1. ᠱᠦᠵᠢ ᠰᠦᠨ ᠵᠢᠨ ᠯᠦᠩ᠂ ᠰᠠᠶ᠋ᠢᠳ ᠬᠤᠸᠠᠩ ᠷᠦᠨ ᠴᠢᠦ 《ᠠᠷᠠᠳ᠎ᠤᠨ ᠡᠳᠦᠷ᠎ᠤᠨ ᠰᠣᠨᠢᠨ》᠎ᠳᠤ 《〈ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠳᠦᠷᠢᠮ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠶ᠎ᠠ》 ᠭᠡᠬᠦ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ
ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠪᠡᠶ᠎ᠡ᠎ᠪᠠᠷ ᠵᠶ᠋ᠡᠨ ᠪᠠᠶ᠋ᠢᠷᠢᠯᠠᠭᠤᠯᠵᠤ᠂ ᠪᠡᠶ᠎ᠡ᠎ᠪᠠᠷ ᠵᠶ᠋ᠡᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠵᠢ ᠠᠬᠢᠭᠤᠯᠵᠤ᠂ ᠱᠠᠯᠠᠪᠳᠠᠭᠤᠯᠤᠨ ᠪᠠᠶ᠋ᠢᠴᠠᠭ᠋ᠠᠬᠤ ᠲᠦᠷᠢᠮ᠎ᠤᠨ ᠪᠠᠶ᠋ᠢᠭᠤᠯᠤᠯᠲᠠ ᠵᠢ ᠢᠮᠠᠭᠲᠠ ᠬᠠᠯᠠᠮᠵᠢᠯᠠᠨ ᠠᠬᠢᠭᠤᠯᠵᠠᠢ᠃ ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠦᠷᠢᠮ》᠎ᠢ ᠲᠠᠷᠤᠮᠠᠯᠯᠠᠨ ᠲᠠᠷᠬᠠᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠪᠦᠬᠦ ᠲᠠᠯ᠎ᠠ᠎ᠪᠠᠷ ᠵᠢᠷᠤᠮᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠦᠷᠢᠮ᠎ᠤᠨ ᠰᠠᠭᠤᠷᠢ ᠵᠢ ᠴᠢᠨᠠᠭᠰᠢᠳᠠ ᠪᠡᠬᠢᠵᠢᠭᠦᠯᠵᠦ᠂ ᠱᠠᠯᠠᠪᠳᠠᠭᠤᠯᠤᠨ ᠪᠠᠶ᠋ᠢᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠡᠶᠡᠯᠡᠭᠦᠯᠬᠦ ᠵᠢ ᠠᠬᠢᠭᠤᠯᠬᠤ᠎ᠳᠤ ᠴᠢᠬᠤᠯᠠ ᠪᠠᠲᠤᠯᠠᠭ᠎ᠠ ᠬᠠᠩᠭ᠋ᠠᠪᠠ᠃
2. ᠱᠦᠵᠢ ᠰᠦᠨ ᠵᠢᠨ ᠯᠦᠩ᠂ ᠰᠠᠶ᠋ᠢᠳ ᠬᠤᠸᠠᠩ ᠷᠦᠨ ᠴᠢᠦ 《ᠠᠷᠠᠳᠴᠢᠯᠠᠯ ᠬᠢᠭᠡᠳ ᠬᠠᠤᠯᠢ ᠳᠦᠷᠢᠮ》 ᠭᠠᠷᠠᠭ᠎ᠤᠨ ᠰᠡᠳᠬᠦᠯ᠎ᠳᠤ 《ᠠᠮᠢ ᠠᠬᠤᠶ ᠵᠢᠨ ᠪᠣᠯᠪᠠᠰᠤᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠲᠠᠰᠤᠷᠠᠯᠲᠠ ᠦᠭᠡᠶ ᠴᠢᠩᠭ᠋ᠠᠳᠬᠠᠶ᠎ᠠ》 ᠭᠡᠬᠦ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ
ᠬᠠᠤᠯᠢᠵᠢᠯ ᠬᠥᠭᠵᠢᠪᠡᠯ ᠦᠨᠳᠦᠰᠦᠲᠡᠨ ᠮᠠᠨᠳᠤᠵᠤ᠂ ᠬᠠᠤᠯᠢᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠶᠡᠷᠦᠩᠬᠡᠶ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠄ 《ᠬᠠᠥᠯᠢ ᠴᠠᠭ᠋ᠠᠵᠠ ᠪᠣᠯ ᠤᠯᠤᠰ᠎ᠢ ᠵᠠᠰᠠᠬᠤ ᠴᠢᠬᠤᠯᠠ ᠵᠡᠪᠰᠡᠭ ᠮᠥᠨ᠂ ᠬᠠᠥᠯᠢ᠎ᠪᠠᠷ ᠵᠠᠰᠠᠬᠤ ᠪᠣᠯ ᠤᠯᠤᠰ᠎ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠴᠢᠬᠤᠯᠠ ᠲᠦᠰᠢᠭ ᠲᠤᠯᠭ᠋ᠠᠭᠤᠷᠢ ᠮᠥᠨ》 ᠭᠡᠵᠡᠶ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠳᠤ 《ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ》 ᠵᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢᠨ ᠴᠢᠬᠤᠯᠠ ᠶᠡᠬᠡ ᠵᠠᠷᠴᠢᠮ᠎ᠤᠨ ᠨᠢᠭᠡ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠤᠬᠠᠶ ᠴᠢᠬᠤᠯᠠ ᠶᠡᠬᠡ ᠪᠠᠶ᠋ᠢᠷᠢᠯᠠᠭᠤᠯᠤᠯᠲᠠ ᠬᠢᠬᠦ᠎ᠪᠠᠷ ᠲᠣᠳᠣᠷᠬᠠᠶ ᠲᠣᠭᠲᠠᠭ᠋ᠠᠵᠠᠶ᠃ ᠪᠢᠳᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ᠎ᠤᠨ ᠵᠠᠮ ᠵᠶ᠋ᠠᠷ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ ᠵᠢ ᠪᠠᠷᠢᠮᠲᠠᠯᠠᠵᠤ᠂ ᠰᠠᠢ᠍ᠢ᠍ᠨ ᠬᠠᠤᠯᠢ᠎ᠪᠠᠷ ᠴᠢᠳᠠᠮᠠᠭ᠋ᠠᠢ᠎ᠪᠠᠷ ᠵᠠᠰᠠᠬᠤ᠎ᠪᠠᠷ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ᠃
3. ᠤᠯᠤᠰ᠎ᠤᠨ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠤᠳᠤᠷᠢᠳᠬᠤ ᠳᠤᠭᠤᠶ᠋ᠢᠯᠠᠩ᠎ᠤᠨ ᠬᠤᠷᠠᠯ ᠪᠡᠭᠡᠵᠢᠩ᠎ᠳᠤ ᠬᠤᠷᠠᠯᠳᠤᠪᠠ
5 ᠰᠠᠷ᠎ᠠ ᠵᠢᠨ 23᠎ᠤ ᠡᠳᠦᠷ᠂ ᠤᠯᠤᠰ᠎ᠤᠨ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠤᠳᠤᠷᠢᠳᠬᠤ ᠳᠤᠭᠤᠶ᠋ᠢᠯᠠᠩ᠎ᠤᠨ ᠬᠤᠷᠠᠯ ᠪᠡᠭᠡᠵᠢᠩ᠎ᠳᠤ ᠬᠤᠷᠠᠯᠳᠤᠪᠠ᠂ ᠬᠤᠷᠠᠯ᠎ᠠᠴᠠ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠮᠠᠨ᠎ᠤ ᠤᠯᠤᠰ᠎ᠤᠨ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠣᠯᠠᠨ ᠤᠯᠤᠰ᠎ᠤᠨ ᠣᠷᠴᠢᠨ ᠲᠣᠭᠣᠷᠢᠨ᠎ᠤ ᠨᠡᠶ᠋ᠢᠲᠡ ᠵᠢᠨ ᠭᠡᠷ᠎ᠡ ᠵᠢ ᠭᠦᠢᠴᠡᠳᠬᠡᠭᠰᠡᠨ ᠠᠵᠢᠯ᠎ᠤᠨ ᠠᠬᠢᠴᠠ ᠪᠠ ᠦᠷ᠎ᠡ ᠪᠦᠲᠦᠮᠵᠢ ᠵᠢ ᠳ᠋ᠦᠩᠨᠡᠵᠦ᠂ ᠣᠳᠣᠬᠠᠨ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠪᠠ ᠥᠷᠢᠰᠥᠯᠳᠦᠭᠡᠨ᠎ᠳᠤ ᠵᠠᠳᠠᠯᠤᠯᠲᠠ ᠬᠢᠵᠦ᠂ ᠲᠠᠷᠠᠭ᠋ᠠᠴᠢ ᠵᠢᠨ ᠱᠠᠲᠤᠨ᠎ᠤ ᠠᠵᠢᠯ ᠵᠶ᠋ᠠᠨ ᠰᠤᠳᠤᠯᠤᠨ ᠪᠠᠶ᠋ᠢᠷᠢᠯᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ᠂ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠬᠤᠸᠠᠩ ᠷᠦᠨ ᠴᠢᠦ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃
4. ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠵᠠᠭᠤᠨ ᠬᠥᠮᠦᠨ᠎ᠤ ᠶᠠᠷᠢᠶᠠᠨ᠎ᠤ ᠲᠠᠪᠴᠠᠩ᠎ᠤᠨ 2025 ᠣᠨ᠎ᠤ ᠬᠤᠷᠠᠯ ᠱᠠᠨᠳᠦ᠋ᠩ᠎ᠳᠤ ᠶᠠᠪᠤᠭᠳᠠᠪᠠ
5 ᠰᠠᠷ᠎ᠠ ᠵᠢᠨ 24᠎ᠤ ᠡᠳᠦᠷ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠵᠠᠭᠤᠨ ᠬᠥᠮᠦᠨ᠎ᠤ ᠶᠠᠷᠢᠶᠠᠨ᠎ᠤ ᠲᠠᠪᠴᠠᠩ᠎ᠤᠨ 2025 ᠣᠨ᠎ᠤ ᠬᠤᠷᠠᠯ ᠱᠠᠨᠳᠦ᠋ᠩ ᠮᠤᠵᠢ ᠵᠢᠨ ᠴᠢᠩᠳᠣᠤ ᠬᠤᠳᠠ᠎ᠳᠤ ᠶᠠᠪᠤᠭᠳᠠᠪᠠ᠃ ᠲᠣᠰ ᠤᠳᠠᠭ᠋ᠠᠨ᠎ᠤ ᠣᠨ᠎ᠤ ᠬᠤᠷᠠᠯ᠎ᠤᠨ ᠭᠣᠥᠯ ᠰᠡᠳᠦᠪ᠎ᠨᠢ 《 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ᠎ᠪᠠᠷ ᠰᠠᠨᠠᠯ ᠵᠥᠪᠯᠡᠯᠭᠡ ᠳᠤᠷᠠᠳᠬᠤ》 ᠪᠣᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ᠂ ᠶᠠᠷᠢᠶᠠᠨ᠎ᠤ ᠲᠠᠪᠴᠠᠩ᠎ᠤᠨ ᠲᠡᠷᠢᠭᠦᠯᠡᠭᠴᠢ ᠬᠤᠸᠠᠩ ᠷᠦᠨ ᠴᠢᠦ ᠣᠨ᠎ᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠱᠠᠨᠳᠦ᠋ᠩ ᠮᠤᠵᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠮᠤᠵᠢ ᠵᠢᠨ ᠳᠠᠷᠤᠭ᠎ᠠ ᠵᠧᠸ᠋ ᠨᠠᠶ ᠰᠢᠶᠠᠩ ᠣᠨ᠎ᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠶ᠃ ᠶᠠᠷᠢᠶᠠᠨ᠎ᠤ ᠲᠠᠪᠴᠠᠩ᠎ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠨᠡᠶ᠋ᠢᠭᠡᠮᠯᠢᠭ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠸᠠᠩ ᠵᠢᠨ ᠨᠠᠨ ᠶᠠᠷᠢᠶᠠᠨ᠎ᠤ ᠲᠠᠪᠴᠠᠩ᠎ᠤᠨ ᠡᠬᠢᠯᠡᠬᠦ ᠶᠣᠰᠣᠯᠠᠯ᠎ᠢ ᠡᠷᠬᠢᠯᠡᠪᠡ᠃
5. 2025 ᠣᠨ᠎ᠤ ᠣᠯᠠᠨ ᠤᠯᠤᠰ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠬᠠᠷᠠᠮᠥ᠋ᠷᠡᠨ ᠮᠤᠵᠢ ᠵᠢᠨ ᠢᠴᠦ᠋ᠨ ᠬᠣᠲᠠ᠎ᠳᠤ ᠶᠠᠪᠤᠭᠳᠠᠪᠠ
2025 ᠣᠨ᠎ᠤ 5 ᠰᠠᠷ᠎ᠠ ᠵᠢᠨ 22᠎ᠤᠨ ᠡᠳᠦᠷ᠂ ᠳᠡᠯᠡᠬᠡᠢ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠬᠠᠷᠠᠮᠥ᠋ᠷᠡᠨ ᠮᠤᠵᠢ ᠵᠢᠨ ᠢᠴᠦ᠋ᠨ ᠬᠤᠳᠠ᠎ᠳᠤ ᠶᠠᠪᠤᠭᠳᠠᠪᠠ᠃ ᠡᠨᠡ ᠵᠢᠯ᠎ᠤᠨ ᠣᠯᠠᠨ ᠤᠯᠤᠰ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠡᠳᠦᠷ᠎ᠤᠨ ᠭᠣᠣᠯ ᠰᠡᠳᠦᠪ ᠪᠣᠯ 《ᠲᠦᠮᠡᠨ ᠪᠣᠳᠠᠰ ᠬᠠᠮᠲᠤ ᠣᠷᠣᠰᠢᠬᠤ ᠪᠠ ᠦᠵᠡᠰᠬᠦᠯᠡᠩᠳᠦ ᠰᠠᠢ᠌ᠬᠠᠨ ᠥᠨᠢᠳᠡ ᠦᠷᠬᠦᠯᠵᠢᠯᠡᠬᠦ》 (Harmony with Nature and Sustainable Development) ᠪᠣᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠶ᠋ᠢᠳ ᠢᠦᠢ ᠬᠤᠢ ᠸᠧᠨ᠂ ᠬᠠᠷᠠᠮᠥ᠋ᠷᠡᠨ ᠮᠤᠵᠢ ᠵᠢᠨ ᠳᠡᠳ᠋ ᠳᠠᠷᠤᠭ᠎ᠠ ᠢᠦᠢ ᠵᠢᠶᠠᠨ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃
6. 《ᠦᠵᠡᠰᠬᠦᠯᠡᠩᠲᠦ ᠰᠠᠶ᠋ᠢᠬᠠᠨ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠬᠤ ᠪᠠ ᠪᠦᠳᠦᠭᠡᠨ ᠪᠠᠶ᠋ᠢᠭᠤᠯᠬᠤ ᠠᠵᠢᠯᠯᠠᠭ᠎ᠠ ᠵᠢᠨ ᠲᠥᠰᠦᠯ (2025 — 2027 ᠣᠨ)᠎ᠢ ᠨᠡᠶ᠋ᠢᠲᠡᠯᠡᠪᠡ
ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠡᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠣᠶ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠦᠵᠡᠰᠬᠦᠯᠡᠩᠲᠦ ᠰᠠᠶ᠋ᠢᠬᠠᠨ ᠭᠣᠥᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠬᠤ ᠪᠠ ᠪᠥᠲᠥᠭᠡᠨ ᠪᠠᠶ᠋ᠢᠭᠤᠯᠬᠤ ᠠᠵᠢᠯᠯᠠᠭ᠎ᠠ ᠵᠢᠨ ᠲᠥᠰᠦᠯ (2025 — 2027 ᠣᠨ)》᠎ᠢ ᠳᠠᠷᠤᠮᠠᠯᠯᠠᠨ ᠲᠠᠷᠬᠠᠭ᠋ᠠᠪᠠ᠃
7. 《2025 ᠣᠨ᠎ᠤ ᠪᠦᠬᠦ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠪᠣᠳᠠᠲᠤ ᠲᠠᠢ᠌ᠯᠠᠯᠳᠤᠭ᠋ᠠᠨ᠎ᠤ ᠶᠡᠬᠡ ᠰᠤᠷᠭ᠋ᠠᠭᠤᠯᠢᠯᠠᠯ᠎ᠤᠨ ᠠᠵᠢᠯᠯᠠᠭ᠎ᠠ ᠵᠢᠨ ᠲᠥᠰᠦᠯ》᠎ᠢ ᠨᠡᠶ᠋ᠢᠲᠡᠯᠡᠪᠡ
ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《2025 ᠣᠨ᠎ᠤ ᠪᠥᠬᠥ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠥᠯᠢ ᠬᠡᠷᠡᠭᠵᠢᠭᠦᠯᠬᠦ ᠪᠣᠳᠠᠲᠤ ᠲᠠᠢ᠌ᠯᠠᠯᠳᠤᠭ᠋ᠠᠨ᠎ᠤ ᠶᠡᠬᠡ ᠰᠤᠷᠭ᠋ᠠᠭᠤᠯᠢᠯᠠᠯ᠎ᠤᠨ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠮᠤᠵᠢ ᠵᠢᠨ ᠱᠠᠲᠤᠨ᠎ᠤ ᠬᠠᠮᠲᠤ ᠨᠡᠶ᠋ᠢᠲᠡ᠂ ᠬᠣᠲᠠ ᠰᠢᠶᠠᠨ᠎ᠤ ᠱᠠᠲᠤᠨ᠎ᠤ ᠬᠠᠮᠲᠤ ᠨᠡᠶ᠋ᠢᠲᠡ ᠪᠠ ᠬᠤᠪᠢ ᠬᠥᠮᠦᠨ᠎ᠤ ᠠᠵᠢᠯᠯᠠᠭ᠎ᠠ᠎ᠳᠤ ᠣᠷᠣᠯᠴᠠᠬᠤ ᠨᠠᠷᠢᠨ ᠲᠦᠷᠢᠮ᠎ᠢ ᠨᠡᠶ᠋ᠢᠲᠡᠯᠡᠵᠦ᠂ ᠡᠯ᠎ᠡ ᠭᠠᠵᠠᠷ᠎ᠤᠨ᠎ᠬᠢᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠥᠯᠢ ᠬᠡᠷᠡᠭᠵᠢᠭᠦᠯᠬᠦ ᠪᠣᠳᠠᠲᠤ ᠲᠠᠢ᠌ᠯᠠᠯᠳᠤᠭ᠋ᠠᠨ᠎ᠤ ᠶᠡᠬᠡ ᠰᠤᠷᠭ᠋ᠠᠭᠤᠯᠢᠯᠠᠯ᠎ᠤᠨ ᠠᠵᠢᠯᠯᠠᠭ᠎ᠠ ᠥᠷᠨᠢᠭᠦᠯᠬᠦ ᠵᠢ ᠵᠢᠯᠣᠭᠣᠳᠪᠠ᠃
8. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 《ᠴᠥᠮ᠎ᠡ ᠵᠢᠨ ᠬᠥᠳᠡᠯᠭᠡᠬᠦ ᠬᠦᠴᠦᠨ᠎ᠤ ᠦᠢ᠍ᠯᠡᠳᠪᠦᠷᠢ ᠵᠢᠨ ᠣᠷᠴᠢᠨ ᠲᠣᠭᠣᠷᠢᠨ᠎ᠤ ᠰᠠᠴᠤᠷᠠᠭ᠎ᠠᠴᠠ ᠰᠡᠷᠭᠡᠶ᠋ᠢᠯᠡᠨ ᠬᠠᠮᠠᠭ᠋ᠠᠯᠠᠬᠤ ᠲᠣᠭᠲᠠᠭ᠋ᠠᠯ》 (GB6249 –2025)᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠪᠣᠯᠤᠨ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠬᠠᠮᠲᠤᠷᠠᠨ 《ᠴᠥᠮ᠎ᠡ ᠵᠢᠨ ᠬᠥᠳᠡᠯᠭᠡᠬᠦ ᠬᠦᠴᠦᠨ᠎ᠤ ᠦᠢᠯᠡᠳᠪᠦᠷᠢ ᠵᠢᠨ ᠣᠷᠴᠢᠨ ᠲᠣᠭᠣᠷᠢᠨ᠎ᠤ ᠰᠠᠴᠤᠷᠠᠭ᠎ᠠᠴᠠ ᠰᠡᠷᠭᠡᠶ᠋ᠢᠯᠡᠨ ᠬᠠᠮᠠᠭ᠋ᠠᠯᠠᠬᠤ ᠲᠣᠭᠲᠠᠭ᠋ᠠᠯ》 (GB6249 — 2025) (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠶ᠋ᠢᠲᠡᠯᠡᠨ ᠬᠡᠷᠡᠭᠵᠢᠭᠦᠯᠪᠡ᠂ 《ᠲᠣᠭᠲᠠᠭ᠋ᠠᠯ》 ᠪᠣᠯ 2011 ᠣᠨ᠎ᠳᠤ ᠵᠠᠰᠠᠪᠤᠷᠢ ᠣᠷᠣᠭᠤᠯᠵᠤ ᠨᠡᠶ᠋ᠢᠲᠡᠯᠡᠭᠰᠡᠨ 《ᠴᠥᠮ᠎ᠡ ᠵᠢᠨ ᠬᠥᠳᠡᠯᠭᠡᠬᠦ ᠬᠦᠴᠦᠨ᠎ᠤ ᠦᠢᠯᠡᠳᠪᠦᠷᠢ ᠵᠢᠨ ᠣᠷᠴᠢᠨ ᠲᠣᠭᠣᠷᠢᠨ᠎ᠤ ᠰᠠᠴᠤᠷᠠᠭ᠎ᠠᠴᠠ ᠰᠡᠷᠭᠡᠶ᠋ᠢᠯᠡᠨ ᠬᠠᠮᠠᠭ᠋ᠠᠯᠠᠬᠤ ᠲᠣᠭᠲᠠᠭ᠋ᠠᠯ》 (GB6249 — 2011)᠎ᠳᠤ ᠳᠠᠬᠢᠨᠲᠠ ᠵᠠᠰᠠᠪᠤᠷᠢ ᠣᠷᠣᠭᠤᠯᠤᠭᠰᠠᠨ ᠶᠠᠪᠤᠳᠠᠯ ᠪᠣᠯᠤᠨ᠎ᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠴᠥᠮ᠎ᠡ ᠵᠢᠨ ᠴᠠᠬᠢᠯᠭ᠋ᠠᠨ᠎ᠤ ᠠᠶᠤᠯᠭᠦᠶ ᠵᠢᠨ ᠬᠢᠨᠠᠯᠲᠠ ᠬᠠᠮᠢᠶᠠᠷᠤᠯᠲᠠ ᠵᠢᠨ ᠵᠤᠷᠭ᠋ᠠᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ 《ᠲᠣᠭᠲᠠᠭ᠋ᠠᠯ》᠎ᠳᠤ ᠵᠠᠰᠠᠪᠤᠷᠢ ᠣᠷᠣᠭᠤᠯᠤᠭᠰᠠᠨ ᠠᠬᠤᠶ ᠪᠠᠶ᠋ᠢᠳᠠᠯ᠂ ᠦᠨᠳᠦᠰᠦᠨ ᠵᠠᠷᠴᠢᠮ᠂ ᠭᠣᠥᠯ ᠠᠭᠤᠯᠭ᠎ᠠ ᠵᠡᠷᠭᠡ ᠵᠢᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃