ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (7.6 — 7.12)
ᠨᠡᠶ᠋ᠢᠲᠡᠯᠡᠭᠰᠡᠨ ᠴᠠᠭ᠄ 2025-07-22

    1. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠪᠠ
    7 ᠰᠠᠷ᠎ᠠ᠎ᠶ᠋ᠢᠨ 7 ᠎ᠤ ᠡᠳᠦᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠦᠨ᠎ᠶ᠋ᠢᠨ ᠯᠦᠩ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ᠂ ᠴᠢᠬᠤᠯᠠ ᠪᠠᠶᠠᠷ᠎ᠤᠨ ᠵᠠᠬᠢᠳᠠᠯ᠂ ᠴᠢᠬᠤᠯᠠ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
    2. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠦᠨ᠎ᠶ᠋ᠢᠨ ᠯᠦᠩ ᠯᠢᠶᠣᠤᠨᠢᠩ ᠮᠤᠵᠢ᠎ᠳᠤ ᠬᠦᠷᠴᠦ᠍ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠪᠠᠢᠴᠠᠭᠠᠨ ᠰᠤᠳᠤᠯᠪᠠ
    7 ᠰᠠᠷ᠎ᠠ᠎ᠶ᠋ᠢᠨ 7 ᠎ᠤ ᠡᠳᠦᠷ᠎ᠠᠴᠠ 9 ᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠦᠨ᠎ᠶ᠋ᠢᠨ ᠯᠦᠩ ᠯᠢᠶᠣᠤᠨᠢᠩ ᠮᠤᠵᠢ᠎ᠶ᠋ᠢᠨ ᠵᠢᠨᠵᠧᠦ ᠬᠤᠳᠠ᠂ ᠮᠦᠭ᠌ᠳᠡᠨ ᠬᠤᠳᠠ᠎ᠳᠤ ᠬᠦᠷᠴᠦ᠍ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠪᠠᠢᠴᠠᠭᠠᠨ ᠰᠤᠳᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠶ᠋ᠢᠨ ᠬᠠᠮᠲᠤ ᠶᠠᠷᠢᠶ᠎ᠠ ᠲᠠᠯᠪᠢᠪᠠ᠃
    3. ᠠᠮᠢ ᠠᠬᠤᠶ ᠣᠷᠴᠢᠨ ᠲᠣᠭᠤᠷᠢᠨ᠎ᠤ ᠶᠠᠮᠤᠨ 2025 ᠣᠨ᠎ᠤ ᠦᠵᠡᠰᠭᠦᠯᠡᠩᠲᠦ ᠰᠠᠢᠬᠠᠨ ᠭᠤᠥᠯ ᠮᠥᠷᠡᠨ ᠨᠠᠭᠤᠷ ᠴᠥᠭᠦᠷᠥᠮ ᠵᠢᠴᠢ ᠦᠵᠡᠰᠭᠦᠯᠡᠩᠲᠦ ᠰᠠᠢᠬᠠᠨ ᠲᠡᠯᠡᠶ᠎ᠶ᠋ᠢᠨ ᠪᠤᠯᠤᠩ᠎ᠤᠨ ᠬᠠᠮᠠᠭᠠᠯᠠᠯᠲᠠ ᠪᠠ ᠪᠥᠲᠥᠭᠡᠨ ᠪᠠᠢᠭᠤᠯᠤᠯᠲᠠ᠎ᠶ᠋ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
    7 ᠰᠠᠷ᠎ᠠ᠎ᠶ᠋ᠢᠨ 8 ᠎ᠤ ᠡᠳᠦᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ ᠰᠧᠴᠤᠸᠠᠨ᠎ᠤ ᠴᠧᠩᠳᠦ᠍ᠳᠤ 2025 ᠣᠨ᠎ᠤ ᠦᠵᠡᠰᠭᠦᠯᠡᠩᠲᠦ ᠰᠠᠢᠬᠠᠨ ᠭᠤᠥᠯ ᠮᠥᠷᠡᠨ ᠨᠠᠭᠤᠷ ᠴᠥᠭᠦᠷᠥᠮ ᠵᠢᠴᠢ ᠦᠵᠡᠰᠭᠦᠯᠡᠩᠲᠦ ᠰᠠᠢᠬᠠᠨ ᠲᠡᠯᠡᠶ᠎ᠶ᠋ᠢᠨ ᠪᠤᠯᠤᠩ᠎ᠤᠨ ᠬᠠᠮᠠᠭᠠᠯᠠᠯᠲᠠ ᠪᠠ ᠪᠥᠲᠥᠭᠡᠨ ᠪᠠᠢᠭᠤᠯᠤᠯᠲᠠ᠎ᠶ᠋ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
    4. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠰᠧᠴᠤᠸᠠᠨ ᠮᠤᠵᠢ᠎ᠳᠤ ᠬᠦᠷᠴᠦ᠍ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠪᠠᠢᠴᠠᠭᠠᠨ ᠰᠤᠳᠤᠯᠪᠠ
    7 ᠰᠠᠷ᠎ᠠ᠎ᠶ᠋ᠢᠨ 7 ᠎ᠤ ᠡᠳᠦᠷ᠎ᠠᠴᠠ 10 ᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠰᠧᠴᠤᠸᠠᠨ ᠮᠤᠵᠢ᠎ᠶ᠋ᠢᠨ ᠴᠧᠩᠳᠦ᠍ ᠬᠤᠳᠠ᠂ ᠽᠢᠬᠦ᠋ᠩ ᠬᠤᠳᠠ᠂ ᠯᠦᠵᠸᠦ ᠬᠤᠳᠠ᠂ ᠢᠪᠢᠨ ᠬᠤᠳᠠ᠎ᠳᠤ ᠬᠦᠷᠴᠦ᠍ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠪᠠᠢᠴᠠᠭᠠᠨ ᠰᠤᠳᠤᠯᠵᠠᠢ᠃
    5. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠤᠨ ᠳᠠᠷᠤᠭ᠎ᠠ᠎ᠶ᠋ᠢᠨ ᠠᠭᠤᠷ ᠠᠮᠢᠰᠭᠤᠯ᠎ᠤᠨ ᠠᠵᠢᠯᠯᠠᠭ᠎ᠠ ᠪᠠ ᠲᠥᠪ ᠭᠤᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠲᠤᠰᠭᠠᠶ ᠵᠥᠪᠯᠡᠭ᠌ᠴᠢ᠂ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠲᠤᠰᠠᠯᠠᠭ᠍ᠴᠢ ᠨᠠᠷᠢᠨ ᠪᠢᠴᠢᠭ᠎ᠤᠨ ᠳᠠᠷᠤᠭ᠎ᠠ ᠰᠧᠷᠸᠧᠨ ᠬᠠᠲ᠎ᠲᠠᠢ ᠠᠭᠤᠯᠵᠠᠪᠠ
    7 ᠰᠠᠷ᠎ᠠ᠎ᠶ᠋ᠢᠨ 7 ᠎ᠤ ᠡᠳᠦᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠤ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠤᠨ ᠳᠠᠷᠤᠭ᠎ᠠ᠎ᠶ᠋ᠢᠨ ᠠᠭᠤᠷ ᠠᠮᠢᠰᠭᠤᠯ᠎ᠤᠨ ᠠᠵᠢᠯᠯᠠᠭ᠎ᠠ ᠪᠠ ᠲᠥᠪ ᠭᠤᠥᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠲᠤᠰᠭᠠᠶ ᠵᠥᠪᠯᠡᠭ᠌ᠴᠢ᠂ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠲᠤᠰᠠᠯᠠᠬᠤ ᠨᠠᠷᠢᠨ ᠪᠢᠴᠢᠭ᠎ᠤᠨ ᠳᠠᠷᠤᠭ᠎ᠠ ᠰᠧᠷᠸᠧᠨ ᠬᠠᠲ᠎ᠲᠠᠢ ᠠᠭᠤᠯᠵᠠᠪᠠ᠃ ᠬᠤᠶᠠᠷ ᠲᠠᠯ᠎ᠠ᠎ᠪᠠᠷ᠎ᠢᠶᠠᠨ ᠠᠭᠤᠷ ᠠᠮᠢᠰᠭᠤᠯ᠎ᠤᠨ ᠵᠠᠰᠠᠯᠲᠠ᠎ᠶ᠋ᠢᠨ ᠤᠯᠠᠨ ᠲᠠᠯ᠎ᠠ᠎ᠶ᠋ᠢᠨ ᠠᠬᠢᠴᠠ᠂ ᠱᠢᠨ᠎ᠡ ᠨᠢᠭᠡ ᠡᠭᠡᠯᠵᠢ᠎ᠶ᠋ᠢᠨ ᠤᠯᠤᠰ᠎ᠤᠨ ᠪᠡᠶ᠎ᠡ᠎ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ᠌ ᠵᠡᠷᠭᠡ ᠬᠠᠮᠳᠤ᠎ᠪᠠᠷ ᠠᠩᠬᠠᠷᠴᠤ᠌ ᠪᠠᠢᠭ᠎ᠠ ᠵᠥᠪᠯᠡᠬᠦ᠌ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃
    6. ᠠᠮᠢ ᠠᠬᠤᠶ ᠣᠷᠴᠢᠨ ᠲᠣᠭᠤᠷᠢᠨ᠎ᠤ ᠶᠠᠮᠤᠨ (ᠤᠯᠤᠰ᠎ᠤᠨ ᠴᠥᠮ᠎ᠡ᠎ᠶ᠋ᠢᠨ ᠠᠶᠤᠯᠭᠦᠶ᠎ᠶ᠋ᠢᠨ ᠲᠣᠪᠴᠢᠶ᠎ᠠ) ᠤᠯᠠᠷᠢᠯ᠎ᠤᠨ ᠴᠥᠮ᠎ᠡ᠎ᠶ᠋ᠢᠨ ᠠᠶᠤᠯᠭᠦᠶ᠎ᠶ᠋ᠢᠨ ᠪᠠᠢᠳᠠᠯ᠎ᠳᠤ ᠵᠠᠳᠠᠯᠤᠯᠲᠠ ᠬᠢᠬᠦ᠌ ᠠᠵᠢᠯᠯᠠᠭ᠎ᠠ ᠥᠷᠨᠢᠭᠦᠯᠪᠡ
    7 ᠰᠠᠷ᠎ᠠ᠎ᠶ᠋ᠢᠨ 3 ᠎ᠤ ᠡᠳᠦᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ (ᠤᠯᠤᠰ᠎ᠤᠨ ᠴᠥᠮ᠎ᠡ᠎ᠶ᠋ᠢᠨ ᠠᠶᠤᠯᠭᠦᠶ᠎ᠶ᠋ᠢᠨ ᠲᠣᠪᠴᠢᠶ᠎ᠠ) ᠪᠡᠭᠡᠵᠢᠩ᠎ᠳᠤ ᠤᠯᠠᠷᠢᠯ᠎ᠤᠨ ᠴᠥᠮ᠎ᠡ᠎ᠶ᠋ᠢᠨ ᠠᠶᠤᠯᠭᠦᠶ᠎ᠶ᠋ᠢᠨ ᠪᠠᠢᠳᠠᠯ᠎ᠳᠤ ᠵᠠᠳᠠᠯᠤᠯᠲᠠ ᠬᠢᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠪᠡ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠳᠡᠳ᠋ ᠰᠠᠢᠳ᠂ ᠤᠯᠤᠰ᠎ᠤᠨ ᠴᠥᠮ᠎ᠡ᠎ᠶ᠋ᠢᠨ ᠠᠮᠤᠷ ᠲᠦᠪᠱᠢᠨ᠎ᠤ ᠲᠣᠪᠴᠢᠶᠠᠨ᠎ᠤ ᠳᠠᠷᠤᠭ᠎ᠠ ᠳ᠋ᠦᠩ ᠪᠦᠦ ᠲᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号