1. 2025 ᠣᠨ᠎ᠤ 6·5 ᠤ ᠣᠷᠴᠢᠨ ᠲᠣᠭᠤᠷᠢᠨ᠎ᠤ ᠡᠳᠦᠷ᠎ᠤᠨ ᠤᠯᠤᠰ᠎ᠤᠨ ᠭᠤᠣᠯ ᠲᠠᠯᠠᠪᠠᠢ᠎ᠶ᠋ᠢᠨ ᠠᠵᠢᠯᠯᠠᠭ᠎ᠠ ᠴᠦᠩᠴᠢᠩ᠎ᠳᠤ ᠶᠠᠪᠤᠭ᠍ᠳᠠᠪᠠ
6 ᠰᠠᠷ᠎ᠠ᠎ᠶ᠋ᠢᠨ 5 ᠤ ᠡᠳᠦᠷ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠂ ᠲᠥᠪ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠂ ᠴᠦᠩᠴᠢᠩ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠴᠦᠩᠴᠢᠩ᠎ᠳᠤ ᠬᠠᠮᠲᠤᠷᠠᠨ 2025 ᠣᠨ᠎ᠤ 6 ᠰᠠᠷ᠎ᠠ᠎ᠶ᠋ᠢᠨ 5 ᠤ ᠣᠷᠴᠢᠨ ᠲᠣᠭᠤᠷᠢᠨ᠎ᠤ ᠡᠳᠦᠷ᠎ᠤᠨ ᠤᠯᠤᠰ᠎ᠤᠨ ᠭᠤᠣᠯ ᠲᠠᠯᠠᠪᠤᠷ᠎ᠤᠨ ᠠᠵᠢᠯᠯᠠᠭ᠎ᠠ ᠶᠠᠪᠤᠭ᠍ᠳᠠᠭᠤᠯᠪᠠ᠃ ᠴᠦᠩᠴᠢᠩ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠶᠤᠸᠠᠨ ᠵᠢᠶᠠ ᠵᠢᠶᠦ᠋ᠨ ᠠᠵᠢᠯᠯᠠᠭ᠎ᠠ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠠᠵᠢᠯᠯᠠᠭ᠎ᠠ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠴᠦᠩᠴᠢᠩ ᠬᠤᠳᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠳᠠ᠎ᠶ᠋ᠢᠨ ᠳᠠᠷᠤᠭ᠎ᠠ ᠬᠧ ᠾᠧᠩ ᠬᠤᠸᠠ ᠠᠵᠢᠯᠯᠠᠭ᠎ᠠ᠎ᠳᠤ ᠣᠷᠣᠯᠴᠠᠪᠠ᠃ ᠲᠥᠪ᠎ᠤᠨ ᠤᠬᠠᠭᠤᠯᠬᠤ ᠬᠡᠯᠲᠡᠰ᠎ᠤᠨ ᠶᠠᠮᠤᠨ᠎ᠤ ᠶᠠᠪᠤᠳᠠᠯ᠎ᠤᠨ ᠬᠤᠷᠠᠯ᠎ᠤᠨ ᠪᠦᠷᠢᠯᠳᠦᠬᠦᠨ᠂ ᠲᠥᠪ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠎ᠤᠨ ᠲᠤᠰᠭᠠᠢ ᠲᠤᠱᠢᠶᠠᠯᠲᠤ ᠳᠡᠳ᠋ ᠡᠷᠬᠢᠯᠡᠭ᠌ᠴᠢ ᠬᠧ ᠺᠠᠢ ᠬᠤᠩ ᠠᠵᠢᠯᠯᠠᠭ᠎ᠠ᠎ᠳᠤ ᠣᠷᠣᠯᠴᠠᠭ᠍ᠰᠠᠨ ᠪᠥᠭᠡᠳ ᠪᠠᠶᠠᠷ᠎ᠤᠨ ᠦᠭᠡ ᠬᠡᠯᠡᠵᠡᠢ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠳᠡᠳ᠋ ᠰᠠᠢᠳ ᠭᠦᠸᠧ ᠹᠠᠩ ᠠᠵᠢᠯᠯᠠᠭ᠎ᠠ᠎ᠶ᠋ᠢ ᠡᠷᠬᠢᠯᠡᠪᠡ᠃
2. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ 《ᠦᠨᠡᠨ》 ᠰᠡᠳᠬᠦᠯ᠎ᠳᠤ 《ᠲᠦᠮᠡᠨ ᠪᠣᠳᠠᠰ ᠬᠠᠮᠲᠤ ᠣᠷᠣᠱᠢᠵᠤ ᠡᠶᠡᠯᠳᠡᠭ ᠰᠠᠢᠬᠠᠨ ᠥᠨᠢᠳᠡ ᠦᠷᠬᠦᠯᠵᠢᠯᠡᠨ᠎ᠡ》 ᠭᠡᠰᠡᠨ ᠨᠡᠷ᠎ᠡ ᠬᠠᠳᠠᠭ᠍ᠰᠠᠨ ᠵᠣᠬᠢᠶᠠᠯ ᠨᠡᠢᠲᠡᠯᠡᠪᠡ
ᠬᠠᠮᠤᠭ᠎ᠤᠨ ᠡᠷᠲᠡ 《ᠨᠡᠢᠲᠡ᠎ᠶ᠋ᠢᠨ ᠭᠡᠷ᠎ᠡ》 ᠳᠤ ᠭᠠᠷᠤᠨ ᠥᠰᠥᠭ ᠵᠢᠷᠤᠭ᠍ᠰᠠᠨ ᠪᠠ ᠵᠥᠪᠱᠢᠶᠡᠷᠡᠭ᠌ᠰᠡᠨ ᠭᠡᠷᠡᠲᠦ ᠲᠠᠯ᠎ᠠ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ 《ᠨᠡᠢᠲᠡ᠎ᠶ᠋ᠢᠨ ᠭᠡᠷ᠎ᠡ》 ᠶ᠋ᠢᠨ ᠲᠡᠥᠬᠡᠲᠦ ᠴᠢᠨᠠᠷᠲᠠᠶ ᠦᠷ᠎ᠡ ᠪᠦᠲᠦᠭᠡᠯ ᠤᠯᠬᠤ᠎ᠶ᠋ᠢ ᠬᠥᠲᠥᠯᠦᠨ ᠳᠠᠭᠠᠭᠤᠯᠵᠤ ᠳᠥᠯᠭᠢᠨ ᠠᠬᠢᠭᠤᠯᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ᠎ᠳᠤ ᠳᠤᠮᠳᠠᠳᠤ ᠤᠯᠤᠰ᠎ᠤᠨ ᠲᠥᠰᠦᠯ᠎ᠢ ᠬᠠᠩᠭᠠᠨ ᠥᠭ᠌ᠴᠦ᠂ ᠪᠥᠬᠦ᠌ ᠪᠥᠮᠪᠥᠷᠴᠡᠭ᠎ᠤᠨ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠠᠬᠢᠭᠤᠯᠤᠨ ᠲᠡᠭᠦᠯᠳᠡᠷᠵᠢᠭᠦᠯᠵᠦ᠍᠂ ᠪᠥᠬᠦ᠌ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ᠎ᠶ᠋ᠢᠨ ᠴᠢᠬᠤᠯᠠ ᠣᠷᠣᠯᠴᠠᠭ᠍ᠴᠢ᠂ ᠬᠤᠪᠢ ᠨᠡᠮᠡᠷᠢ ᠦᠵᠡᠭᠦᠯᠦᠭ᠌ᠴᠢ᠂ ᠳᠠᠭᠠᠭᠤᠯᠤᠭ᠍ᠴᠢ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃
3. 2025 ᠣᠨ᠎ᠤ ᠳᠤᠮᠳᠠᠳᠤ ᠤᠯᠤᠰ᠎ᠤᠨ ᠠᠮᠢ ᠠᠬᠤᠶ᠎ᠶ᠋ᠢᠨ ᠰᠣᠶᠣᠯ᠎ᠤᠨ ᠶᠠᠷᠢᠶᠠᠨ᠎ᠤ ᠲᠠᠪᠴᠠᠩ ᠴᠦᠩᠴᠢᠩ᠎ᠳᠤ ᠬᠤᠷᠠᠯᠳᠤᠪᠠ
ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ 6 ᠰᠠᠷ᠎ᠠ᠎ᠶ᠋ᠢᠨ 4 ᠤ ᠡᠳᠦᠷ᠂ ᠠᠮᠢ ᠠᠬᠤᠢ ᠣᠷᠴᠢᠨ ᠲᠣᠭᠤᠷᠢᠨ᠎ᠤ ᠶᠠᠮᠤᠨ ᠴᠦᠩᠴᠢᠩ᠎ᠳᠤ 2025 ᠣᠨ᠎ᠤ ᠳᠤᠮᠳᠠᠳᠤ ᠤᠯᠤᠰ᠎ᠤᠨ ᠠᠮᠢ ᠠᠬᠤᠢ᠎ᠶ᠋ᠢᠨ ᠰᠣᠶᠣᠯ᠎ᠤᠨ ᠶᠠᠷᠢᠶᠠᠨ᠎ᠤ ᠲᠠᠪᠴᠠᠩ᠎ᠢ ᠡᠷᠬᠢᠯᠡᠪᠡ᠃ ᠶᠠᠷᠢᠶᠠᠨ᠎ᠤ ᠲᠠᠪᠴᠠᠩ᠎ᠨᠢ 《ᠠᠮᠢ ᠠᠬᠤᠢ᠎ᠶ᠋ᠢᠨ ᠰᠣᠶᠣᠯ᠎ᠢ ᠪᠠᠳᠠᠷᠠᠭᠤᠯᠵᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠬᠠᠮᠳᠤ᠎ᠪᠠᠷ ᠪᠦᠳᠦᠬᠡᠨ ᠪᠠᠢᠭᠤᠯᠬᠤ》 ᠪᠠᠷ ᠭᠤᠣᠯ ᠰᠡᠳᠦᠪ ᠪᠣᠯᠭᠠᠵᠤ᠂ ᠠᠮᠢ ᠠᠬᠤᠢ᠎ᠶ᠋ᠢᠨ ᠰᠣᠶᠣᠯ᠎ᠢ ᠰᠤᠳᠤᠯᠤᠨ ᠵᠠᠯᠭᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ᠌ ᠪᠠ ᠬᠤᠪᠢᠷᠠᠭᠤᠯᠤᠨ ᠠᠱᠢᠭ᠍ᠯᠠᠬᠤ᠎ᠶ᠋ᠢᠨ ᠲᠣᠭᠤᠷᠢᠨ᠎ᠳᠤ᠂ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠦ᠍᠂ ᠠᠮᠢ ᠠᠬᠤᠢ᠎ᠶ᠋ᠢᠨ ᠰᠣᠶᠣᠯ᠎ᠤᠨ ᠤᠨᠤᠯ᠎ᠤᠨ ᠰᠤᠳᠤᠯᠭᠠᠨ ᠪᠠ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠬᠤᠪᠢᠶᠠᠯᠴᠠᠪᠠ᠃
4. ᠠᠮᠢ ᠠᠬᠤᠶ ᠣᠷᠴᠢᠨ ᠲᠣᠭᠤᠷᠢᠨ᠎ᠤ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ 《ᠠᠮᠢ ᠠᠬᠤᠶ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠵᠢᠯᠣᠭᠤᠳᠭᠤ ᠰᠠᠨᠠᠯ》 ᠢ ᠳᠠᠷᠤᠮᠠᠯᠯᠠᠨ ᠲᠠᠷᠬᠠᠭᠠᠪᠠ
ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠴᠢᠨᠠᠭ᠍ᠰᠢᠳᠠ ᠴᠢᠩᠭᠠᠳᠭᠠᠬᠤ᠎ᠶ᠋ᠢᠨ ᠲᠥᠯᠥᠭᠡ᠂ ᠤᠢ᠍ᠢᠷ᠎ᠠ᠎ᠳᠤ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠳᠤᠮᠳᠠᠳᠤ ᠤᠯᠤᠰ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ ᠵᠡᠷᠭᠡ ᠲᠦᠷᠪᠡᠨ ᠰᠠᠯᠠᠭ᠎ᠠ ᠮᠥᠴᠢᠷ ᠬᠠᠮᠲᠤᠷᠠᠨ 《ᠠᠮᠢ ᠠᠬᠤᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠴᠢᠨᠠᠭ᠍ᠰᠢᠳᠠ ᠴᠢᠩᠭᠠᠳᠭᠠᠬᠤ ᠲᠤᠬᠠᠢ ᠵᠢᠯᠣᠭᠤᠳᠭᠤ ᠰᠠᠨᠠᠯ》 ᠢ ᠳᠠᠷᠤᠮᠠᠯᠯᠠᠨ ᠲᠠᠷᠬᠠᠭᠠᠵᠠᠢ᠃