ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠮᠣᠩᠭᠣᠯ ᠬᠡᠯᠡ ᠰᠣᠷᠣᠶ᠎ᠠ
ᠪᠣᠬᠢᠷᠳᠠᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠦᠵᠡᠰᠭᠦᠯᠡᠩᠲᠦ ᠰᠠᠢᠬᠠᠨ ᠳᠤᠮᠳᠠᠳᠤ ᠤᠯᠤᠰ ᠵᠠᠭᠤᠨ ᠬᠥᠮᠦᠨ᠎ᠤ ᠶᠠᠷᠢᠶᠠᠨ᠎ᠤ ᠲᠠᠪᠴᠠᠩ᠎ᠤᠨ 2025 ᠣᠨ᠎ᠤ ᠬᠤᠷᠠᠯ ᠱᠠᠨᠳᠦ᠋ᠩ᠎ᠳᠤ ᠶᠠᠪᠤᠭ᠍ᠳᠠᠪᠠ
ᠨᠡᠶ᠋ᠢᠲᠡᠯᠡᠭᠰᠡᠨ ᠴᠠᠭ᠄ 2025-07-15

    5 ᠰᠠᠷ᠎ᠠ᠎ᠶ᠋ᠢᠨ 24 ᠎ᠤ ᠡᠳᠦᠷ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠵᠠᠭᠤᠨ ᠬᠥᠮᠦᠨ᠎ᠤ ᠶᠠᠷᠢᠶᠠᠨ᠎ᠤ ᠲᠠᠪᠴᠠᠩ᠎ᠤᠨ 2025 ᠣᠨ᠎ᠤ ᠬᠤᠷᠠᠯ ᠱᠠᠨᠳᠦ᠋ᠩ ᠮᠤᠵᠢ᠎ᠶ᠋ᠢᠨ ᠴᠢᠩᠳᠣᠤ ᠬᠤᠳᠠ᠎ᠳᠤ ᠶᠠᠪᠤᠭ᠍ᠳᠠᠪᠠ᠃ ᠲᠣᠰ ᠤᠳᠠᠭᠠᠨ᠎ᠤ ᠣᠨ᠎ᠤ ᠬᠤᠷᠠᠯ᠎ᠤᠨ ᠭᠤᠥᠯ ᠰᠡᠳᠦᠪ᠎ᠨᠢ 《〈ᠠᠷᠪᠠᠨ ᠲᠠᠪᠤᠳᠤᠭᠠᠷ ᠲᠠᠪᠤᠨ ᠵᠢᠯ〉 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠬᠠᠮᠲᠤ᠎ᠪᠠᠷ ᠪᠥᠲᠥᠭᠡᠨ ᠪᠠᠢᠭᠤᠯᠬᠤ᠎ᠪᠠᠷ ᠰᠠᠨᠠᠯ ᠵᠥᠪᠯᠡᠯᠭᠡ ᠳᠤᠷᠠᠳᠭᠤ》 ᠪᠣᠯᠤᠨ᠎ᠠ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ᠂ ᠶᠠᠷᠢᠶᠠᠨ᠎ᠤ ᠲᠠᠪᠴᠠᠩ᠎ᠤᠨ ᠲᠡᠷᠢᠭᠦᠯᠡᠭ᠌ᠴᠢ ᠬᠤᠸᠠᠩ ᠷᠦᠨ ᠴᠢᠦ ᠣᠨ᠎ᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠱᠠᠨᠳᠦ᠋ᠩ ᠮᠤᠵᠢ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠮᠤᠵᠢ᠎ᠶ᠋ᠢᠨ ᠳᠠᠷᠤᠭ᠎ᠠ ᠵᠧᠸ᠋ ᠨᠠᠶ ᠱᠢᠶᠠᠩ ᠣᠨ᠎ᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠶ᠃ ᠶᠠᠷᠢᠶᠠᠨ᠎ᠤ ᠲᠠᠪᠴᠠᠩ᠎ᠤᠨ ᠳᠡᠳ᠋ ᠲᠡᠷᠢᠭᠦᠯᠡᠭ᠌ᠴᠢ᠂ ᠳᠤᠮᠳᠠᠳᠤ ᠤᠯᠤᠰ᠎ᠤᠨ ᠣᠷᠴᠢᠨ ᠲᠣᠭᠤᠷᠢᠨ᠎ᠤ ᠱᠢᠨᠵᠢᠯᠡᠬᠦ᠌ ᠤᠬᠠᠭᠠᠨ᠎ᠤ ᠨᠡᠢᠭᠡᠮᠯᠢᠭ᠎ᠤᠨ ᠬᠡᠷᠡᠭ ᠡᠷᠬᠢᠯᠡᠭ᠌ᠴᠢᠳ᠎ᠤᠨ ᠳᠠᠷᠤᠭ᠎ᠠ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠸᠠᠩ᠎ᠶ᠋ᠢᠨ ᠨᠠᠨ ᠶᠠᠷᠢᠶᠠᠨ᠎ᠤ ᠲᠠᠪᠴᠠᠩ᠎ᠤᠨ ᠡᠬᠢᠯᠡᠯᠳᠡ᠎ᠶ᠋ᠢᠨ ᠶᠣᠰᠣᠯᠠᠯ᠎ᠢ ᠡᠷᠬᠢᠯᠡᠪᠡ᠃
    ᠬᠤᠸᠠᠩ ᠷᠦᠨ ᠴᠢᠦ ᠪᠠᠶᠠᠷ᠎ᠤᠨ ᠦᠭᠡ᠎ᠳᠡᠭᠡᠨ᠂ ᠶᠡᠷᠦᠩᠬᠡᠢ ᠱᠦᠵᠢ ᠰᠢ᠎ᠶ᠋ᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌ ᠲᠤᠬᠠᠢ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭ᠌ᠴᠦ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠎ᠳᠤ ᠴᠢᠭ᠌ᠯᠡᠯ᠎ᠤᠨ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ ᠪᠦᠬᠦ᠌ ᠲᠠᠯ᠎ᠠ᠎ᠪᠠᠷ ᠥᠷᠨᠢᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢ᠎ᠶ᠋ᠢ ᠬᠤᠪᠢᠷᠠᠭᠤᠯᠬᠤ ᠠᠯᠬᠤᠴᠠ ᠲᠦᠷᠭᠡᠳᠴᠦ᠍᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠠᠵᠢᠯ ᠯᠠᠪᠳᠠᠭᠤᠨ᠎ᠢᠶᠠᠷ ᠠᠬᠢᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ ᠤᠯᠠᠮ ᠴᠢᠨᠠᠭ᠍ᠰᠢᠳᠠ ᠭᠦᠨᠵᠡᠭᠡᠢᠷᠡᠵᠦ᠍᠂ ᠠᠷᠠᠳ ᠤᠯᠠᠨ᠎ᠤ ᠠᠮᠢ ᠠᠬᠤᠢ ᠣᠷᠴᠢᠨ ᠲᠣᠭᠤᠷᠢᠨ᠎ᠤ ᠬᠦᠷᠲᠡᠮᠵᠢ᠎ᠶ᠋ᠢᠨ ᠲᠦᠷᠦᠭ᠌ᠳᠡᠯ ᠲᠠᠰᠤᠷᠠᠯᠳᠡ ᠦᠭᠡᠢ ᠨᠡᠮᠡᠭ᠌ᠳᠡᠵᠡᠢ᠃ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠠᠮᠢ ᠠᠬᠤᠶ ᠣᠷᠴᠢᠨ ᠲᠣᠭᠤᠷᠢᠨ᠎ᠢ ᠦᠨᠳᠦᠰᠦᠨ᠎ᠠᠴᠠ᠎ᠨᠢ ᠰᠠᠢᠵᠢᠷᠠᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠡᠷᠡᠰ ᠪᠠᠲᠤ ᠦᠢᠯᠡᠳᠦᠯᠭᠡᠵᠢᠭᠦᠯᠵᠦ᠍᠂ 《ᠨᠠᠷᠢᠯᠢᠭ ᠣᠨᠣᠴᠠᠲᠠᠶ᠎ᠪᠠᠷ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ》 ᠠᠵᠢᠯ᠎ᠤᠨ ᠴᠢᠭ᠌ᠯᠡᠯᠲᠡ᠎ᠶ᠋ᠢ ᠪᠠᠷᠢᠮᠲᠠᠯᠠᠵᠤ᠂ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠳᠥᠯᠭᠢᠨ ᠠᠬᠢᠭᠤᠯᠬᠤ》 ᠠᠵᠢᠯ᠎ᠤᠨ ᠭᠤᠣᠯ ᠱᠤᠭᠤᠮ᠎ᠢ ᠳᠣᠪᠤᠢᠯᠭᠠᠵᠤ᠂ 《ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠢᠵᠢᠷᠠᠭᠤᠯᠬᠤ᠎ᠪᠠᠷ ᠭᠤᠣᠯ ᠪᠣᠯᠭᠠᠬᠤ》 ᠠᠵᠢᠯ᠎ᠤᠨ ᠤᠳᠤᠷᠢᠳᠤᠮᠵᠢ᠎ᠶ᠋ᠢ ᠴᠢᠩᠭᠠᠳᠭᠠᠵᠤ᠂ 《ᠶᠡᠷᠦᠩᠬᠡᠢᠯᠡᠨ ᠵᠠᠰᠠᠬᠤ᠂ ᠱᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠨᠡᠩ ᠴᠢᠬᠤᠯᠠᠴᠢᠯᠠᠬᠤ》 ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠤᠱᠢᠭᠤᠴᠢ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠣᠬᠢᠷᠲᠤᠯ᠎ᠢ ᠪᠠᠭᠠᠰᠭᠠᠨ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠲᠠᠢ ᠬᠠᠮᠵᠢᠯᠴᠠᠨ᠂ ᠪᠣᠬᠢᠷᠲᠤᠯ ᠦᠭᠡᠶ ᠦᠢᠯᠡᠳᠪᠦᠷᠢᠯᠡᠯ᠎ᠤᠨ ᠬᠦᠴᠦᠨ᠎ᠢ ᠪᠤᠢᠵᠢᠭᠤᠯᠤᠨ ᠪᠤᠵᠠᠭᠠᠢᠷᠠᠭᠤᠯᠵᠤ᠂ ᠦᠷᠭᠦᠯᠵᠢᠯᠡᠨ ᠭᠦᠨᠵᠡᠭᠡᠢ ᠪᠣᠭᠤᠮᠲᠠ ᠱᠢᠪᠲᠤᠯᠵᠤ᠂ ᠨᠡᠩ ᠥᠨᠳᠥᠷ ᠪᠠᠷᠢᠮᠵᠢᠶ᠎ᠠ᠎ᠪᠠᠷ ᠬᠦᠬᠡ ᠣᠭ᠍ᠲᠠᠷᠭᠤᠢ ᠬᠥᠬᠡᠮᠳᠦᠭ ᠤᠰᠤ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠨᠢᠭᠡᠳᠦᠯᠲᠡᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠠᠮᠢ ᠠᠬᠤᠢ᠎ᠶ᠋ᠢ ᠬᠠᠮᠠᠭᠠᠯᠠᠵᠤ ᠰᠡᠷᠭᠦᠭᠡᠬᠦ᠌᠎ᠶ᠋ᠢ ᠱᠢᠰᠲ᠋ᠧᠮ᠎ᠲᠠᠢ ᠠᠬᠢᠭᠤᠯᠵᠤ᠂ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠪᠠᠳᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ᠎ᠢ ᠪᠦᠬᠦ᠌ ᠲᠠᠯ᠎ᠠ᠎ᠪᠠᠷ ᠰᠠᠢᠵᠢᠷᠠᠭᠤᠯᠬᠤ᠎ᠶ᠋ᠢ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ ᠱᠢᠨ᠎ᠡ ᠪᠡᠯᠭᠡ ᠳᠡᠮᠳᠡᠭ᠎ᠤᠨ ᠴᠢᠨᠠᠷᠲᠠᠢ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ ᠭᠡᠵᠡᠢ᠃
    ᠲᠤᠰ ᠤᠳᠠᠭ᠎ᠠ᠎ᠶ᠋ᠢᠨ ᠣᠨ᠎ᠤ ᠬᠤᠷᠠᠯ᠎ᠳᠤ ᠭᠤᠣᠯ ᠵᠣᠷᠢᠯᠲᠠ᠎ᠶ᠋ᠢᠨ ᠮᠡᠳᠡᠭᠦᠯᠦᠯᠲᠡ᠂ ᠲᠤᠰᠭᠠᠢ ᠰᠡᠳᠦᠪᠲᠦ ᠮᠡᠳᠡᠭᠦᠯᠦᠯᠲᠡ᠂ ᠰᠣᠯᠢᠯᠴᠠᠭ᠎ᠠ ᠶᠠᠷᠢᠯᠴᠠᠭ᠎ᠠ ᠵᠡᠷᠭᠡ ᠭᠤᠭ᠍ᠴᠤᠭ᠎ᠠ᠎ᠶ᠋ᠢ ᠲᠤᠬᠢᠷᠠᠭᠤᠯᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠤ ᠠᠬᠤᠶ᠎ᠶ᠋ᠢᠨ ᠵᠥᠪᠯᠡᠯ᠎ᠤᠨ ᠳᠡᠳ᠋ ᠡᠷᠬᠢᠯᠡᠭ᠌ᠴᠢ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠎ᠤᠨ ᠤᠥᠯ᠎ᠤᠨ ᠳᠡᠳ᠋ ᠡᠷᠬᠢᠯᠡᠭ᠌ᠴᠢ ᠯᠢᠦ ᠱ᠌ᠢ᠎ᠶ᠋ᠢᠨ᠂ ᠴᠢᠩᠬᠤᠸᠠ ᠶᠡᠭᠡ ᠰᠤᠷᠭᠠᠭᠤᠯᠢ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠪᠠ ᠰᠤᠳᠤᠯᠭᠠᠨ᠎ᠤ ᠬᠦᠷᠢᠶᠡᠯᠡᠩ᠎ᠤᠨ ᠳᠠᠷᠤᠭ᠎ᠠ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠾᠧ ᠺᠧ ᠪᠢᠨ ᠲᠣᠰ ᠲᠣᠰ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ ᠬᠢᠭᠡᠳ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠪᠠᠢᠳᠠᠯ᠎ᠤᠨ ᠲᠣᠭᠤᠷᠢᠨ᠎ᠳᠤ ᠭᠤᠥᠯ ᠵᠣᠷᠢᠯᠲᠠ᠎ᠶ᠋ᠢᠨ ᠮᠡᠳᠡᠬᠦᠯᠦᠯᠳᠡ ᠬᠢᠪᠡ᠃ ᠣᠨ᠎ᠤ ᠬᠤᠷᠠᠯ᠎ᠳᠤ ᠣᠷᠣᠯᠴᠠᠭ᠍ᠰᠠᠨ ᠬᠤᠶᠠᠷ ᠬᠦᠷᠢᠶᠡᠯᠡᠩ᠎ᠤᠨ ᠠᠺᠠᠳᠧᠮᠢᠴᠢ᠂ ᠲᠤᠰᠭᠠᠢ ᠮᠡᠷᠭᠡᠵᠢᠯᠲᠡᠨ ᠡᠷᠳᠡᠮᠲᠡᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠵᠤ ᠠᠬᠤᠢᠯᠠᠯ ᠪᠣᠯᠤᠨ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃ ᠣᠨ᠎ᠤ ᠬᠤᠷᠠᠯ᠎ᠳᠤ ᠪᠠᠰᠠ 《ᠦᠵᠡᠰᠭᠦᠯᠡᠩᠲᠦ ᠰᠠᠢᠬᠠᠨ ᠳᠤᠮᠳᠠᠳᠤ ᠤᠯᠤᠰ ᠢᠳᠡᠪᠬᠢᠯᠡᠵᠦ᠍ ᠪᠣᠢ》 ᠭᠡᠬᠦ᠌ ᠣᠨ᠎ᠤ ᠮᠡᠳᠡᠭᠦᠯᠦᠯᠲᠡ ᠵᠡᠷᠭᠡ ᠰᠤᠳᠤᠯᠭᠠᠨ᠎ᠤ ᠦᠷ᠎ᠡ ᠪᠦᠲᠦᠭᠡᠯ᠎ᠢ ᠨᠡᠢᠲᠡᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号