᠷᠠᠯ᠎ᠳᠤ ᠣᠷᠣᠯᠴᠠᠵᠤ᠂ ᠳᠡᠳ᠋ ᠰᠠᠢᠳ ᠯᠢ ᠭᠤᠤ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠦᠬᠦ ᠶᠠᠪᠤᠴᠠ᠎ᠪᠠᠷ ᠬᠤᠷᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠬᠡᠷᠡᠭ ᠶᠠᠪᠤᠳᠠᠯ᠎ᠤᠨ ᠣᠨᠴᠠ ᠡᠯᠴᠢ ᠯᠢᠦ ᠵᠧᠨ ᠮᠢᠨ ᠲᠥᠯᠥᠭᠡᠯᠡᠭᠴᠢᠳ᠎ᠦᠨ ᠪᠦᠯᠬᠦᠮ᠎ᠦᠨ ᠵᠥᠪᠯᠡᠭᠴᠢ᠎ᠶᠢᠨ ᠲᠤᠰᠢᠶᠠᠯ᠎ᠢ ᠡᠭᠦᠷᠭᠡᠯᠡᠪᠡ᠃
5. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠸᠢᠶᠧᠲᠨᠠᠮ᠎ᠤᠨ ᠲᠠᠷᠢᠶᠠᠯᠠᠩ ᠪᠣᠯᠣᠨ ᠣᠷᠴᠢᠨ ᠲᠣᠭᠣᠷᠢᠨ᠎ᠤ ᠶᠠᠮᠤᠨ᠎ᠤ ᠰᠠᠢᠳ ᠴᠧᠨ ᠳᠧ ᠱᠧᠩ᠎ᠲᠠᠢ ᠠᠭᠤᠯᠵᠠᠪᠠ
11 ᠳ᠋ᠦ᠍ᠭᠡᠷ ᠰᠠᠷ᠎ᠠ᠎ᠶᠢᠨ 28᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠸᠢᠶᠧᠲᠨᠠᠮ᠎ᠤᠨ ᠲᠠᠷᠢᠶᠠᠯᠠᠩ ᠬᠢᠭᠡᠳ ᠣᠷᠴᠢᠨ ᠲᠣᠭᠣᠷᠢᠨ᠎ᠤ ᠶᠠᠮᠤᠨ᠎ᠤ ᠰᠠᠢᠳ ᠴᠧᠨ ᠳᠧ ᠱᠧᠩ᠎ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠂ ᠬᠣᠶᠠᠷ ᠲᠠᠯ᠎ᠠ᠎ᠶᠢᠨ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠭᠦᠨᠵᠡᠭᠡᠢ ᠰᠣᠯᠢᠯᠴᠠᠪᠠ᠃
6. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠸᠸᠳᠢᠤ᠋᠎ᠪᠠᠷ ᠡᠸᠦ᠋ᠷᠦᠫᠡ᠎ᠶᠢᠨ ᠬᠣᠯᠪᠣᠭᠠᠨ᠎ᠤ ᠵᠥᠪᠯᠡᠯ᠎ᠦᠨ ᠣᠷᠴᠢᠨ ᠲᠣᠭᠣᠷᠢᠨ᠂ ᠤᠰᠤᠨ᠎ᠤ ᠡᠬᠢ ᠪᠠᠶᠠᠯᠢᠭ᠋᠎ᠤᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠪᠦᠬᠦᠢ ᠣᠷᠴᠢᠯ ᠠᠵᠤ ᠠᠬᠤᠢ᠎ᠶᠢᠨ ᠭᠡᠰᠢᠭᠦᠨ ᠷᠤᠰᠸᠠᠷᠲᠠᠢ ᠠᠭᠤᠯᠵᠠᠪᠠ
11 ᠳ᠋ᠦ᠍ᠭᠡᠷ ᠰᠠᠷ᠎ᠠ᠎ᠶᠢᠨ 28᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠸᠢᠳᠢᠤ᠋᠎ᠪᠠᠷ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭᠠᠨ᠎ᠤ ᠵᠥᠪᠯᠡᠯ᠎ᠦᠨ ᠣᠷᠴᠢᠨ ᠲᠣᠭᠣᠷᠢᠨ᠂ ᠤᠰᠤᠨ᠎ᠤ ᠡᠬᠢ ᠪᠠᠶᠠᠯᠢᠭ᠋᠎ᠤᠨ ᠤᠶᠠᠨ ᠬᠠᠳᠠᠨ ᠴᠢᠨᠠᠷ ᠪᠣᠯᠣᠨ ᠥᠷᠢᠰᠦᠯᠳᠦᠬᠦ ᠬᠦᠴᠦᠨ᠎ᠦ ᠣᠷᠴᠢᠯ ᠠᠵᠤ ᠠᠬᠤᠢ᠎ᠶᠢᠨ ᠭᠡᠰᠢᠭᠦᠨ ᠷᠤᠰᠸᠠᠷᠲᠠᠢ ᠠᠭᠤᠯᠵᠠᠪᠠ ᠃ ᠬᠣᠶᠠᠷ ᠲᠠᠯ᠎ᠠ᠎ᠪᠠᠷ᠎ᠢᠶᠠᠨ ᠰᠦᠯᠢᠶᠥᠦ᠎ᠶᠢᠨ ᠪᠣᠬᠢᠷᠲᠤᠯ᠎ᠤᠨ ᠤᠯᠠᠨ ᠤᠯᠤᠰ᠎ᠤᠨ ᠪᠢᠴᠢᠭ ᠬᠠᠷ᠎ᠠ᠎ᠶᠢᠨ ᠬᠡᠯᠡᠯᠴᠡᠭᠡ᠂ 《 ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ᠎ᠶᠢᠨ ᠭᠡᠷ᠎ᠡ 》 ᠵᠢᠨ ᠠᠷᠪᠠᠨ ᠳᠣᠯᠣᠳᠤᠭᠠᠷ ᠤᠳᠠᠭ᠎ᠠ᠎ᠶᠢᠨ ᠭᠡᠷᠡᠲᠦ ᠲᠠᠯ᠎ᠠ᠎ᠶᠢᠨ ᠶᠡᠬᠡ ᠬᠤᠷᠠᠯ᠂ ᠺᠦᠨᠮᠢᠩ ︱ ᠮᠣᠨᠲᠷᠢᠶᠠᠯ᠎ᠤᠨ ᠪᠦᠬᠦ ᠪᠥᠮᠪᠥᠷᠴᠡᠭ᠎ᠦᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠦᠪᠴᠢ ᠲᠥᠰᠥᠪ᠎ᠢ ᠨᠠᠢᠳᠠᠪᠤᠷᠢᠵᠢᠭᠤᠯᠬᠤ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠭᠦᠨᠵᠡᠭᠡᠢ ᠰᠣᠯᠢᠯᠴᠠᠪᠠ᠃
7. ᠠᠮᠢ ᠠᠬᠤᠢ ᠣᠷᠴᠢᠨ ᠲᠣᠭᠣᠷᠢᠨ᠎ᠤ ᠶᠠᠮᠤᠨ 11 ᠳ᠋ᠦ᠍ᠭᠡᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ
11 ᠳ᠋ᠦ᠍ᠭᠡᠷ ᠰᠠᠷ᠎ᠠ᠎ᠶᠢᠨ 28᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 11 ᠳ᠋ᠦ᠍ᠭᠡᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠢᠮᠢ᠎ᠶᠢᠨ ᠪᠣᠳᠠᠰ᠎ᠤᠨ ᠵᠤᠷᠭᠠᠨ᠎ᠤ ᠳᠠᠷᠤᠭ᠎ᠠ ᠭᠦᠸᠧ ᠢ ᠵᠢᠶᠦ᠋ᠨ ᠰᠣᠨᠢᠨ ᠮᠡᠳᠡᠭᠡ ᠨᠡᠢᠲᠡᠯᠡᠬᠦ ᠬᠤᠷᠠᠯ᠎ᠳᠤ ᠣᠷᠣᠯᠴᠠᠵᠤ᠂ ᠮᠠᠨ᠎ᠤ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠢᠮᠢ᠎ᠶᠢᠨ ᠪᠣᠳᠠᠰ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠶᠢᠨ ᠬᠣᠯᠪᠣᠭᠳᠠᠯ ᠪᠦᠬᠦᠢ ᠠᠵᠢᠯ᠎ᠤᠨ ᠠᠬᠢᠴᠠ᠎ᠶᠢᠨ ᠪᠠᠢᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠣᠨᠢᠨ ᠮᠡᠳᠡᠭᠡᠨ᠎ᠦ ᠥᠭᠦᠯᠡᠭᠴᠢ᠂ ᠤᠬᠠᠭᠤᠯᠭ᠎ᠠ ᠬᠥᠮᠦᠵᠢᠯ᠎ᠦᠨ ᠵᠤᠷᠭᠠᠨ᠎ᠤ ᠳᠠᠷᠤᠭ᠎ᠠ ᠫᠧᠢ ᠰᠢᠶᠣᠣ ᠹᠧᠢ ᠰᠣᠨᠢᠨ ᠮᠡᠳᠡᠭᠡ ᠨᠡᠢᠲᠡᠯᠡᠬᠦ ᠬᠤᠷᠠᠯ᠎ᠢ ᠡᠷᠬᠢᠯᠡᠵᠦ᠂ ᠣᠢᠷ᠎ᠠ᠎ᠶᠢᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠣᠣᠯᠳᠠᠯᠭ᠎ᠠ᠎ᠲᠠᠢ ᠠᠵᠢᠯ᠎ᠤᠨ ᠠᠬᠢᠴᠠ᠎ᠶᠢ ᠲᠤᠩᠬᠠᠭᠯᠠᠨ ᠮᠡᠳᠡᠭᠳᠡᠪᠡ᠃
8. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢᠲᠦ ᠨᠢᠭᠡᠳᠪᠦᠷᠢ ( HFCs )᠎ᠪᠠᠷ ᠬᠥᠯᠳᠡᠭᠡᠬᠦ ᠡᠳ᠋ ᠪᠣᠯᠭᠠᠭᠰᠠᠨ ᠭᠡᠷ ᠪᠦᠯᠢ᠎ᠶᠢᠨ ᠬᠡᠷᠡᠭᠯᠡᠭᠡᠨ᠎ᠦ ᠬᠥᠷᠥᠭᠡᠭᠦᠷ ᠪᠣᠯᠣᠨ ᠬᠥᠯᠳᠡᠭᠡᠭᠦᠷ᠎ᠦᠨ ᠦᠢᠯᠡᠳᠬᠦᠨ᠎ᠢ ᠦᠢᠯᠡᠳᠪᠦᠷᠢᠯᠡᠬᠦ᠎ᠶᠢ ᠴᠠᠭᠠᠵᠠᠯᠠᠬᠤ ᠲᠤᠬᠠᠢ ᠠᠯᠪᠠᠨ ᠵᠠᠷ 》 ᠵᠡᠷᠭᠡ ᠬᠣᠶᠠᠷ ᠠᠯᠪᠠᠨ ᠵᠠᠷ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 1 ᠂ 1 ︱ ᠬᠣᠶᠠᠷ ᠾᠯᠣᠷ ︱ 1 ︱ ᠹᠯᠣᠷᠲᠤ ᠡᠲ᠋ᠡᠨ ( HCFC-141b )᠎ᠢᠶᠡᠷ ᠬᠥᠭᠡᠰᠦᠷᠡᠭᠦᠯᠦᠭᠴᠢ ᠪᠣᠯᠭᠠᠭᠰᠠᠨ ᠪᠥᠭᠡᠭᠡᠨᠡᠷᠡᠯ ᠰᠢᠪᠲᠦᠷᠲᠦ ᠡᠰᠲᠧᠷᠦᠨ ᠦᠢᠯᠡᠳᠬᠦᠨ᠎ᠢ ᠦᠢᠯᠡᠳᠪᠦᠷᠢᠯᠡᠬᠦ᠎ᠶᠢ ᠴᠠᠭᠠᠵᠠᠯᠠᠬᠤ ᠲᠤᠬᠠᠢ ᠠᠯᠪᠠᠨ ᠵᠠᠷ 》 ᠪᠠ 《 ᠤᠰᠤᠲᠥ᠋ᠷᠥᠭᠴᠢ ᠹᠯᠣᠷᠲᠤ ᠨᠡᠭᠦᠷᠡᠰᠦᠲᠥ᠋ᠷᠥᠭᠴᠢᠲᠦ ᠨᠢᠭᠡᠳᠪᠦᠷᠢ ( HFCs )᠎ᠪᠠᠷ ᠬᠥᠯᠳᠡᠭᠡᠬᠦ ᠡᠳ᠋ ᠪᠣᠯᠭᠠᠭᠰᠠᠨ ᠭᠡᠷ᠎ᠦᠨ ᠬᠡᠷᠡᠭᠯᠡᠭᠡᠨ᠎ᠦ ᠬᠥᠷᠥᠭᠡᠭᠦᠷ ᠪᠠ ᠬᠥᠯᠳᠡᠭᠡᠭᠦᠷ᠎ᠦᠨ ᠦᠢᠯᠡᠳᠬᠦᠨ᠎ᠢ ᠦᠢᠯᠡᠳᠪᠦᠷᠢᠯᠡᠬᠦ᠎ᠶᠢ ᠴᠠᠭᠠᠵᠠᠯᠠᠬᠤ ᠲᠤᠬᠠᠢ ᠠᠯᠪᠠᠨ ᠵᠠᠷ 》 ( ᠳᠣᠷᠣᠭ᠍ᠰᠢ ᠬᠣᠶᠠᠷ ᠠᠯᠪᠠᠨ ᠵᠠᠷ ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠣᠶᠠᠷ ᠠᠯᠪᠠᠨ ᠵᠠᠷ᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
9. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ 10 ᠳ᠋ᠤᠭᠠᠷ ᠰᠠᠷ᠎ᠠ᠎ᠶᠢᠨ ᠪᠦᠬᠦ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ 11 ᠳ᠋ᠦ᠍ᠭᠡᠷ ᠰᠠᠷ᠎ᠠ᠎ᠶᠢᠨ 26᠎ᠤ ᠡᠳᠦᠷ 2025 ᠣᠨ᠎ᠤ 10 ᠳ᠋ᠤᠭᠠᠷ ᠰᠠᠷ᠎ᠠ᠎ᠶᠢᠨ ᠪᠥᠬᠥ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠵᠠᠭᠤᠴᠢᠯᠠᠭᠤᠷ᠎ᠲᠤ ᠨᠡᠢᠲᠡᠯᠡᠪᠡ᠃ 10 ᠳ᠋ᠤᠭᠠᠷ ᠰᠠᠷ᠎ᠠ᠎ᠳᠤ ᠂ ᠪᠥᠬᠥ ᠤᠯᠤᠰ᠎ᠤᠨ 339 ᠲᠤᠰᠬᠠᠢ ᠣᠷᠣᠨ᠎ᠤ ᠲᠠᠰ ᠵᠢᠴᠢ ᠲᠡᠭᠦᠨ᠎ᠡᠴᠡ ᠳᠡᠭᠡᠭᠰᠢᠬᠢ ᠬᠣᠲᠠ᠎ᠶᠢᠨ PM2.5 ᠵᠢᠨ ᠳᠤᠮᠳᠠᠴᠢ ᠥᠳᠬᠡᠴᠡ ᠨᠢ 23.5 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 17.5% ᠪᠡᠷ ᠪᠠᠭᠤᠷᠠᠪᠠ ; PM10 ᠵᠢᠨ ᠳᠤᠮᠳᠠᠴᠢ ᠥᠳᠬᠡᠴᠡ ᠨᠢ 39 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 18.8% ᠪᠡᠷ ᠪᠠᠭᠤᠷᠠᠪᠠ ; O3 ᠵᠢᠨ ᠳᠤᠮᠳᠠᠴᠢ ᠥᠳᠬᠡᠴᠡ ᠨᠢ 103 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 16.9% ᠪᠡᠷ ᠪᠠᠭᠤᠷᠠᠪᠠ ; SO2᠎ᠤᠨ ᠳᠤᠮᠳᠠᠴᠢ ᠥᠳᠬᠡᠴᠡ ᠨᠢ 7 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 12.5% ᠪᠡᠷ ᠪᠠᠭᠤᠷᠠᠪᠠ ; NO2᠎ᠤᠨ ᠳᠤᠮᠳᠠᠴᠢ ᠥᠳᠬᠡᠴᠡ ᠨᠢ 18 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 18.2% ᠪᠠᠭᠤᠷᠠᠪᠠ ; CO ᠵᠢᠨ ᠳᠤᠮᠳᠠᠴᠢ ᠥᠳᠬᠡᠴᠡ ᠨᠢ 0.8 ᠮᠢᠯᠢᠭ᠌ᠷᠠᠮ/ᠪᠣᠰᠣᠭ᠎ᠠ ᠳᠥᠷᠪᠡᠯᠵᠢᠨ ᠮᠧᠲᠷ ᠪᠠᠢᠵᠤ ᠂ ᠠᠳᠠᠯᠢ ᠬᠤᠭᠤᠴᠠᠭᠠᠨ᠎ᠤ ᠬᠢ᠎ᠲᠠᠢ ᠲᠡᠩᠴᠡᠨ᠎ᠡ᠃
10. 《 2025 ᠣᠨ᠎ᠤ ᠬᠤᠸᠠᠩ ᠶᠠᠨ ᠳ᠋ᠣᠣ ᠠᠷᠠᠯ᠎ᠤᠨ ᠳᠠᠯᠠᠶ᠎ᠶᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢᠳᠠᠯ᠎ᠢ ᠪᠠᠢᠴᠠᠭᠠᠨ ᠦᠨᠡᠯᠡᠭᠰᠡᠨ ᠮᠡᠳᠡᠭᠦᠯᠦᠯᠲᠡ 》᠎ᠶᠢ ᠨᠡᠢᠲᠡᠯᠡᠪᠡ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠡᠮᠦᠨᠡᠲᠦ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠵᠦᠵᠢᠶᠠᠩ ᠮᠥᠷᠡᠨ᠎ᠦ ᠡᠮᠦᠨᠡᠲᠦ ᠲᠠᠩᠭᠢᠰ᠎ᠤᠨ ᠲᠣᠪᠴᠢᠶ᠎ᠠ᠎ᠶᠢᠨ ᠬᠢᠨᠠᠨ ᠬᠡᠮᠵᠢᠯᠲᠡ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠪ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠯᠤᠰ᠎ᠤᠨ ᠳᠠᠯᠠᠶ ᠲᠠᠩᠭᠢᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠭᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠦ ᠲᠥᠪ᠂ ᠠᠮᠢ ᠠᠬᠤᠢ ᠣᠷᠴᠢᠨ ᠲᠣᠭᠣᠷᠢᠨ᠎ᠤ ᠬᠠᠢᠨᠠᠨ ᠮᠤᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠂ ᠭᠤᠸᠠᠩᠰᠢ ᠶᠡᠬᠡ ᠰᠤᠷᠭᠠᠭᠤᠯᠢ᠎ᠶᠢᠨ ᠭᠤᠸᠠᠩᠰᠢ᠎ᠶᠢᠨ ᠡᠮᠦᠨᠡᠲᠦ ᠲᠠᠩᠭᠢᠰ᠎ᠤᠨ ᠱ᠌ᠢᠷᠦᠨ ᠪᠣᠱᠣᠭ᠎ᠠ᠎ᠶᠢᠨ ᠰᠤᠳᠤᠯᠭᠠᠨ᠎ᠤ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠂ ᠬᠠᠢᠨᠠᠨ ᠮᠤᠵᠢ᠎ᠶᠢᠨ ᠳᠠᠯᠠᠢ ᠲᠠᠩᠭᠢᠰ ᠪᠣᠯᠣᠨ ᠵᠢᠭᠠᠰᠤᠨ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ ᠵᠡᠷᠭᠡ 8 ᠨᠢᠭᠡᠴᠢ᠎ᠲᠠᠢ ᠬᠠᠮᠲᠤᠷᠠᠨ ᠨᠠᠢᠷᠠᠭᠤᠯᠤᠨ ᠵᠣᠬᠢᠶᠠᠭᠰᠠᠨ 《 2025 ᠣᠨ᠎ᠤ ᠬᠤᠸᠠᠩ ᠶᠠᠨ ᠳ᠋ᠣᠣ ᠠᠷᠠᠯ᠎ᠤᠨ ᠳᠠᠯᠠᠢ᠎ᠶᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢᠳᠠᠯ᠎ᠢ ᠪᠠᠢᠴᠠᠭᠠᠨ ᠦᠨᠡᠯᠡᠭᠰᠡᠨ ᠮᠡᠳᠡᠭᠦᠯᠦᠯᠲᠡ 》 ᠶ᠋ᠢ ᠨᠡᠢᠲᠡᠯᠡᠪᠡ᠃